2023 ᠣᠨ ᠤ ᠠᠵᠢᠯ ᠤᠨ ᠡᠷᠭᠢᠴᠡᠭᠦᠯᠦᠯ | ᠥᠩᠭᠡᠷᠡᠭᠰᠡᠨ ᠨᠢᠭᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠭᠢᠯᠡᠯᠲᠡ ᠶᠢᠨ ᠵᠢᠯ ᠮᠥᠨ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠬᠠᠤᠯᠢ | ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠠᠩᠬᠠᠳᠠᠭᠴᠢ ᠵᠢᠯ ᠮᠥᠨ᠃ ᠲᠤᠶᠢᠯ ᠤᠨ ᠲᠦᠪᠡᠭ | ᠪᠤᠳᠤᠯᠢᠶᠠᠨᠲᠠᠢ ᠣᠯᠠᠨ ᠤᠯᠤᠰ ᠤᠨ ᠣᠷᠴᠢᠨ ᠨᠥᠬᠦᠴᠡᠯ ᠪᠠ ᠤᠯᠤᠰ ᠤᠨ ᠳᠣᠲᠣᠭᠠᠳᠤ ᠶᠢᠨ ᠥᠭᠡᠷᠡᠴᠢᠯᠡᠯᠲᠡ ᠬᠢᠬᠦ | ᠬᠥᠭᠵᠢᠭᠦᠯᠬᠦ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠤᠯᠤᠰ ᠤᠨ ᠦᠨᠳᠦᠰᠦᠲᠡᠨ ᠨᠦᠭᠦᠳ ᠤᠨ | ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠭᠠᠳᠠᠭᠠᠳᠤ ᠳᠠᠷᠤᠯᠲᠠ ᠶᠢ ᠲᠤᠯᠵᠤ᠂ ᠳᠣᠲᠣᠭᠠᠳᠤ ᠪᠡᠷᠬᠡᠰᠢᠶᠡᠯ ᠢ | ᠢᠯᠠᠨ ᠳᠠᠪᠠᠵᠤ᠂ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠭᠠᠷᠭᠠᠪᠠ᠃ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠯᠠᠪᠳᠠᠭᠤᠨ ᠲᠣᠭᠲᠠᠭᠤᠨ ᠢᠶᠠᠷ ᠱᠠᠲᠤ ᠰᠢᠯᠵᠢᠵᠦ᠂ | ᠴᠢᠬᠤᠯᠠ ᠶᠡᠭᠡ ᠰᠢᠢᠳᠪᠦᠷᠢᠯᠡᠭᠴᠢ ᠴᠢᠨᠠᠷᠲᠠᠢ ᠢᠯᠠᠯᠲᠠ ᠣᠯᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠪᠤᠯᠬᠤ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ | ᠪᠠᠲᠤᠯᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠠᠵᠢᠯ | ᠯᠠᠪᠳᠠᠭᠤᠨ ᠪᠠᠲᠤᠲᠠᠢ ᠠᠯᠬᠤᠮ ᠢ ᠠᠯᠬᠤᠪᠠ᠃ | | | | ᠠᠵᠤ ᠠᠬᠤᠢ ᠶᠡᠷᠦᠩᠬᠡᠢ ᠳᠡᠭᠡᠨ ᠰᠡᠷᠭᠦᠨ ᠰᠠᠶᠢᠵᠢᠷᠠᠪᠠ | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 126 ᠲᠦᠮᠡᠨ ᠳ᠋ᠦᠩᠰᠢᠭᠤᠷ | ᠲᠥᠭᠦᠷᠢᠭ ᠲᠤ ᠬᠦᠷᠴᠦ᠂ 5.2% ᠢᠶᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠯᠡᠬᠡᠢ ᠶᠢᠨ ᠭᠤᠣᠯ ᠪᠤᠯᠬᠤ | ᠠᠵᠤ ᠠᠬᠤᠢ ᠶᠢᠨ ᠴᠣᠭᠴᠠ ᠶᠢᠨ ᠡᠮᠦᠨ᠎ᠡ ᠡᠩᠨᠡᠭᠡᠨ ᠳᠤ ᠣᠷᠣᠪᠠ | ᠬᠤᠲᠠ ᠪᠠᠯᠭᠠᠰᠤᠨ ᠳᠤ ᠠᠵᠢᠯ ᠣᠯᠣᠭᠰᠠᠨ ᠬᠥᠮᠥᠨ 1244 ᠲᠦᠮᠡ ᠰᠢᠨ᠎ᠡ ᠪᠠᠷ ᠨᠡᠮᠡᠭᠳᠡᠪᠡ | ᠬᠤᠲᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠣᠷᠮ᠎ᠠ ᠳᠤᠮᠳᠠᠴᠢ ᠪᠠᠷ 5.2% ᠪᠣᠯᠪᠠ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ 0.2% ᠢᠶᠠᠷ ᠥᠰᠪᠡ | ᠤᠯᠠᠨ ᠤᠯᠤᠰ ᠤᠨ ᠣᠷᠣᠯᠭ᠎ᠠ ᠵᠠᠷᠤᠯᠭ᠎ᠠ ᠦᠨᠳᠦᠰᠦᠨ ᠳᠡᠭᠡᠨ ᠲᠡᠩᠴᠡᠭᠦᠷᠢᠲᠡᠢ ᠪᠣᠯᠪᠠ᠃ | | | | ᠠᠮᠤᠷ ᠲᠦᠪᠰᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠪᠡ | ᠠᠮᠤ ᠪᠤᠳᠠᠭᠠᠨ ᠤ ᠤᠨᠠᠯᠳᠠ 1.39 ᠲᠦᠮᠡᠨ ᠳ᠋ᠦᠩᠰᠢᠭᠤᠷ ᠵᠢᠩ ᠳᠤ ᠬᠦᠷᠴᠦ᠂ ᠲᠡᠦᠬᠡ ᠶᠢᠨ ᠰᠢᠨ᠎ᠡ | ᠲᠡᠮᠳᠡᠭᠯᠡᠯ ᠢ ᠳᠠᠬᠢᠨᠲᠠ ᠡᠭᠦᠳᠪᠡ | ᠡᠨᠧᠷᠭᠢ ᠶᠢᠨ ᠡᠬᠢ ᠪᠠᠶᠠᠯᠢᠭ ᠤᠨ ᠬᠠᠩᠭᠠᠯᠭ᠎ᠠ ᠲᠣᠭᠲᠠᠭᠤᠨ ᠪᠣᠯᠪᠠ | ᠴᠢᠬᠤᠯᠠ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠪᠡᠶ᠎ᠡ ᠪᠠᠨ ᠳᠠᠭᠠᠭᠠᠵᠤ ᠡᠵᠡᠮᠳᠡᠬᠦ | ᠴᠢᠳᠠᠪᠤᠷᠢ ᠳᠡᠭᠡᠭᠰᠢᠯᠡᠪᠡ | ᠠᠵᠤ ᠠᠬᠤᠢ ᠮᠥᠩᠭᠦᠨ ᠭᠦᠢᠯᠭᠡᠭᠡᠨ ᠤ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ | ᠯᠠᠪᠳᠠᠭᠤᠨ ᠢᠶᠠᠷ ᠠᠷᠢᠯᠭᠠᠪᠠ | ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠪᠠ | | | | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠴᠢᠬᠤᠯᠠ ᠠᠬᠢᠯᠲᠠ ᠲᠠᠢ ᠪᠣᠯᠪᠠ | ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠪᠡ | ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠥᠷᠨᠢᠩᠭᠦᠢ ᠬᠥᠭᠵᠢᠪᠡ | ᠢᠷᠡᠭᠡᠳᠦᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠶᠢᠷᠢᠯᠠᠭᠤᠯᠪᠠ | ᠲᠡᠷᠢᠭᠦᠨ ᠤ ᠦᠢᠯᠡᠳᠬᠦ ᠦᠢᠯᠡᠰ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠭᠦᠨᠵᠡᠭᠡᠢ | ᠠᠭᠤᠰᠤᠯᠴᠠᠭᠤᠯᠪᠠ | ᠨᠢᠭᠡ ᠪᠦᠯᠦᠭ ᠴᠢᠬᠤᠯᠠ ᠶᠡᠭᠡ ᠠᠵᠤ ᠦᠢᠯᠡᠰ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠡᠯᠡᠬᠡᠢ ᠶᠢᠨ | ᠲᠡᠷᠢᠭᠦᠨ ᠤ ᠲᠦᠪᠰᠢᠨ ᠳᠤ ᠭᠦᠷᠪᠡ | ᠤᠯᠤᠰ ᠲᠠᠭᠠᠨ ᠦᠢᠯᠡᠳᠪᠦᠷᠢᠯᠡᠭᠰᠡᠨ ᠲᠣᠮᠣ ᠨᠢᠰᠬᠡᠯ C919 ᠶᠢ ᠬᠤᠳᠠᠯᠳᠤᠭᠠᠨ ᠤ ᠠᠵᠢᠯᠯᠠᠭᠠᠨ ᠳᠤ | ᠣᠷᠣᠭᠤᠯᠪᠠ | ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠶᠢ | ᠠᠮᠵᠢᠯᠲᠠ ᠲᠠᠢ ᠪᠠᠷ ᠦᠢᠯᠡᠳᠴᠦ ᠭᠠᠷᠭᠠᠪᠠ | ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠪᠦᠷᠢᠯᠡᠭᠰᠡᠨ ᠪᠠ ᠪᠣᠷᠣᠯᠠᠭᠤᠯᠤᠭᠰᠠᠨ ᠬᠡᠮᠵᠢᠶ᠎ᠡ ᠶᠢᠨ ᠪᠦᠭᠦ | ᠪᠥᠮᠪᠥᠷᠴᠡᠭ ᠲᠤ ᠡᠵᠡᠯᠡᠬᠦ ᠬᠤᠪᠢ ᠶᠢᠨ ᠵᠢᠩ 60% ᠶᠢ ᠳᠠᠪᠠᠪᠠ | | | | ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠣᠭᠲᠠᠭᠤᠨ ᠪᠠᠶᠢᠯᠭᠠᠬᠤ ᠶᠢᠨ ᠬᠠᠮᠲᠤ | ᠰᠠᠶᠢᠵᠢᠷᠠᠭᠤᠯᠪᠠ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠶᠢ ᠰᠢᠢᠳᠪᠦᠷᠢᠯᠡᠬᠦ ᠠᠵᠢᠯ ᠢ ᠭᠦᠨᠵᠡᠭᠡᠢ | ᠥᠷᠨᠢᠭᠦᠯᠵᠦ᠂ ᠭᠤᠣᠯ ᠪᠤᠯᠬᠤ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠦᠷᠭᠦᠯᠵᠢᠯᠡᠨ | ᠪᠠᠭᠤᠷᠠᠭᠤᠯᠵᠤ᠂ ᠭᠠᠵᠠᠷ ᠤᠨ ᠭᠠᠳᠠᠷᠭᠤ ᠶᠢᠨ ᠤᠰᠤ ᠪᠠ ᠡᠷᠭᠢ ᠣᠶᠢᠷᠠᠯᠴᠠᠭ᠎ᠠ ᠲᠠᠯᠠᠢ ᠶᠢᠨ ᠣᠷᠣᠨ ᠤ ᠤᠰᠤᠨ ᠤ | ᠴᠢᠨᠠᠷ ᠢ ᠦᠷᠭᠦᠯᠵᠢᠯᠡᠨ ᠰᠠᠶᠢᠵᠢᠷᠠᠭᠤᠯᠪᠠ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠶᠢ ᠰᠢᠢᠳᠪᠦᠷᠢᠯᠡᠬᠦ | ᠠᠵᠢᠯ ᠢ ᠪᠦᠭᠦ ᠲᠠᠯ᠎ᠠ ᠪᠠᠷ ᠡᠬᠢᠯᠡᠭᠦᠯᠪᠡ | ᠳᠠᠭᠢᠨ ᠡᠭᠦᠰᠴᠦ ᠪᠤᠯᠬᠤ ᠡᠨᠧᠷᠭᠢ ᠶᠢᠨ ᠴᠠᠭᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠬᠡᠪᠴᠢᠶ᠎ᠡ | ᠢᠯᠴᠢ ᠶᠢᠨ ᠴᠠᠭᠢᠯᠭᠠᠨ ᠠᠴᠠ ᠲᠡᠦᠬᠡᠲᠦ ᠴᠢᠨᠠᠷᠲᠠᠢ ᠪᠠᠷ ᠳᠠᠪᠠᠵᠤ᠂ ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠮᠠᠰᠢᠨ | ᠴᠣᠭᠴᠠᠯᠠᠪᠤᠷᠢ ᠪᠦᠭᠦ ᠪᠥᠮᠪᠥᠷᠴᠡᠭ ᠤᠨ ᠬᠠᠭᠠᠰ ᠠᠴᠠ ᠳᠠᠪᠠᠪᠠ | | | | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠰᠢᠨ᠎ᠡ ᠰᠢᠪᠲᠤᠯᠤᠯᠲᠠ ᠲᠠᠢ | ᠪᠣᠯᠪᠠ | ᠤᠯᠤᠰ ᠤᠨ ᠲᠤᠷᠰᠢᠯᠲᠠ ᠶᠢᠨ ᠲᠠᠰᠤᠭ ᠤᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠬᠦᠴᠦᠲᠡᠢ | ᠠᠬᠢᠭᠤᠯᠪᠠ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠰᠢᠢᠳᠪᠦᠷᠢᠯᠡᠬᠦ ᠠᠵᠢᠯ ᠡᠯᠪᠡᠭ | ᠦᠷ᠎ᠡ ᠪᠦᠲᠦᠭᠡᠯ ᠣᠯᠪᠠ | ᠠᠭᠠᠷ ᠤᠨ ᠠᠶᠠᠯᠠᠯ ᠤᠨ ᠬᠥᠳᠡᠯᠭᠡᠭᠦᠷ ᠮᠠᠰᠢᠨ᠂ ᠰᠢᠲᠠᠮᠠᠬᠠᠢ ᠬᠡᠢ ᠶᠢᠨ ᠲᠦᠷᠪᠢᠨ᠂ ᠳᠥᠷᠪᠡᠳᠦᠭᠡᠷ ᠦᠶ᠎ᠡ ᠶᠢᠨ | ᠴᠥᠮ᠎ᠡ ᠶᠢᠨ ᠴᠠᠭᠢᠯᠭᠠᠨ ᠤ ᠮᠠᠰᠢᠨ ᠴᠣᠭᠴᠠᠯᠠᠪᠤᠷᠢ ᠵᠡᠷᠭᠡ ᠳᠡᠭᠡᠳᠦ ᠲᠡᠰ ᠤᠨ ᠲᠣᠨᠣᠭᠯᠠᠯ ᠢ ᠰᠤᠳᠤᠯᠤᠨ ᠦᠢᠯᠡᠳᠬᠦ | ᠠᠵᠢᠯ ᠲᠦᠷᠭᠡᠨ ᠬᠥᠭᠵᠢᠪᠡ | ᠵᠣᠬᠢᠶᠠᠮᠠᠯ ᠣᠶᠤᠨᠯᠢᠭ᠂ ᠺᠸᠠᠨ᠋ᠲ ᠤᠨ ᠮᠡᠷᠭᠡᠵᠢᠯ ᠵᠡᠷᠭᠡ ᠬᠤᠰᠢᠭᠤᠷᠠᠯ ᠬᠦᠷᠢᠶᠡᠨ ᠳᠠᠬᠢ ᠰᠢᠨ᠎ᠡ | ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠳᠠ ᠦᠭᠡᠢ ᠴᠣᠯᠭᠤᠷᠠᠨ ᠭᠠᠷᠪᠠ | ᠮᠡᠷᠭᠡᠵᠢᠯ ᠤᠨ ᠭᠡᠷ᠎ᠡ ᠶᠢᠨ ᠠᠷᠠᠯᠵᠢᠶ᠎ᠠ ᠲᠣᠬᠢᠷᠠᠭᠰᠠᠨ ᠲᠤᠭ᠎ᠠ 28.6% ᠪᠠᠷ ᠨᠡᠮᠡᠭᠳᠡᠪᠡ | ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠤᠯᠭᠠᠬᠤ ᠴᠢᠳᠠᠪᠤᠷᠢ ᠦᠷᠭᠦᠯᠵᠢᠯᠡᠨ ᠳᠡᠭᠡᠭᠰᠢᠯᠡᠪᠡ | | | | ᠠᠷᠠᠳ ᠤᠨ ᠠᠮᠢᠳᠤᠷᠠᠯ ᠤᠨ ᠪᠠᠲᠤᠯᠠᠭ᠎ᠠ ᠬᠦᠴᠦᠲᠡᠢ ᠪᠥᠭᠡᠳ ᠪᠦᠲᠦᠮᠵᠢᠲᠡᠢ ᠪᠣᠯᠪᠠ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠤᠯᠬᠤ ᠣᠷᠣᠯᠭ᠎ᠠ 6.1% ᠪᠠᠷ ᠨᠡᠮᠡᠭᠳᠡᠵᠦ᠂ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠦᠷᠭᠦᠯᠵᠢᠯᠡᠨ ᠪᠠᠭᠠᠰᠪᠠ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠳᠡᠭᠡ ᠲᠣᠰᠬᠤᠨ ᠤ ᠰᠠᠭᠤᠭᠠᠯᠢ | ᠠᠷᠠᠳ ᠤᠨ ᠣᠷᠣᠯᠭ᠎ᠠ 8.4% ᠪᠠᠷ ᠨᠡᠮᠡᠭᠳᠡᠪᠡ | ᠠᠯᠪᠠᠨ ᠵᠢᠷᠤᠮ ᠤᠨ ᠰᠤᠷᠭᠠᠨ ᠬᠥᠮᠦᠵᠢᠯ᠂ ᠨᠠᠰᠤᠵᠢᠯ ᠤᠨ ᠦᠨᠳᠦᠰᠦᠨ ᠠᠰᠠᠷᠠᠮᠵᠢ᠂ ᠦᠨᠳᠦᠰᠦᠨ ᠡᠮ | ᠡᠮᠨᠡᠯᠭᠡ ᠵᠡᠷᠭᠡ ᠶᠢᠨ ᠡᠳ᠋ ᠤᠨ ᠵᠠᠰᠠᠭ ᠤᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠵᠤ᠂ ᠠᠪᠤᠷᠠᠨ ᠲᠤᠰᠠᠯᠠᠯᠲᠠ ᠶᠢᠨ | ᠪᠠᠲᠤᠯᠠᠭ᠎ᠠ ᠭᠦᠷᠳᠡᠭᠦ ᠡᠲᠡᠭᠡᠳ ᠤᠨ ᠬᠡᠪᠴᠢᠶ᠎ᠡ ᠥᠷᠭᠡᠳᠪᠡ | ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠳᠠᠬᠢ ︽ᠨᠠᠰᠤᠲᠠᠨ ᠢ ᠠᠰᠠᠷᠠᠬᠤ ᠪᠠ ᠬᠡᠦᠬᠡᠳ | ᠬᠥᠮᠥᠵᠢᠭᠦᠯᠬᠦ︾ ᠲᠤᠰᠬᠠᠢ ᠵᠦᠢᠯ ᠤᠨ ᠨᠡᠮᠡᠯᠲᠡ ᠰᠠᠭᠤᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ 6600 | ᠭᠠᠷᠤᠢ ᠲᠦᠮᠡᠨ ᠭᠠᠶᠢᠯᠢ ᠲᠤᠰᠢᠶᠠᠭᠴᠢ ᠠᠰᠢᠭ ᠭᠦᠷᠲᠡᠪᠡ | ᠬᠤᠲᠠ ᠪᠠᠯᠭᠠᠰᠤᠨ ᠤ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠬᠤ ᠪᠠ ᠪᠠᠲᠤᠯᠠᠭ᠎ᠠ ᠶᠢᠨ | ᠴᠢᠨᠠᠷᠲᠠᠢ ᠣᠷᠣᠨ ᠰᠠᠭᠤᠴᠠ ᠶᠢᠨ ᠬᠠᠩᠭᠠᠯᠭ᠎ᠠ ᠶᠢ ᠴᠢᠩᠭᠠᠳᠬᠠᠵᠤ᠂ ᠮᠢᠩᠭᠠᠨ ᠲᠦᠮᠡ ᠠᠴᠠ ᠳᠡᠭᠡᠭᠰᠢ ᠭᠡᠷ ᠪᠦᠯᠢ | ᠠᠰᠢᠭ ᠭᠦᠷᠲᠡᠪᠠ | | | | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ ᠠᠬᠢᠭᠤᠯᠪᠠ | ᠰᠢᠨ᠎ᠡ ᠨᠢᠭᠡᠨ ᠡᠭᠡᠯᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠪ ᠤᠨ ᠳᠡᠰ ᠳᠠᠪᠬᠤᠷᠭ᠎ᠠ ᠳᠠᠬᠢ | ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠣᠷᠣᠨ ᠨᠤᠲᠤᠭ ᠤᠨ ᠳᠡᠰ ᠳᠠᠪᠬᠤᠷᠭ᠎ᠠ ᠶᠢᠨ | ᠥᠭᠡᠷᠡᠴᠢᠯᠡᠯᠲᠡ ᠶᠢ ᠡᠮᠬᠢ ᠵᠢᠷᠤᠮ ᠲᠠᠢ ᠪᠠᠷ ᠶᠠᠪᠤᠭᠳᠠᠭᠤᠯᠪᠠ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠪᠠ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠡᠭᠡᠭᠰᠢᠯᠡᠭᠦᠯᠭᠦ ᠠᠵᠢᠯᠯᠠᠭ᠎ᠠ ᠶᠢ ᠬᠡᠷᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ | ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠡᠶᠢᠲᠡᠯᠡᠪᠡ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ | ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ | ᠤᠯᠠᠨ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ ᠭᠠᠳᠠᠭᠠᠳᠤ ᠭᠠᠷᠭᠠᠯᠲᠠ ᠶᠢᠨ ᠨᠣᠭᠳᠠᠯ ᠤᠨ ᠲᠣᠭᠲᠠᠭᠤᠨ | ᠪᠠᠶᠢᠳᠠᠯ ᠢ ᠪᠠᠲᠤᠯᠠᠵᠤ᠂ ᠭᠠᠳᠠᠭᠠᠳᠤ ᠪᠡᠯᠡ ᠶᠢ ᠪᠣᠳᠠᠲᠠᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠵᠦ᠂ ︽ᠨᠢᠭᠡ ᠪᠦᠰᠡ | ᠨᠢᠭᠡ ᠵᠠᠮ︾ ᠢ ᠬᠠᠮᠲᠤ ᠪᠠᠷ ᠪᠠᠶᠢᠭᠤᠯᠬᠤ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ ᠢ ᠨᠡᠩ | ᠢᠯᠡ ᠲᠣᠳᠣ ᠢᠯᠡᠷᠡᠭᠦᠯᠪᠡ | ᠥᠩᠭᠡᠷᠡᠭᠰᠡᠨ ᠨᠢᠭᠡ ᠵᠢᠯ ᠢ ᠡᠷᠭᠢᠴᠡᠭᠦᠯᠪᠡᠯ᠂ ᠤᠯᠠᠨ ᠳᠠᠪᠬᠤᠷ ᠪᠡᠷᠬᠡᠰᠢᠶᠡᠯ ᠪᠠ ᠰᠢᠯᠭᠠᠯᠲᠠ ᠰᠣᠯᠪᠢᠴᠠᠨ | ᠳᠠᠪᠬᠤᠴᠠᠵᠤ᠂ ᠮᠠᠨ ᠤ ᠤᠯᠤᠰ ᠤᠨ ᠠᠵᠤ ᠠᠬᠤᠢ ᠳᠠᠪᠠᠯᠭᠠᠨ ᠮᠠᠶ᠋ᠢᠭ ᠢᠶᠠᠷ ᠬᠥᠭᠵᠢᠵᠦ᠂ ᠨᠤᠭᠤᠷᠠᠯ | ᠪᠦᠳᠦᠷᠢᠯ ᠲᠠᠢ ᠪᠠᠷ ᠤᠷᠤᠭᠰᠢᠯᠠᠨ᠂ ᠠᠮᠵᠢᠯᠲᠠ ᠪᠦᠲᠦᠮᠵᠢ ᠶᠢ ᠭᠢᠯᠪᠠᠷ ᠪᠤᠰᠤ ᠪᠠᠷ ᠣᠯᠣᠭᠰᠠᠨ ᠶᠤᠮ᠃ ᠦᠢᠯᠡᠳᠦᠯᠭᠡ | ᠭᠡᠷᠡᠴᠢᠯᠡᠭᠰᠡᠨ ᠨᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠠᠷᠠᠳ ᠲᠦᠮᠡᠨ ᠶᠠᠮᠠᠷᠪᠠ ᠬᠦᠴᠢᠷ ᠪᠡᠷᠬᠡᠰᠢᠶᠡᠯ ᠬᠠᠷᠰᠢ | ᠰᠠᠭᠠᠳ ᠢ ᠢᠯᠠᠨ ᠳᠠᠪᠠᠭ᠋ᠤ ᠰᠥᠰᠥ ᠵᠣᠷᠢᠭ᠂ ᠤᠶᠤᠨ ᠤᠬᠠᠭᠠᠨ᠂ ᠴᠢᠳᠠᠪᠤᠷᠢ ᠲᠠᠢ ᠶᠤᠮ᠂ ᠳᠤᠮᠳᠠᠳᠤ ᠤᠯᠤᠰ ᠤᠨ | ᠬᠥᠭᠵᠢᠯᠲᠡ ᠯᠠᠪᠲᠠᠢ ᠰᠠᠯᠬᠢ ᠬᠥᠯᠭᠡᠯᠡᠨ ᠳᠠᠪᠠᠯᠭᠠᠨ ᠢ ᠵᠦᠰᠦᠵᠦ᠂ ᠭᠡᠭᠡᠨ ᠰᠠᠷᠠᠭᠤᠯ ᠢᠷᠡᠭᠡᠳᠦᠢ ᠲᠡᠶᠢᠰᠢ | ᠤᠷᠤᠭᠰᠢᠯᠠᠵᠤ ᠴᠢᠳᠠᠬᠤ ᠶᠤᠮ᠃ | | | | ᠨᠢᠭᠡ ᠵᠢᠯ ᠤᠨ ᠲᠤᠷᠰᠢ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ | ᠭᠤᠣᠯᠳᠠᠭᠤ ᠳᠣᠣᠷᠠᠬᠢ ᠠᠵᠢᠯ ᠤᠳ ᠢ ᠬᠢᠪᠡ | | | ᠨᠢᠭᠡ ᠳᠤ ᠬᠤᠷᠸ᠎ᠠ ᠲᠣᠬᠢᠷᠠᠭᠤᠯᠤᠯᠲᠠ ᠡᠵᠡᠮᠳᠡᠯ ᠤᠨ ᠡᠷᠴᠢᠮ ᠢ ᠴᠢᠩᠭᠠᠷᠠᠭᠤᠯᠵᠤ᠂ ᠠᠵᠤ ᠠᠬᠤᠢ ᠶᠢᠨ | ᠠᠵᠢᠯᠯᠠᠭᠠᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠠ | ︽ᠨᠡᠯᠦᠶᠢᠯᠭᠡᠨ ᠤᠰᠤᠯᠠᠬᠤ︾ ᠪᠠ ᠣᠬᠤᠷ ᠬᠤᠭᠤᠴᠠᠭᠠᠨ ᠤ ᠴᠢᠩᠭ᠎ᠠ ᠰᠡᠳᠦᠯᠲᠡ ᠥᠭᠬᠦ ᠶᠢ ᠲᠡᠪᠴᠢᠪᠡ | ᠬᠦᠴᠦᠲᠡᠢ ᠪᠥᠭᠡᠳ ᠪᠦᠲᠦᠮᠵᠢᠲᠡᠶ ᠬᠠᠮ ᠲᠥᠷᠥ ᠶᠢᠨ ᠪᠣᠳᠣᠯᠭ᠎ᠠ ᠶᠢ ᠬᠡᠷᠡᠭᠵᠢᠭᠦᠯᠪᠡ | ᠪᠦᠭᠦ ᠵᠢᠯ ᠳᠤ ᠰᠢᠨ᠎ᠡ ᠪᠠᠷ ᠨᠡᠮᠡᠭᠳᠡᠭᠰᠡᠨ ᠭᠠᠶᠢᠯᠢ ᠰᠦᠢᠳᠬᠡᠯ ᠤᠨ ᠬᠠᠷᠠᠭᠠᠯᠵᠠᠯ 2.2 ᠲᠦᠮᠡᠨ ᠳ᠋ᠦᠩᠰᠢᠭᠤᠷ | ᠲᠥᠭᠦᠷᠢᠭ ᠢ ᠳᠠᠪᠠᠪᠠ | 1 ᠲᠦᠮᠡᠨ ᠳ᠋ᠦᠩᠰᠢᠭᠤᠷ ᠲᠥᠭᠦᠷᠢᠭ ᠤᠨ ᠤᠯᠤᠰ ᠤᠨ ᠵᠢᠭᠡᠯᠡᠯᠭᠡ ᠶᠢ ᠨᠡᠮᠡᠨ ᠲᠠᠷᠬᠠᠭᠠᠪᠠ | ᠬᠤᠶᠠᠷ ᠲᠤ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠲᠡᠰ ᠳᠡᠪᠰᠢᠬᠦ ᠶᠢ ᠬᠥᠲᠥᠯᠥᠨ | ᠳᠠᠭᠠᠭᠤᠯᠵᠤ᠂ ᠬᠤᠳᠠ ᠬᠥᠳᠡᠭᠡ ᠣᠷᠣᠨ ᠪᠦᠰᠡ ᠶᠢᠨ ᠬᠥᠭᠵᠢᠯᠲᠡ ᠶᠢᠨ ᠰᠢᠨ᠎ᠡ ᠬᠥᠳᠡᠯᠭᠡᠭᠴᠢ ᠡᠨᠧᠷᠭᠢ ᠶᠢ | ᠴᠢᠩᠭᠠᠷᠠᠭᠤᠯᠪᠠ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠰᠢᠭ ᠬᠤᠨᠵᠢᠪᠤᠷᠢ ᠪᠠᠭᠤᠷᠠᠵᠤ ᠪᠠᠶᠢᠭᠰᠠᠨ ᠠᠴᠠ ᠪᠠᠨ | ᠨᠡᠮᠡᠭᠳᠡᠪᠡ | ᠲᠣᠭᠠᠴᠢᠯᠠᠭᠰᠠᠨ ᠠᠵᠤ ᠠᠬᠤᠢ ᠲᠦᠷᠭᠡᠨ ᠬᠥᠭᠵᠢᠵᠦ᠂ 5G ᠬᠡᠷᠡᠭᠯᠡᠭᠴᠢ ᠶᠢᠨ ᠲᠦᠭᠡᠮᠡᠯᠵᠢᠭᠰᠡᠨ ᠨᠣᠷᠮ᠎ᠠ | 50% ᠶᠢ ᠳᠠᠪᠠᠪᠠ | ᠪᠠᠶᠢᠩᠭᠤ ᠰᠠᠭᠤᠭ᠎ᠠ ᠬᠥᠮᠥᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 66.2% ᠪᠤᠯᠲᠠᠯ᠎ᠠ | ᠳᠡᠭᠡᠭᠰᠢᠯᠡᠭᠦᠯᠪᠡ | ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠨᠡᠮᠡᠭᠳᠡᠭᠦᠯᠬᠦ ᠰᠢᠨ᠎ᠡ | ᠨᠢᠭᠡ ᠡᠭᠡᠯᠵᠢ ᠶᠢᠨ ᠠᠵᠢᠯᠯᠠᠭ᠎ᠠ ᠶᠢ ᠬᠡᠷᠡᠭᠵᠢᠭᠦᠯᠪᠡ | ᠭᠤᠷᠪᠠ ᠳᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠨᠡᠭᠡᠭᠡᠯᠲᠡ ᠶᠢ ᠥᠷᠭᠡᠳᠬᠡᠵᠦ᠂ ᠬᠤᠳᠠᠯᠳᠤᠭ᠎ᠠ | ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠬᠤ ᠶᠡᠷᠦᠩᠬᠡᠢ ᠠᠵᠢᠯ ᠤᠨ | ᠲᠥᠰᠥᠯ ᠢ ᠨᠡᠶᠢᠲᠡᠯᠡᠪᠡ᠂ | ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ | ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠤᠰ ᠲᠤᠰ | ᠭᠠᠷᠭᠠᠪᠠ | ᠴᠠᠭᠢᠯᠭᠠᠨ ᠮᠠᠰᠢᠨ ᠲᠡᠷᠭᠡ᠂ ᠯᠢᠲ᠋ᠢ ᠳ᠋ᠢᠶᠠᠨ ᡂᠢ᠂ ᠭᠡᠷᠡᠯᠴᠢ ᠴᠡᠨᠡᠭ ᠤᠨ ᠦᠢᠯᠡᠳᠬᠦᠨ ᠤ ︽ᠰᠢᠨ᠎ᠡ ᠭᠤᠷᠪᠠᠨ | ᠵᠦᠢᠯ︾ ᠤᠨ ᠭᠠᠳᠠᠭᠠᠳᠤ ᠭᠠᠷᠭᠠᠯᠲᠠ 30% ᠰᠢᠬᠠᠮ ᠢᠶᠠᠷ ᠨᠡᠮᠡᠭᠳᠡᠪᠡ | ᠳᠥᠷᠪᠡ ᠳᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢ ᠴᠢᠩᠭᠠᠳᠬᠠᠵᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠬᠤᠪᠢᠷᠠᠭᠤᠯᠤᠯᠲᠠ ᠶᠢ ᠲᠦᠷᠭᠡᠳᠬᠡᠪᠡ | ᠬᠥᠬᠡ ᠲᠡᠭᠷᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ | ᠰᠠᠶᠢᠲᠤᠷ ᠬᠢᠪᠡ | ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠠᠵᠤ ᠦᠢᠯᠡᠰ ᠤᠨ ᠬᠥᠭᠵᠢᠯᠲᠡ ᠶᠢ ᠳᠡᠮᠵᠢᠬᠦ ᠲᠦᠷᠦ ᠶᠢᠨ | ᠪᠣᠳᠣᠯᠭ᠎ᠠ ᠶᠢ ᠲᠣᠭᠲᠠᠭᠠᠪᠠ | ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠲᠤᠷᠰᠢᠯᠲᠠ ᠶᠢᠨ | ᠲᠦᠷᠦᠭᠦᠥ ᠪᠦᠯᠦᠭ ᠬᠤᠳᠠ ᠪᠠ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ | ᠲᠠᠪᠤ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠯᠡᠨ ᠰᠠᠶᠢᠲᠤᠷ ᠠᠳᠬᠤᠵᠤ᠂ ᠨᠡᠶᠢᠭᠡᠮ ᠤᠨ | ᠦᠢᠯᠡᠰ ᠤᠨ ᠬᠥᠭᠵᠢᠯᠲᠡ ᠶᠢ ᠠᠬᠢᠭᠤᠯᠪᠠ | ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠥᠷᠭᠡᠳᠬᠡᠬᠦ ᠶᠢ | ᠳᠡᠮᠵᠢᠬᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ | ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠭᠦᠳᠡᠯᠮᠤᠷᠢ ᠬᠢᠬᠦ ᠬᠡᠪᠴᠢᠶ᠎ᠡ 3300 | ᠲᠦᠮᠡ ᠶᠢ ᠳᠠᠪᠠᠪᠠ | ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠦᠦ | ᠮᠥᠩᠭᠦ ᠶᠢ ᠨᠢ ᠪᠠᠭᠤᠷᠠᠭᠤᠯᠤᠭᠠᠳ 1100 ᠭᠠᠷᠤᠢ ᠲᠦᠮᠡᠨ ᠰᠤᠷᠤᠬᠴᠢᠳ ᠲᠤ ᠠᠰᠢᠭ ᠬᠦᠷᠲᠡᠭᠡᠪᠡ | ᠠᠵᠢᠯᠲᠠᠨ ᠠᠵᠢᠯᠴᠢᠨ ᠤ ᠡᠮᠨᠡᠯᠭᠡ ᠶᠢᠨ ᠳᠠᠭᠠᠳᠬᠠᠯ ᠤᠨ ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ | ᠨᠢᠭᠡᠳᠦᠯᠲᠡᠢ ᠲᠥᠯᠥᠪᠯᠡᠬᠦ ᠶᠢ ᠬᠡᠷᠡᠭᠵᠢᠭᠦᠯᠪᠡ | ᠵᠢᠷᠭᠤᠭ᠎ᠠ ᠳᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ᠂ ᠵᠠᠰᠠᠯᠲᠠ ᠶᠢᠨ | ᠦᠢᠯᠡᠳᠦᠯ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠪᠡ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ | ᠰᠠᠶᠢᠨ ᠭᠦᠢᠴᠡᠳᠭᠡᠭᠴᠢ᠂ ᠦᠢᠯᠡᠳᠦᠯᠭᠡᠵᠢᠭᠦᠯᠦᠭᠴᠢ᠂ ᠰᠢᠷᠭᠠᠭᠤ ᠠᠵᠢᠯᠯᠠᠭᠴᠢ ᠪᠣᠯᠪᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠪᠡ | ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠵᠠᠰᠠᠭ ᠤᠨ | ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠪᠡ | | | ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ | ᠬᠠᠷᠢᠯᠴᠠᠭ᠎ᠠ ᠶᠢ ᠪᠦᠭᠦ ᠲᠠᠯ᠎ᠠ ᠪᠠᠷ ᠠᠬᠢᠭᠤᠯᠪᠠ᠃ ᠲᠡᠷᠢᠭᠦᠯᠡᠭᠴᠢ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠤᠯᠠᠨ ᠤᠯᠤᠰ ᠲᠤ ᠠᠶᠢᠯᠴᠢᠯᠠᠯᠲᠠ ᠬᠢᠵᠦ᠂ BRICS ᠤᠨ ᠤᠯᠤᠰ ᠤᠳ ᠤᠨ | ᠤᠳᠤᠷᠢᠳᠬᠤ ᠬᠥᠮᠥᠰ ᠤᠨ ᠠᠭᠤᠯᠵᠠᠯᠲᠠ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ | ᠬᠤᠷᠠᠯᠳᠤᠭᠠᠨ᠂ ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯᠳᠤᠭᠠᠨ ᠵᠡᠷᠭᠡ | ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠴᠢᠬᠤᠯᠠ ᠶᠡᠭᠡ ᠠᠵᠢᠯᠯᠠᠭ᠎ᠠ ᠳᠤ ᠣᠷᠣᠯᠴᠠᠪᠠ᠃ ᠳᠤᠮᠳᠠᠳᠤ ᠤᠯᠤᠰ - | ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ᠂ ᠭᠤᠷᠪᠠᠳᠤᠭᠠᠷ ᠬᠤᠭᠤᠴᠠᠭᠠᠨ ᠤ ︽ᠨᠢᠭᠡ ᠪᠦᠰᠡ ᠨᠢᠭᠡ ᠵᠠᠮ︾ | ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠯᠴᠠᠭᠠᠨ ᠤ ᠲᠠᠪᠴᠠᠩ ᠵᠡᠷᠭᠡ ᠴᠢᠬᠤᠯᠠ | ᠶᠡᠭᠡ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭᠠᠨ ᠤ ᠠᠵᠢᠯᠯᠠᠭ᠎ᠠ ᠶᠢ ᠠᠮᠵᠢᠯᠲᠠᠲᠠᠢ ᠡᠷᠭᠢᠯᠡᠪᠡ᠃ ᠬᠥᠮᠥᠨ | ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ᠂ ᠪᠦᠭᠦ | ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ | ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ᠂ ᠪᠦᠭᠦ ᠪᠥᠮᠪᠥᠷᠴᠡᠭ ᠤᠨ | ᠬᠠᠨᠢᠲᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ ᠬᠠᠯᠠᠮᠰᠢᠯ | ᠠᠰᠠᠭᠤᠳᠠᠯ ᠢ ᠰᠢᠢᠳᠪᠦᠷᠢᠯᠡᠬᠦ ᠳᠤᠮᠳᠠ ᠢᠳᠡᠪᠬᠢᠲᠡᠢ ᠪᠦᠲᠦᠭᠡᠯᠴᠢ ᠴᠢᠨᠠᠷᠲᠠᠢ ᠦᠢᠯᠡᠳᠦᠯ ᠪᠠᠳᠠᠷᠠᠭᠤᠯᠪᠠ᠃ ᠳᠤᠮᠳᠠᠳᠤ | ᠤᠯᠤᠰ ᠳᠡᠯᠡᠬᠡᠢ ᠶᠢᠨ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠴᠢᠬᠤᠯᠠ ᠬᠤᠪᠢ ᠨᠡᠮᠡᠷᠢ ᠦᠵᠡᠭᠦᠯᠪᠡ᠃ | | ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠶᠢᠨ ᠦᠨᠳᠦᠰᠦᠨ ᠰᠢᠯᠲᠠᠭᠠᠨ ᠨᠢ | ᠶᠡᠷᠦᠩᠬᠡᠢ ᠱᠦᠵᠢ ᠰᠢ ᠶᠢᠨ ᠫᠢᠩ ᠤᠨ ᠠᠶᠠᠯᠠᠯ ᠵᠠᠮᠴᠢᠯᠠᠨ ᠴᠢᠭᠯᠡᠯ ᠢ ᠡᠵᠡᠮᠳᠡᠭᠰᠡᠨ ᠳᠤ ᠪᠤᠢ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ | ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠤᠢ᠂ ᠲᠡᠷᠡ ᠨᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ | ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠪᠦᠭᠦ ᠨᠠᠮ ᠪᠦᠭᠦ ᠴᠡᠷᠢᠭ | ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠥᠨ᠃ | | | | | 2024 ᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠪᠠ ᠲᠦᠷᠦ ᠶᠢᠨ | ᠪᠣᠳᠣᠯᠭ᠎ᠠ ᠶᠢᠨ ᠬᠠᠨᠳᠤᠰᠢ | | | ᠡᠨᠡ ᠵᠢᠯ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ | ᠪᠣᠯᠣᠨ᠎ᠠ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ | ᠵᠠᠩᠭᠢᠯᠠᠭ᠎ᠠ ᠶᠢᠨ ᠨᠢᠭᠡ ᠵᠢᠯ ᠮᠥᠨ᠃ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠳᠤ᠂ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠲᠣᠭᠲᠠᠭᠤᠨ ᠤ ᠳᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠤᠨ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠦᠨ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢ ᠪᠡᠶ᠎ᠡ ᠪᠠᠨ ᠳᠠᠭᠠᠭᠠᠵᠤ ᠬᠦᠴᠦᠷᠬᠡᠭᠵᠢᠭᠦᠯᠬᠦ ᠶᠢ ᠠᠬᠢᠭᠤᠯᠵᠤ᠂ ᠬᠤᠷᠸ᠎ᠠ | ᠲᠣᠬᠢᠷᠠᠭᠤᠯᠤᠯᠲᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠤᠨ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠨᠢᠭᠡᠳᠦᠯᠲᠡᠢ | ᠲᠥᠯᠥᠪᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠯᠡᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ | ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠯᠡᠵᠦ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ | ᠨᠡᠮᠡᠭᠳᠡᠭᠦᠯᠦᠨ᠂ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠵᠢᠱᠢᠯᠲᠡ ᠶᠢ ᠦᠨᠡᠨ ᠬᠦ | ᠰᠠᠶᠢᠵᠢᠷᠠᠭᠤᠯᠤᠨ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠲᠤᠳᠬᠠᠨ ᠴᠢᠩᠭᠠᠷᠠᠭᠤᠯᠵᠤ᠂ ᠠᠵᠤ | ᠠᠬᠤᠢ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠵᠦᠢ ᠵᠣᠬᠢᠰᠲᠠᠢ ᠨᠡᠮᠡᠭᠳᠡᠯ ᠢ | ᠦᠷᠭᠦᠯᠵᠢᠯᠡᠨ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠨᠡᠶᠢᠭᠡᠮ ᠤᠨ | ᠲᠣᠭᠲᠠᠭᠤᠨ ᠪᠠᠶᠢᠳᠠᠯ ᠢ ᠪᠠᠲᠤᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠬᠡᠷᠡᠭᠲᠡᠢ᠃ | ᠶᠡᠷᠦᠩᠬᠡᠶᠢᠯᠡᠨ ᠵᠠᠳᠠᠯᠵᠤ ᠰᠤᠳᠤᠯᠤᠨ ᠮᠠᠭᠠᠳᠯᠠᠪᠠᠯ᠂ ᠡᠨᠡ ᠵᠢᠯ ᠤᠨ ᠮᠠᠨ ᠤ ᠤᠯᠤᠰ ᠤᠨ ᠬᠥᠭᠵᠢᠯᠲᠡ ᠳᠤ | ᠲᠤᠯᠭᠠᠷᠠᠵᠤ ᠪᠠᠶᠢᠭ᠎ᠠ ᠣᠷᠴᠢᠨ ᠨᠥᠬᠦᠴᠡᠯ ᠮᠥᠨ ᠬᠦ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠪᠠ | ᠲᠦᠭᠰᠢᠭᠦᠷᠢ ᠰᠢᠯᠭᠠᠯᠲᠠ ᠵᠡᠷᠭᠡ ᠪᠠᠷ ᠣᠷᠣᠰᠢᠵᠤ᠂ ᠠᠰᠢᠭᠲᠠᠢ ᠨᠥᠬᠦᠴᠡᠯ ᠨᠢ ᠠᠰᠢᠭ ᠦᠭᠡᠢ ᠬᠦᠴᠦᠨ ᠵᠦᠢᠯ ᠠᠴᠠ | ᠢᠯᠡᠭᠦᠦ ᠪᠠᠶᠢᠨ᠎ᠠ᠃ ᠮᠠᠨ ᠤ ᠤᠯᠤᠰ ᠲᠤ ᠢᠯᠡ ᠲᠣᠳᠣ ᠪᠠᠶᠢᠭᠤᠯᠤᠯ ᠤᠨ ᠳᠠᠪᠠᠭᠤᠯᠢᠭ᠂ ᠭᠡᠲᠦ ᠶᠡᠭᠡ ᠬᠡᠪᠴᠢᠶᠡᠨ ᠤ | ᠵᠠᠬ᠎ᠠ ᠳᠡᠯᠭᠡᠭᠦᠷ ᠤᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠪᠦᠷᠢᠨ ᠲᠥᠬᠦᠷ ᠪᠠᠶᠢᠳᠠᠭ ᠬᠠᠩᠭᠠᠯᠭ᠎ᠠ ᠶᠢᠨ | ᠳᠠᠪᠠᠭᠤᠯᠢᠭ᠂ ᠬᠡᠪ ᠴᠢᠨᠠᠷ ᠰᠠᠶᠢᠲᠠᠢ ᠬᠥᠳᠡᠯᠮᠦᠷᠢᠴᠢᠨ ᠣᠯᠠᠨ ᠪᠠᠶᠢᠳᠠᠭ ᠴᠢᠳᠠᠪᠤᠷᠢᠲᠠᠨ ᠤ ᠳᠠᠪᠠᠭᠤᠯᠢᠭ ᠲᠠᠢ ᠪᠠᠶᠢᠵᠤ᠂ | ᠮᠠᠨ ᠤ ᠤᠯᠤᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠦᠷᠭᠦᠯᠵᠢᠯᠡᠨ | ᠳᠡᠭᠡᠭᠰᠢᠯᠡᠵᠦ᠂ ᠰᠢᠨ᠎ᠡ ᠠᠵᠤ ᠦᠢᠯᠡᠰ᠂ ᠰᠢᠨ᠎ᠡ ᠬᠡᠪ ᠵᠠᠭᠪᠤᠷ᠂ ᠰᠢᠨ᠎ᠡ ᠬᠥᠳᠡᠯᠭᠡᠭᠴᠢ ᠡᠨᠧᠷᠭᠢ ᠲᠦᠷᠭᠡᠰᠦᠨ | ᠪᠤᠵᠠᠭᠠᠶᠢᠷᠠᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠭᠴᠢ ᠬᠦᠴᠦᠨ ᠲᠠᠰᠤᠷᠠᠯᠲᠠ ᠦᠭᠡᠢ ᠬᠤᠷᠠᠮᠳᠤᠨ᠂ ᠠᠵᠤ | ᠠᠬᠤᠢ ᠰᠡᠷᠭᠦᠨ ᠰᠠᠶᠢᠵᠢᠷᠠᠵᠤ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠬᠠᠨᠳᠤᠰᠢ ᠬᠤᠪᠢᠷᠠᠭ᠎ᠠ ᠦᠭᠡᠢ | ᠪᠥᠭᠡᠳ ᠬᠤᠪᠢᠷᠠᠬᠤ ᠴᠤ ᠦᠭᠡᠢ ᠶᠤᠮ᠂ ᠡᠶᠢᠮᠦ ᠠᠴᠠ ᠡᠷᠬᠡᠪᠰᠢ ᠢᠲᠡᠭᠡᠯ ᠵᠣᠷᠢᠭ ᠪᠠ ᠢᠳᠡ ᠬᠦᠴᠦᠨ ᠢᠶᠠᠨ | ᠴᠢᠩᠭᠠᠳᠬᠠᠬᠤ ᠬᠡᠷᠡᠭᠲᠡᠢ᠃ | | | ᠡᠨᠡ ᠵᠢᠯ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ | | | ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠣᠷᠴᠢᠮ ᠨᠡᠮᠡᠭᠳᠡᠭᠦᠯᠦᠨ᠎ᠡ | ᠬᠤᠳᠠ ᠪᠠᠯᠭᠠᠰᠤᠨ ᠳᠤ ᠠᠵᠢᠯ ᠣᠯᠣᠭᠰᠠᠨ ᠬᠥᠮᠥᠨ ᠢ 1200 ᠲᠦᠮᠡ ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠎ᠡ | ᠬᠤᠳᠠ ᠪᠠᠯᠭᠠᠰᠤᠨ ᠤ ᠪᠠᠶᠢᠴᠠᠭᠠᠭᠰᠠᠨ ᠠᠵᠢᠯ ᠠᠯᠳᠠᠯᠲᠠ ᠶᠢᠨ ᠨᠤᠷᠮ᠎ᠠ ᠶᠢ 5.5% ᠣᠷᠴᠢᠮ ᠪᠠᠶᠢᠯᠭᠠᠨ᠎ᠠ | ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠶᠢᠨ ᠥᠰᠦᠯᠲᠡ ᠶᠢᠨ ᠬᠡᠮᠵᠢᠶ᠎ᠡ ᠶᠢ 3% ᠣᠷᠴᠢᠮ | ᠪᠠᠶᠢᠯᠭᠠᠨ᠎ᠠ | ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠨᠡᠮᠡᠭᠳᠡᠯ ᠢ ᠵᠢᠭᠳᠡ ᠪᠠᠶᠢᠯᠭᠠᠨ᠎ᠠ | ᠤᠯᠤᠰ ᠤᠨ ᠬᠤᠭᠤᠷᠣᠨᠳᠣᠭᠢ ᠣᠷᠣᠯᠭ᠎ᠠ ᠵᠠᠷᠤᠯᠭ᠎ᠠ ᠶᠢ ᠦᠨᠳᠦᠰᠦᠨ ᠳᠡᠭᠡᠨ ᠲᠡᠩᠴᠡᠭᠦᠷᠢᠲᠡᠢ ᠪᠠᠶᠢᠯᠭᠠᠨ᠎ᠠ | ᠠᠮᠤ ᠪᠤᠳᠠᠭᠠᠨ ᠤ ᠤᠨᠠᠯᠳᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠨ᠎ᠠ | ᠨᠢᠭᠡᠴᠢ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠡᠨᠧᠷᠭᠢ ᠶᠢᠨ | ᠬᠤᠷᠣᠭᠳᠠᠭᠤᠯᠤᠯ ᠢ 2.5% ᠣᠷᠴᠢᠮ ᠢᠶᠠᠷ ᠪᠠᠭᠤᠷᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠤᠨ᠎ᠠ | | | | | | ᠡᠨᠡ ᠵᠢᠯ ᠤᠨ ᠵᠢᠱᠢᠭᠰᠡᠨ ᠬᠠᠷᠠᠯᠲᠠ ᠶᠢ ᠪᠡᠶᠡᠯᠡᠭᠦᠯᠬᠦ ᠨᠢ ᠭᠢᠯᠪᠠᠷ ᠶᠠᠪᠤᠳᠠᠯ ᠪᠢᠰᠢ ᠲᠤᠯᠠ ᠲᠦᠷᠦ ᠶᠢᠨ | ᠪᠣᠳᠣᠯᠭ᠎ᠠ ᠶᠢᠨ ᠲᠠᠯ᠎ᠠ ᠪᠠᠷ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠵᠦ᠂ ᠬᠤᠪᠢ ᠳᠠᠭᠢᠨ ᠴᠢᠷᠮᠠᠶᠢᠨ ᠠᠵᠢᠯᠯᠠᠵᠤ᠂ | ᠡᠯ᠎ᠡ ᠲᠠᠯ᠎ᠠ ᠶᠢᠨ ᠬᠢᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠬᠤ ᠴᠢᠬᠤᠯᠠᠲᠠᠢ | ᠪᠢᠳᠠ ᠲᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠬᠤ ᠪᠠᠷ ᠲᠣᠭᠲᠠᠭᠤᠨ ᠪᠠᠶᠢᠯᠭᠠᠬᠤ ᠶᠢ | ᠠᠬᠢᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠬᠤ ᠬᠡᠷᠡᠭᠲᠡᠢ | | ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠶᠢᠨ ᠡᠷᠴᠢᠮ ᠢ ᠵᠣᠬᠢᠰᠲᠠᠢ ᠴᠢᠩᠭᠠᠷᠠᠭᠤᠯᠵᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠡᠷᠡᠭᠲᠡᠢ | ᠤᠯᠠᠭᠠᠨ ᠲᠤᠭ᠎ᠠ ᠶᠢᠨ ᠨᠤᠷᠮ᠎ᠠ ᠶᠢ 3% ᠪᠠᠷ ᠲᠣᠬᠢᠷᠠᠭᠤᠯᠤᠨ᠂ ᠤᠯᠠᠭᠠᠨ ᠲᠤᠭ᠎ᠠ ᠶᠢᠨ ᠬᠡᠪᠴᠢᠶ᠎ᠡ ᠶᠢ 4. | 06 ᠲᠦᠮᠡᠨ ᠳ᠋ᠦᠩᠰᠢᠭᠤᠷ ᠲᠥᠭᠦᠷᠢᠭ ᠪᠠᠶᠢᠯᠭᠠᠨ᠎ᠠ | ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ ᠬᠡᠪᠴᠢᠶ᠎ᠡ ᠶᠢ 28.5 ᠲᠦᠮᠡᠨ ᠳ᠋ᠦᠩᠰᠢᠭᠤᠷ | ᠲᠥᠭᠦᠷᠢᠭ ᠪᠠᠶᠢᠯᠭᠠᠨ᠎ᠠ | ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢ 3.9 | ᠲᠦᠮᠡᠨ ᠳ᠋ᠦᠩᠰᠢᠭᠤᠷ ᠲᠥᠭᠦᠷᠢᠭ ᠲᠣᠬᠢᠷᠠᠭᠤᠯᠤᠨ᠎ᠠ | ᠡᠨᠡ ᠵᠢᠯ ᠠᠴᠠ ᠡᠬᠢᠯᠡᠨ ᠵᠠᠯᠭᠠᠭ᠎ᠠ ᠪᠠᠷ ᠬᠡᠳᠦᠨ ᠵᠢᠯ ᠭᠡᠳᠥ ᠤᠷᠲᠤ ᠬᠤᠭᠤᠴᠠᠭᠠᠨ ᠤ ᠣᠨᠴᠠᠭᠠᠢ ᠤᠯᠤᠰ ᠤᠨ | ᠵᠢᠭᠡᠯᠡᠯᠭᠡ ᠲᠠᠷᠬᠠᠭᠠᠵᠤ᠂ ᠡᠨᠡ ᠵᠢᠯ ᠤᠷᠢᠳ ᠢᠶᠠᠷ 1 ᠲᠦᠮᠡᠨ ᠳ᠋ᠦᠩᠰᠢᠭᠤᠷ ᠲᠥᠭᠦᠷᠢᠭ ᠲᠠᠷᠬᠠᠭᠠᠬᠤ ᠪᠠᠷ | ᠲᠥᠯᠥᠪᠯᠡᠵᠦ ᠪᠠᠶᠢᠨ᠎ᠠ | | | | ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠲᠣᠬᠢᠷᠠᠮᠵᠢᠲᠠᠢ᠂ ᠨᠠᠷᠢᠯᠢᠭ | ᠣᠨᠣᠴᠠᠲᠠᠢ ᠪᠥᠭᠡᠳ ᠪᠦᠲᠦᠮᠵᠢᠲᠡᠶ ᠪᠠᠶᠢᠯᠭᠠᠨ᠎ᠠ | ᠨᠡᠶᠢᠭᠡᠮ ᠤᠨ ᠶᠡᠷᠦᠩᠬᠡᠶᠢᠯᠡᠭᠰᠡᠨ ᠪᠡᠯᠡ ᠲᠣᠬᠢᠷᠠᠭᠤᠯᠭ᠎ᠠ ᠶᠢᠨ ᠥᠪᠡᠷ ᠤᠨ ᠦᠷᠳᠡᠭ ᠢ ᠲᠣᠭᠲᠠᠭᠤᠨ | ᠪᠠᠶᠢᠯᠭᠠᠬᠤ ᠶᠢᠨ ᠬᠠᠮᠲᠤ ᠪᠠᠭᠤᠷᠠᠭᠤᠯᠬᠤ ᠶᠢ ᠠᠬᠢᠭᠤᠯᠤᠨ᠎ᠠ | ᠬᠥᠷᠥᠩᠭᠡ ᠶᠢᠨ ᠵᠠᠬ᠎ᠠ ᠳᠡᠯᠭᠡᠭᠦᠷ ᠤᠨ ᠳᠣᠲᠣᠭᠠᠳᠤ ᠶᠢᠨ ᠲᠣᠭᠲᠠᠪᠤᠷᠢᠲᠤ ᠴᠢᠨᠠᠷ ᠢ ᠨᠡᠮᠡᠭᠳᠡᠭᠦᠯᠦᠨ᠎ᠡ | ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ ᠨᠠᠩ ᠰᠠᠶᠢᠨ | ᠬᠠᠩᠭᠠᠨ᠎ᠠ | | | | ᠬᠤᠷᠸ᠎ᠠ ᠲᠦᠷᠦ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷ ᠢ ᠴᠢᠩᠭᠠᠳᠬᠠᠨ᠎ᠠ | ᠠᠵᠤ ᠠᠬᠤᠢ ᠶᠢᠨ ᠪᠤᠰᠤ ᠲᠥᠷᠥ ᠶᠢᠨ ᠪᠣᠳᠣᠯᠭ᠎ᠠ ᠶᠢ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ | ᠨᠢᠭᠡᠳᠦᠯᠲᠦ ᠴᠢᠨᠠᠷ ᠤᠨ ᠦᠨᠡᠯᠡᠨ ᠵᠢᠱᠢᠯᠲᠡ ᠳᠤ ᠣᠷᠣᠭᠤᠯᠤᠨ᠎ᠠ | ᠠᠵᠤ ᠠᠬᠤᠶᠢᠯᠠᠯ ᠳᠤ ᠬᠤᠯᠪᠣᠭᠳᠠᠬᠤ ᠲᠦᠷᠦ ᠶᠢᠨ ᠪᠣᠳᠣᠯᠭ᠎ᠠ ᠶᠢᠨ ᠵᠠᠬ᠎ᠠ ᠳᠡᠯᠭᠡᠭᠦᠷ ᠲᠠᠢ ᠨᠡᠪᠲᠡᠷᠡᠯᠴᠡᠬᠦ ᠪᠠ | ᠠᠵᠤ ᠠᠬᠤᠶᠢᠯᠠᠯ ᠤᠨ ᠠᠩᠬᠠᠷᠤᠯ ᠲᠠᠯᠪᠢᠵᠤ ᠪᠠᠶᠢᠭ᠎ᠠ ᠵᠦᠢᠯ ᠳᠤ ᠬᠠᠷᠢᠭᠤᠯᠲᠠ ᠥᠭᠬᠦ ᠶᠢ ᠴᠢᠬᠤᠯᠠᠴᠢᠯᠠᠨ᠎ᠠ | ᠲᠦᠷᠦ ᠶᠢᠨ ᠪᠣᠳᠣᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠨᠠᠷᠢᠯᠢᠭ ᠣᠨᠣᠴᠠᠲᠠᠢ ᠰᠠᠶᠢᠲᠤᠷ ᠬᠢᠵᠦ᠂ | ᠲᠣᠭᠲᠠᠭᠤᠨ ᠪᠥᠭᠡᠳ ᠢᠯᠡ ᠲᠣᠳᠣ ᠵᠢᠱᠢᠵᠦ ᠪᠣᠯᠬᠤᠶᠢᠴᠠ ᠲᠦᠷᠦ ᠶᠢᠨ ᠪᠣᠳᠣᠯᠭ᠎ᠠ ᠶᠢᠨ ᠣᠷᠴᠢᠨ ᠨᠥᠬᠦᠴᠡᠯ ᠢ | ᠪᠤᠢ ᠪᠣᠯᠭᠠᠨ᠎ᠠ | | ᠡᠨᠡ ᠵᠢᠯ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ᠂ ᠡᠷᠬᠡᠪᠰᠢ ᠰᠢ ᠶᠢᠨ ᠫᠢᠩ ᠤᠨ | ᠠᠵᠤ ᠠᠬᠤᠢ ᠶᠢᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠤᠶᠤᠨ ᠴᠢᠳᠠᠯ ᠢᠶᠠᠨ ᠲᠥᠪᠯᠡᠷᠡᠭᠦᠯᠦᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠰᠢᠰᠲ᠋ᠧᠮ ᠤᠨ ᠦᠵᠡᠯᠲᠡ ᠪᠠᠨ ᠴᠢᠩᠭᠠᠳᠬᠠᠵᠤ᠂ ᠴᠢᠬᠤᠯᠠ | ᠶᠡᠭᠡ ᠬᠠᠷᠢᠴᠠᠭ᠎ᠠ ᠶᠢ ᠡᠵᠡᠮᠳᠡᠬᠦ ᠪᠠ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠪᠦᠬᠦᠯᠢ ᠴᠣᠭᠴᠠ ᠠᠴᠠ | ᠨᠢ ᠭᠦᠨᠵᠡᠭᠡᠢ ᠤᠬᠠᠭᠠᠯᠠᠨ ᠲᠥᠯᠥᠪᠯᠡᠬᠦ ᠪᠠ ᠠᠬᠢᠭᠤᠯᠬᠤ ᠬᠡᠷᠡᠭᠲᠡᠢ᠃ ᠶᠠᠰᠤ ᠴᠢᠨᠠᠷ ᠢ ᠲᠡᠷᠢᠭᠦᠨ ᠳᠤ ᠲᠠᠯᠪᠢᠬᠤ᠂ | ᠦᠷ᠎ᠡ ᠠᠰᠢᠭ ᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ᠂ ᠦᠨᠳᠦᠰᠦ ᠰᠠᠭᠤᠷᠢ ᠪᠠᠨ ᠦᠷᠭᠦᠯᠵᠢᠯᠡᠨ | ᠪᠠᠬᠢᠵᠢᠭᠦᠯᠵᠦ᠂ ᠬᠤᠷᠸ᠎ᠠ ᠲᠣᠬᠢᠷᠠᠭᠤᠯᠤᠯᠲᠠ ᠡᠵᠡᠮᠳᠡᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ | ᠴᠢᠩᠭᠠᠳᠬᠠᠨ᠂ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠦᠰᠡᠯ ᠡᠷᠡᠮᠡᠯᠵᠡᠯ ᠤᠨ ᠳᠤᠮᠳᠠ ᠠᠴᠠ ᠠᠵᠢᠯ ᠤᠨ | ᠪᠣᠳᠣᠯᠬᠢᠯᠠᠬᠤ ᠴᠡᠭ᠂ ᠲᠦᠷᠦ ᠶᠢᠨ ᠪᠣᠳᠣᠯᠭ᠎ᠠ ᠶᠢᠨ ᠬᠦᠴᠦᠯᠡᠬᠦ ᠴᠡᠭ ᠢ ᠣᠨᠣᠪᠴᠢᠲᠠᠢ ᠡᠷᠢᠵᠦ ᠣᠯᠬᠤ ᠶᠢ | ᠴᠢᠬᠤᠯᠠᠴᠢᠯᠠᠨ᠂ ᠪᠦᠭᠦ ᠵᠢᠯ ᠤᠨ ᠨᠡᠮᠡᠭᠳᠡᠯ ᠤᠨ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠴᠢᠨᠠᠷ ᠰᠠᠶᠢᠲᠠᠢ | ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠰᠠᠶᠢᠲᠤᠷ ᠦᠢᠯᠡᠳᠦᠯᠴᠡᠭᠦᠯᠬᠦ ᠶᠢ ᠪᠠᠷᠢᠮᠲᠠᠯᠠᠵᠤ᠂ | ᠠᠮᠤᠷ ᠲᠦᠪᠰᠢᠨ ᠤ ᠬᠢᠵᠠᠭᠠᠷ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ᠂ ᠬᠥᠭᠵᠢᠯᠲᠡ ᠳᠤ ᠨᠡᠩ ᠢᠯᠡᠭᠦᠦ | ᠠᠷᠭ᠎ᠠ ᠰᠦᠪᠡᠭᠴᠢᠯᠡᠵᠦ᠂ ᠠᠵᠤ ᠠᠬᠤᠶᠢᠯᠠᠯ ᠳᠤ ᠨᠡᠩ ᠢᠯᠡᠭᠦᠦ ᠬᠦᠴᠦ ᠨᠡᠮᠡᠷᠢᠯᠡᠬᠦ ᠬᠡᠷᠡᠭᠲᠡᠢ᠃ ᠬᠥᠭᠵᠢᠭᠦᠯᠬᠦ ᠳᠤᠮᠳᠠ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠥᠬᠦᠪᠦᠷᠢᠯᠡᠬᠦ ᠠᠰᠠᠭᠤᠳᠠᠯ ᠳᠤ ᠬᠥᠭᠵᠢᠯᠲᠡ ᠶᠢᠨ ᠰᠡᠳᠬᠢᠬᠦᠢ ᠪᠠᠷ ᠬᠠᠨᠳᠤᠬᠤ ᠶᠢ ᠴᠢᠬᠤᠯᠠᠴᠢᠯᠠᠵᠤ᠂ ᠠᠷᠠᠳ | ᠤᠯᠠᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠪᠠᠶᠢᠭ᠎ᠠ ᠵᠦᠢᠯ ᠢ ᠰᠢᠢᠳᠪᠦᠷᠢᠯᠡᠬᠦ ᠳᠤᠮᠳᠠ ᠠᠵᠤ | ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠬᠡᠷᠡᠭᠲᠡᠢ᠃ ᠦᠨᠳᠦᠰᠦᠨ ᠠᠴᠠ ᠨᠢ ᠠᠪᠴᠤ ᠬᠡᠯᠡᠪᠡᠯ᠂ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠥᠭᠡᠷᠡᠴᠢᠯᠡᠯᠲᠡ ᠳᠤ ᠲᠦᠰᠢᠭᠯᠡᠬᠦ ᠬᠡᠷᠡᠭᠲᠡᠢ᠃ ᠪᠢᠳᠡ ᠨᠡᠩ ᠶᠡᠭᠡ | ᠡᠷᠡᠰ ᠵᠣᠷᠢᠭ ᠪᠠ ᠡᠷᠴᠢᠮ ᠢᠶᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠦᠨ᠂ ᠪᠦᠲᠦᠮᠵᠢᠲᠡᠢ ᠵᠠᠬ᠎ᠠ | ᠳᠡᠯᠭᠡᠭᠦᠷ ᠪᠣᠯᠣᠨ ᠴᠢᠷᠮᠠᠶᠢᠯᠲᠠ ᠲᠠᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠵᠤ᠂ | ᠨᠡᠶᠢᠭᠡᠮ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠨ ᠴᠢᠩᠭᠠᠳᠬᠠᠵᠤ᠂ ᠴᠢᠨᠠᠷ ᠰᠠᠶᠢᠲᠠᠢ | ᠬᠥᠭᠵᠢᠯᠲᠡ ᠶᠢᠨ ᠨᠡᠩ ᠶᠡᠭᠡ ᠰᠢᠨ᠎ᠡ ᠠᠮᠵᠢᠯᠲᠠ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | | 2024 ᠣᠨ ᠤ ᠵᠠᠰᠠᠭ ᠤᠨ ᠣᠷᠳᠣᠨ ᠤ ᠠᠵᠢᠯ ᠤᠨ ᠡᠭᠦᠷᠭᠡ | | | ︵ᠨᠢᠭᠡ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠦᠨ᠎ᠡ | ᠠᠵᠤ ᠦᠢᠯᠡᠰ ᠤᠨ ᠬᠡᠯᠬᠢᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ | ᠠᠬᠢᠭᠤᠯᠤᠨ᠎ᠠ | ᠦᠢᠯᠡᠳᠬᠦ ᠦᠢᠯᠡᠰ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠢᠨᠠᠷ ᠰᠠᠶᠢᠲᠠᠢ ᠬᠥᠭᠵᠢᠭᠦᠯᠬᠦ | ᠠᠵᠢᠯᠯᠠᠭ᠎ᠠ ᠶᠢ ᠬᠡᠷᠡᠭᠵᠢᠭᠦᠯᠦᠨ᠎ᠡ | ᠲᠡᠷᠢᠭᠦᠨ ᠤ ᠦᠢᠯᠡᠳᠬᠦ ᠦᠢᠯᠡᠰ ᠤᠨ ᠪᠥᠭᠡᠭᠡᠨᠡᠷᠡᠯ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ | ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠵᠢᠱᠢᠶ᠎ᠡ ᠦᠵᠡᠭᠦᠯᠭᠦ ᠣᠷᠣᠨ ᠢ ᠡᠭᠦᠳᠦᠨ | ᠪᠠᠶᠢᠭᠤᠯᠤᠨ᠎ᠠ | ᠳᠡᠯᠡᠬᠡᠢ ᠳᠡᠭᠡᠷ᠎ᠡ ᠨᠥᠯᠥᠭᠡᠯᠡᠬᠦ ᠬᠦᠴᠦᠨ ᠪᠦᠬᠦᠢ ︽ᠲᠣᠮᠲᠠᠲᠣ ᠤᠯᠤᠰ ᠤᠨ ᠦᠢᠯᠡᠳᠬᠦ ᠦᠢᠯᠡᠰ︾ ᠤᠨ | ᠨᠡᠷᠡᠲᠦ ᠲᠡᠮᠳᠡᠭ ᠢ ᠨᠡᠩ ᠣᠯᠠᠨ ᠪᠤᠢ ᠪᠣᠯᠭᠠᠨ᠎ᠠ | ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ | ᠪᠣᠶᠢᠵᠢᠭᠤᠯᠤᠨ᠎ᠠ | ᠣᠶᠤᠨᠴᠢ ᠰᠦᠯᠵᠢᠶ᠎ᠡ ᠰᠢᠨ᠎ᠡ ᠡᠨᠧᠷᠭᠢ ᠶᠢᠨ ᠮᠠᠰᠢᠨ ᠲᠡᠷᠭᠡ ᠵᠡᠷᠭᠡ ᠠᠵᠤ ᠦᠢᠯᠡᠰ ᠤᠨ ᠲᠡᠷᠢᠭᠦᠯᠡᠬᠦ | ᠳᠠᠪᠠᠭᠤᠯᠢᠭ ᠢ ᠪᠠᠬᠢᠵᠢᠭᠦᠯᠦᠨ ᠥᠷᠭᠡᠳᠬᠡᠨ᠎ᠡ | ᠣᠰᠣᠲᠦ᠋ᠷᠦᠭᠴᠢ ᠡᠨᠧᠷᠭᠢ᠂ ᠰᠢᠨ᠎ᠡ ᠮᠠᠲ᠋ᠧᠷᠢᠶᠠᠯ᠂ ᠰᠢᠨ᠎ᠡ ᠶᠢ ᠡᠭᠦᠳᠦᠭᠰᠡᠨ ᠡᠮ ᠵᠡᠷᠭᠡ ᠰᠢᠨ᠎ᠡ ᠪᠠᠷ | ᠬᠥᠭᠵᠢᠭᠰᠡᠨ ᠲᠡᠷᠢᠭᠦᠨ ᠤ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ᠎ᠡ | ᠠᠮᠢᠳᠤ ᠪᠣᠳᠠᠰ ᠤᠨ ᠦᠢᠯᠡᠳᠬᠦ ᠦᠢᠯᠡᠰ᠂ ᠬᠤᠳᠠᠯᠳᠤᠭᠠᠨ ᠤ ᠰᠠᠨᠰᠠᠷ ᠤᠨ ᠠᠶᠠᠯᠠᠯ᠂ ᠳᠣᠣᠷ᠎ᠠ ᠠᠭᠠᠷ ᠤᠨ | ᠠᠵᠤ ᠠᠬᠤᠢ ᠵᠡᠷᠭᠡ ᠰᠢᠨ᠎ᠡ ᠨᠡᠮᠡᠭᠳᠡᠯ ᠤᠨ ᠬᠥᠳᠡᠯᠭᠡᠭᠦᠷ ᠢ ᠢᠳᠡᠪᠬᠢᠲᠡᠢ ᠪᠤᠢ ᠪᠣᠯᠭᠠᠨ᠎ᠠ | ᠲᠣᠭᠠᠴᠢᠯᠠᠭᠰᠠᠨ ᠠᠵᠤ ᠠᠬᠤᠢ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠭᠦᠨᠵᠡᠭᠡᠢ ᠠᠬᠢᠭᠤᠯᠤᠨ᠎ᠠ | ᠲᠣᠭᠠᠴᠢᠯᠠᠭᠰᠠᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠲᠦᠷᠦ ᠶᠢᠨ ᠪᠣᠳᠣᠯᠭ᠎ᠠ ᠶᠢ | ᠲᠣᠭᠲᠠᠭᠠᠨ᠎ᠠ | ︽ᠵᠣᠬᠢᠶᠠᠮᠠᠯ ᠣᠶᠤᠨᠯᠢᠭ +︾ ᠠᠵᠢᠯᠯᠠᠭ᠎ᠠ ᠶᠢ ᠥᠷᠨᠢᠭᠦᠯᠦᠨ᠎ᠡ | ᠲᠠᠪᠴᠠᠩ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠠᠬᠢᠭᠤᠯᠬᠤ᠂ ᠠᠵᠢᠯ ᠣᠯᠭᠤᠯᠲᠠ ᠶᠢ | ᠨᠡᠮᠡᠭᠳᠡᠭᠦᠯᠬᠦ᠂ ᠣᠯᠠᠨ ᠤᠯᠤᠰ ᠤᠨ ᠥᠷᠢᠰᠦᠯᠳᠦᠭᠡᠨ ᠳᠤᠮᠳᠠ ᠡᠷᠳᠡᠮ ᠴᠢᠳᠠᠪᠤᠷᠢ ᠪᠠᠨ ᠶᠡᠭᠡ ᠪᠠᠷ ᠪᠠᠳᠠᠷᠠᠭᠤᠯᠬᠤ ᠶᠢ | ᠲᠡᠮᠵᠢᠨ᠎ᠡ | ︵ᠬᠤᠶᠠᠷ︶ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠤᠯᠤᠰ ᠢᠶᠠᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠲᠤᠯᠭᠠᠭᠤᠷᠢᠯᠠᠯ ᠢ | ᠴᠢᠩᠭᠠᠳᠬᠠᠨ᠎ᠠ | ᠴᠢᠨᠠᠷ ᠰᠠᠶᠢᠲᠠᠢ ᠰᠤᠷᠭᠠᠨ ᠬᠥᠮᠦᠵᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ | ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠲᠥᠯᠦᠪᠵᠢᠭᠦᠯᠭᠡ ᠶᠢᠨ | ᠬᠥᠲᠥᠯᠪᠦᠷᠢ ᠶᠢ ᠲᠣᠭᠲᠠᠭᠠᠨ ᠬᠡᠷᠡᠭᠵᠢᠭᠦᠯᠦᠨ᠎ᠡ | ᠲᠣᠭᠠᠴᠢᠯᠠᠭᠰᠠᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠦᠨ᠎ᠡ | ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ | ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠲᠦᠷᠭᠡᠳᠬᠡᠨ ᠠᠬᠢᠭᠤᠯᠤᠨ᠎ᠠ | ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠪᠦᠭᠦ ᠲᠠᠯ᠎ᠠ ᠪᠠᠷ ᠲᠡᠭᠡᠭᠰᠢᠯᠡᠭᠦᠯᠦᠨ᠎ᠡ | ᠨᠢᠭᠡ ᠪᠦᠯᠦᠭ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠰᠥᠯ ᠢ ᠪᠠᠶᠢᠷᠢᠯᠠᠭᠤᠯᠤᠨ | ᠬᠡᠷᠡᠭᠵᠢᠭᠦᠯᠦᠨ᠎ᠡ | ᠨᠤᠷᠠᠭᠠᠯᠲᠠ ᠶᠢᠨ ᠴᠢᠨᠠᠷᠲᠠᠢ ᠮᠡᠷᠭᠡᠵᠢᠯ ᠪᠠ ᠦᠵᠦ ᠮᠡᠷᠭᠡᠵᠢᠯ ᠤᠨ ᠰᠤᠳᠤᠯᠭᠠᠨ ᠢ ᠴᠢᠩᠭᠠᠳᠬᠠᠨ᠎ᠠ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠡᠶᠡᠴᠢ ᠴᠣᠭᠴᠠ ᠶᠢᠨ | ᠪᠠᠶᠢᠷᠢ ᠰᠠᠭᠤᠷᠢ ᠶᠢ ᠴᠢᠩᠭᠠᠳᠬᠠᠨ᠎ᠠ | ᠪᠣᠳᠠᠲᠤ ᠬᠦᠴᠦᠨ ᠪᠦᠬᠦᠢ ᠠᠵᠤ ᠠᠬᠤᠶᠢᠯᠠᠯ ᠤᠨ ᠴᠢᠬᠤᠯᠠ ᠶᠡᠭᠡ ᠪᠡᠷᠬᠡ ᠰᠡᠳᠦᠪ ᠢ ᠰᠢᠢᠳᠪᠦᠷᠢᠯᠡᠬᠦ | ᠡᠭᠦᠷᠭᠡ ᠶᠢ ᠳᠠᠭᠠᠭᠤᠯᠤᠨ ᠬᠡᠷᠡᠭᠵᠢᠭᠦᠯᠬᠦ ᠶᠢ ᠲᠡᠮᠵᠢᠨ᠎ᠡ | ᠴᠢᠳᠠᠪᠤᠷᠢᠲᠠᠨ ᠢ ᠪᠦᠭᠦ ᠲᠠᠯ᠎ᠠ ᠪᠠᠷ ᠬᠥᠮᠥᠵᠢᠭᠦᠯᠦᠨ ᠰᠠᠶᠢᠲᠤᠷ ᠬᠡᠷᠡᠭᠯᠡᠨ᠎ᠡ | ᠣᠷᠣᠶᠢᠯᠠᠭᠰᠠᠨ ᠴᠢᠳᠠᠪᠤᠷᠢᠲᠠᠨ ᠢ ᠢᠯᠡᠷᠡᠭᠦᠯᠬᠦ ᠪᠠ ᠬᠥᠮᠥᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ | ᠰᠠᠭᠤᠷᠢ ᠰᠤᠳᠤᠯᠭᠠᠨ ᠤ ᠴᠢᠳᠠᠪᠤᠷᠢᠲᠠᠨ ᠢ ᠬᠥᠮᠥᠵᠢᠭᠦᠯᠬᠦ ᠲᠠᠪᠴᠠᠩ ᠢ ᠪᠦᠲᠦᠭᠡᠨ ᠪᠠᠶᠢᠭᠤᠯᠤᠨ᠎ᠠ | ᠰᠢᠨ᠎ᠡ ᠶᠢ ᠡᠭᠦᠳᠬᠦ ᠦᠷᠲᠡᠭ᠂ ᠴᠢᠳᠠᠪᠤᠷᠢ᠂ ᠬᠤᠪᠢ ᠨᠡᠮᠡᠷᠢ ᠪᠠᠷ ᠤᠳᠤᠷᠢᠳᠤᠮᠵᠢ ᠪᠤᠯᠭᠠᠬᠰᠠᠨ | ᠴᠢᠳᠠᠪᠤᠷᠢᠲᠠᠨ ᠢ ᠦᠨᠡᠯᠡᠬᠦ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ | ᠠᠵᠢᠯ ᠠᠮᠢᠳᠤᠷᠠᠯ ᠤᠨ ᠪᠠᠲᠤᠯᠠᠭ᠎ᠠ ᠪᠠ ᠬᠥᠬᠢᠭᠦᠯᠦᠨ ᠱᠠᠩᠨᠠᠬᠤ ᠳᠦᠷᠢᠮ ᠢ ᠰᠢᠯᠢᠳᠡᠭᠵᠢᠭᠦᠯᠦᠨ᠎ᠡ | ︵ᠭᠤᠷᠪᠠ︶ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠬᠦᠴᠦᠯᠡᠨ ᠥᠷᠭᠡᠳᠬᠡᠵᠦ ᠠᠵᠤ ᠠᠬᠤᠢ ᠶᠢᠨ | ᠰᠠᠶᠢᠨ ᠣᠷᠴᠢᠯ ᠢ ᠪᠡᠶᠡᠯᠡᠭᠦᠯᠬᠦ ᠶᠢ ᠠᠬᠢᠭᠤᠯᠤᠨ᠎ᠠ | ᠬᠡᠷᠡᠭᠯᠡᠭᠡ ᠶᠢᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ | ᠰᠢᠨ᠎ᠡ ᠭᠡᠯᠪᠡᠷᠢ ᠶᠢᠨ ᠬᠡᠷᠡᠭᠯᠡᠭᠡ ᠶᠢ ᠪᠣᠶᠢᠵᠢᠭᠤᠯᠤᠨ ᠪᠤᠵᠠᠭᠠᠶᠢᠷᠠᠭᠤᠯᠤᠨ᠎ᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠵᠣᠷᠢᠭᠵᠢᠭᠤᠯᠵᠤ ᠠᠬᠢᠭᠤᠯᠤᠨ᠎ᠠ | ᠣᠶᠤᠨᠴᠢ ᠰᠦᠯᠵᠢᠶ᠎ᠡ ᠰᠢᠨ᠎ᠡ ᠡᠨᠧᠷᠭᠢ ᠶᠢᠨ ᠮᠠᠰᠢᠨ ᠲᠡᠷᠭᠡ᠂ ᠡᠯᠧᠺᠲᠷᠣᠨ ᠦᠢᠯᠡᠳᠬᠦᠨ ᠵᠡᠷᠭᠡ ᠪᠥᠭᠡᠮ | ᠬᠡᠷᠡᠭᠯᠡᠭᠡ ᠶᠢ ᠬᠥᠭᠵᠢᠭᠦᠯᠦᠨ᠎ᠡ | ᠴᠠᠯᠢᠩ ᠲᠠᠢ ᠪᠠᠷ ᠠᠮᠠᠷᠠᠬᠤ ᠳᠦᠷᠢᠮ ᠢ ᠨᠠᠶᠢᠳᠠᠪᠤᠷᠢᠵᠢᠭᠤᠯᠤᠨ᠎ᠠ | ᠪᠦᠲᠦᠮᠵᠢᠲᠡᠢ ᠪᠡᠯᠡ ᠣᠷᠣᠭᠤᠯᠣᠯᠲᠠ ᠶᠢ ᠢᠳᠡᠪᠬᠢᠲᠡᠢ ᠥᠷᠭᠡᠳᠬᠡᠨ᠎ᠡ | ᠡᠨᠡ ᠵᠢᠯ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠣᠯᠲᠠ ᠶᠢ 7000 ᠳ᠋ᠦᠩᠰᠢᠭᠤᠷ | ᠲᠥᠭᠦᠷᠢᠭ ᠲᠣᠬᠢᠷᠠᠭᠤᠯᠬᠤ ᠪᠠᠷ ᠲᠥᠯᠥᠪᠯᠡᠵᠦ ᠪᠤᠢ | ᠠᠷᠠᠳ ᠤᠨ ᠬᠥᠷᠥᠩᠭᠡ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ | ᠣᠷᠤᠯᠴᠠᠬᠤ ᠶᠢ ᠵᠣᠷᠢᠭᠵᠢᠭᠤᠯᠤᠨ᠎ᠠ | ᠠᠷᠠᠳ ᠤᠨ ᠪᠡᠯᠡ ᠣᠷᠣᠭᠤᠯᠣᠯᠲᠠ ᠶᠢᠨ ᠨᠡᠩ ᠣᠯᠠᠨ ᠬᠦᠷᠢᠶᠡᠨ ᠳᠤ ᠣᠷᠣᠵᠤ ᠢᠷᠡᠵᠦ ᠲᠡᠶᠢᠯᠭᠦ᠂ ᠬᠥᠭᠵᠢᠵᠦ | ᠲᠡᠶᠢᠯᠭᠦ᠂ ᠦᠢᠯᠡᠰ ᠪᠦᠲᠦᠭᠡᠵᠦ ᠲᠡᠶᠢᠯᠭᠦ ᠪᠣᠯᠭᠠᠨ᠎ᠠ | ︵ᠳᠥᠷᠪᠡ︶ ᠥᠭᠡᠷᠡᠴᠢᠯᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠬᠥᠭᠵᠢᠯᠲᠡ ᠶᠢᠨ | ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠨ᠎ᠠ | ᠡᠯ᠎ᠡ ᠲᠦᠷᠦᠯ ᠤᠨ ᠡᠵᠡᠩᠨᠡᠯᠲᠡ ᠶᠢᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠦᠯᠦᠨ᠎ᠡ | ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠲᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠰᠠᠨᠠᠯ ᠵᠢᠴᠢ | ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ | ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠲᠡᠭ ᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠦᠨ᠎ᠡ | ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠲᠣᠷᠭᠠᠬᠤ᠂ ᠳᠤᠷ᠎ᠠ ᠪᠠᠷ ᠢᠶᠠᠨ ᠲᠡᠰᠬᠡᠨ | ᠨᠣᠭᠳᠠᠭᠤᠯᠬᠤ ᠶᠠᠪᠤᠳᠠᠯ ᠢ ᠡᠷᠡᠰ ᠪᠠᠶᠢᠴᠠᠭᠠᠨ ᠰᠢᠢᠳᠪᠦᠷᠢᠯᠡᠨ᠎ᠡ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ | ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢᠨ ᠵᠢᠯᠣᠭᠤᠳᠤᠮᠵᠢ ᠶᠢ ᠲᠣᠭᠲᠠᠭᠠᠨ᠎ᠠ | ᠭᠤᠣᠯᠴᠢ ᠥᠷᠢᠰᠦᠯᠳᠦᠭᠡᠨ ᠢ ᠬᠢᠨᠠᠨ ᠪᠠᠶᠢᠴᠠᠭᠠᠬᠤ ᠵᠠᠰᠠᠭ ᠵᠠᠬᠢᠷᠭᠠᠨ ᠤ ᠬᠠᠤᠯᠢ ᠲᠣᠭᠲᠠᠭᠠᠯ ᠢ ᠨᠡᠶᠢᠲᠡᠯᠡᠨ᠎ᠡ | ᠣᠷᠣᠨ ᠨᠤᠲᠤᠭ ᠤᠨ ᠬᠠᠮᠠᠭᠠᠯᠠᠯᠲᠠ᠂ ᠵᠠᠬ᠎ᠠ ᠳᠡᠯᠭᠡᠭᠦᠷ ᠤᠨ ᠬᠡᠰᠡᠭᠯᠡᠯ᠂ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠳᠤᠮᠳᠠᠬᠢ ᠵᠦᠢ ᠵᠣᠬᠢᠰ ᠦᠭᠡᠢ ᠥᠷᠢᠰᠦᠯᠳᠦᠭᠡᠨ ᠵᠡᠷᠭᠡ ᠲᠣᠪᠣᠶᠢᠮ᠎ᠠ ᠠᠰᠠᠭᠤᠳᠠᠯ ᠢ | ᠲᠤᠰᠬᠠᠢ ᠲᠦᠷᠦᠯ ᠢᠶᠠᠷ ᠵᠠᠰᠠᠨ᠎ᠠ | ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠵᠡᠷᠭᠡ ᠬᠦᠷᠢᠶᠡᠨ ᠤ ᠥᠭᠡᠷᠡᠴᠢᠯᠡᠯᠲᠡ ᠶᠢ ᠠᠬᠢᠭᠤᠯᠤᠨ᠎ᠠ | ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ | ᠶᠢᠨ ᠥᠭᠡᠷᠡᠴᠢᠯᠡᠯᠲᠡ ᠶᠢᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ | ᠰᠢᠨ᠎ᠡ ᠨᠢᠭᠡ ᠡᠭᠡᠯᠵᠢ ᠶᠢᠨ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠤᠬᠠᠭᠠᠯᠠᠨ ᠲᠥᠯᠥᠪᠯᠡᠨ᠎ᠡ | ᠴᠠᠭᠢᠯᠭᠠᠨ ᠬᠦᠴᠦ᠂ ᠲᠣᠰᠣ ᠬᠡᠢ᠂ ᠲᠡᠮᠦᠷ ᠵᠠᠮ ᠪᠣᠯᠣᠨ ᠶᠡᠷᠦᠩᠬᠡᠶᠢᠯᠡᠭᠰᠡᠨ ᠲᠡᠭᠡᠭᠡᠪᠦᠷᠢ ᠶᠢᠨ ᠰᠢᠰᠲ᠋ᠧᠮ | ᠵᠡᠷᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ︵ᠲᠠᠪᠤ︶ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠵᠦ ᠬᠠᠷᠢᠯᠴᠠᠨ ᠠᠰᠢᠭᠲᠠᠢ | ᠬᠠᠮᠲᠤ ᠪᠠᠷ ᠠᠰᠢᠭ ᠭᠦᠷᠳᠡᠭᠦ ᠶᠢ ᠠᠬᠢᠭᠤᠯᠤᠨ᠎ᠠ | ᠭᠠᠳᠠᠭᠠᠳᠤ ᠠᠷᠠᠯᠵᠢᠶᠠᠨ ᠤ ᠴᠢᠨᠠᠷ ᠢ ᠳᠡᠭᠡᠭᠰᠢᠯᠡᠭᠦᠯᠦᠨ ᠬᠡᠮᠵᠢᠶ᠎ᠡ ᠶᠢ ᠲᠣᠭᠲᠠᠪᠤᠷᠢᠵᠢᠭᠤᠯᠬᠤ ᠶᠢ | ᠠᠬᠢᠭᠤᠯᠤᠨ᠎ᠠ | ᠴᠢᠨᠠᠷ ᠰᠠᠶᠢᠲᠠᠢ ᠦᠢᠯᠡᠳᠬᠦᠨ ᠢ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠪᠠᠷ ᠥᠷᠭᠡᠳᠬᠡᠨ᠎ᠡ | ᠬᠢᠯᠢ ᠠᠯᠤᠰᠯᠠᠭᠰᠠᠨ ᠦᠢᠯᠡᠴᠢᠯᠡᠭᠡᠨ ᠤ ᠠᠷᠠᠯᠵᠢᠶ᠎ᠠ ᠶᠢᠨ ᠨᠠᠵᠠᠭᠠᠢ ᠲᠠᠯ᠎ᠠ ᠶᠢᠨ ᠲᠣᠳᠣᠷᠬᠠᠢ ᠬᠠᠭᠤᠳᠠᠰᠤ ᠶᠢ | ᠪᠦᠭᠦ ᠲᠠᠯ᠎ᠠ ᠪᠠᠷ ᠬᠡᠷᠡᠭᠵᠢᠭᠦᠯᠦᠨ᠎ᠡ | ᠦᠢᠯᠡᠴᠢᠯᠡᠭᠡᠨ ᠤ ᠠᠷᠠᠯᠵᠢᠶ᠎ᠠ᠂ ᠲᠣᠭᠠᠴᠢᠯᠠᠭᠰᠠᠨ ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ᠎ᠡ | ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ᠂ ᠭᠤᠸᠠᠩᠵᠧᠦ ᠶᠢᠨ ᠠᠷᠠᠯᠵᠢᠶᠠᠨ ᠤ ᠴᠤᠭᠯᠠᠭᠠᠨ᠂ | ᠦᠢᠯᠡᠴᠢᠯᠡᠭᠡᠨ ᠤ ᠠᠷᠠᠯᠵᠢᠶᠠᠨ ᠤ ᠴᠤᠭᠯᠠᠭᠠᠨ᠂ ᠲᠣᠭᠠᠴᠢᠯᠠᠭᠰᠠᠨ ᠠᠷᠠᠯᠵᠢᠶᠠᠨ ᠤ ᠴᠤᠭᠯᠠᠭᠠᠨ ᠵᠡᠷᠭᠡ ᠴᠢᠬᠤᠯᠠ ᠶᠡᠭᠡ | ᠦᠵᠡᠰᠭᠦᠯᠡᠩ ᠴᠤᠭᠯᠠᠭᠠᠨ ᠢ ᠰᠠᠶᠢᠲᠤᠷ ᠡᠷᠭᠢᠯᠡᠨ᠎ᠡ | ᠭᠠᠳᠠᠭᠠᠳᠤ ᠪᠡᠯᠡ ᠶᠢ ᠲᠠᠲᠠᠬᠤ ᠡᠷᠴᠢᠮ ᠢ ᠴᠢᠩᠭᠠᠷᠠᠭᠤᠯᠤᠨ᠎ᠠ | ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠲᠣᠳᠣᠷᠬᠠᠢ | ᠬᠠᠭᠤᠳᠠᠰᠤ ᠶᠢ ᠦᠷᠭᠦᠯᠵᠢᠯᠡᠨ ᠴᠥᠭᠡᠳᠬᠡᠨ᠎ᠡ | ᠦᠢᠯᠡᠳᠬᠦ ᠦᠢᠯᠡᠰ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠤᠨ ᠬᠢᠵᠠᠭᠠᠷᠯᠠᠬᠤ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠬᠦᠴᠦᠨ ᠦᠭᠡᠢ ᠪᠣᠯᠭᠠᠨ᠎ᠠ | ᠴᠠᠭᠢᠯᠭᠠᠨ ᠬᠤᠯᠪᠤᠭ᠎ᠠ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ | ᠵᠥᠪᠰᠢᠶᠡᠷᠡᠯ ᠢ ᠠᠭᠤᠵᠢᠭᠤ ᠪᠣᠯᠭᠠᠨ᠎ᠠ | ᠭᠠᠳᠠᠭᠠᠳᠤ ᠶᠢᠨ ᠬᠠᠷᠢᠶᠠᠲᠤ ᠶᠢᠨ ᠳᠤᠮᠳᠠᠳᠤ ᠤᠯᠤᠰ ᠲᠤ ᠢᠷᠡᠵᠦ ᠠᠵᠢᠯᠯᠠᠬᠤ᠂ ᠰᠤᠷᠤᠯᠴᠠᠬᠤ᠂ | ᠵᠢᠭᠤᠯᠴᠢᠯᠠᠬᠤ ᠳᠤ ᠲᠦᠭᠦᠮ ᠦᠵᠡᠭᠦᠯᠭᠦ ᠬᠡᠮᠵᠢᠶ᠎ᠡ ᠶᠢ ᠳᠡᠭᠡᠭᠰᠢᠯᠡᠭᠦᠯᠦᠨ᠎ᠡ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠠᠬᠢᠭᠤᠯᠤᠨ᠎ᠠ | ︽ᠨᠢᠭᠡ ᠪᠦᠰᠡ ᠨᠢᠭᠡ ᠵᠠᠮ︾ ᠢ ᠬᠠᠮᠲᠤ ᠪᠠᠷ ᠴᠢᠨᠠᠷ ᠰᠠᠶᠢᠲᠠᠢ ᠪᠠᠶᠢᠭᠤᠯᠬᠤ ᠶᠢ ᠳᠡᠮᠵᠢᠬᠦ ᠨᠠᠢᠮᠠᠨ ᠵᠦᠢᠯ ᠤᠨ | ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠨ᠎ᠠ | ᠴᠢᠬᠤᠯᠠ ᠶᠡᠭᠡ ᠲᠥᠰᠥᠯ ᠤᠨ ᠬᠠᠮᠲᠤᠷᠠᠯᠴᠠᠭ᠎ᠠ ᠶᠢ ᠯᠠᠪᠳᠠᠭᠤᠨ ᠢᠶᠠᠷ ᠠᠬᠢᠭᠤᠯᠤᠨ᠎ᠠ | ᠨᠢᠭᠡ ᠪᠦᠯᠦᠭ ︽ᠵᠢᠵᠢᠭ ᠪᠥᠭᠡᠳ ᠭᠤᠶᠤ︾ ᠠᠷᠠᠳ ᠤᠨ ᠠᠮᠢᠳᠤᠷᠠᠯ ᠤᠨ ᠲᠥᠰᠥᠯ ᠢ ᠬᠡᠷᠡᠭᠵᠢᠭᠦᠯᠦᠨ᠎ᠡ | ᠤᠯᠠᠨ ᠲᠠᠯᠠᠲᠤ ᠬᠤᠶᠠᠷ ᠲᠠᠯᠠᠲᠤ ᠪᠠ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ | ᠨᠡᠩ ᠤᠯᠠᠨ ᠤᠯᠤᠰ ᠪᠠ ᠭᠠᠵᠠᠷ ᠣᠷᠣᠨ ᠯᠤᠭ᠎ᠠ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ | ᠬᠡᠯᠡᠯᠴᠡᠭᠡᠷ ᠪᠠ ᠪᠡᠯᠡ ᠣᠷᠣᠭᠤᠯᠤᠯᠲᠠ ᠶᠢᠨ ᠬᠡᠯᠡᠯᠴᠡᠭᠡᠷ ᠢ ᠵᠥᠪᠳᠡᠯᠴᠡᠨ ᠲᠣᠭᠲᠠᠭᠠᠨ᠎ᠠ | ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ | ᠭᠦᠨᠵᠡᠭᠡᠢ ᠣᠷᠣᠯᠴᠠᠨ᠎ᠠ | ︵ᠵᠢᠷᠭᠤᠭ᠎ᠠ︶ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠨ ᠨᠢᠭᠡᠳᠦᠯᠲᠡᠢ ᠲᠥᠯᠥᠪᠯᠡᠵᠦ | ᠭᠤᠣᠯᠳᠠᠯᠭ᠎ᠠ ᠲᠠᠢ ᠬᠦᠷᠢᠶᠡᠨ ᠳᠠᠬᠢ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ | ᠲᠦᠭᠰᠢᠭᠦᠷᠢ ᠶᠢᠨ ᠳᠠᠯᠳᠠ ᠭᠡᠮ ᠢ ᠯᠠᠪᠳᠠᠭᠤᠨ ᠲᠣᠬᠢᠲᠠᠢ ᠪᠥᠭᠡᠳ ᠡᠮᠬᠢ ᠵᠢᠷᠤᠮ ᠲᠠᠢ ᠰᠢᠢᠳᠪᠦᠷᠢᠯᠡᠨ᠎ᠡ | ᠰᠢᠰᠲ᠋ᠧᠮ ᠤᠨ ᠴᠢᠨᠠᠷᠲᠠᠢ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠠᠲᠤ ᠰᠠᠬᠢᠨ᠎ᠠ | ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠪᠦᠷᠢᠨᠰᠢᠭᠦᠯᠦᠨ᠎ᠡ | ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠬᠥᠭᠵᠢᠯᠲᠡ ᠶᠢᠨ ᠰᠢᠨ᠎ᠡ ᠵᠠᠭᠪᠤᠷ ᠢ ᠲᠦᠷᠭᠡᠳᠬᠡᠨ | ᠪᠠᠶᠢᠭᠤᠯᠤᠨ᠎ᠠ | ᠭᠤᠣᠯᠳᠠᠯᠭ᠎ᠠ ᠲᠠᠢ ᠬᠦᠷᠢᠶᠡᠨ ᠳᠠᠬᠢ ᠠᠮᠤᠷ ᠲᠦᠪᠰᠢᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠠᠮᠤ ᠪᠤᠳᠠᠭᠠᠨ ᠤ ᠠᠮᠤᠷ ᠲᠦᠪᠰᠢᠨ ᠤ ᠦᠨᠳᠦᠰᠦ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠦᠨ᠎ᠡ | ᠲᠣᠰᠣ ᠬᠡᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ | ᠬᠠᠶᠢᠨ ᠰᠢᠨᠵᠢᠵᠦ ᠨᠡᠭᠡᠭᠡᠨ ᠠᠰᠢᠭᠯᠠᠬᠤ ᠡᠷᠴᠢᠮ ᠢ ᠴᠢᠩᠭᠠᠷᠠᠭᠤᠯᠤᠨ᠎ᠠ | ︵ᠳᠣᠯᠤᠭ᠎ᠠ︶ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠢ ᠴᠥᠬᠦᠷᠡᠰᠢ ᠦᠭᠡᠢ | ᠰᠠᠶᠢᠲᠤᠷ ᠠᠳᠬᠤᠵᠤ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ | ᠪᠠᠲᠤᠲᠠᠢ ᠠᠬᠢᠭᠤᠯᠤᠨ᠎ᠠ | ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠵᠤ | ᠬᠠᠩᠭᠠᠯᠭ᠎ᠠ ᠶᠢ ᠪᠠᠲᠤᠯᠠᠬᠤ ᠶᠢ ᠴᠢᠩᠭᠠᠳᠬᠠᠨ᠎ᠠ | ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ᠎ᠠ | ᠪᠤᠭᠤᠳᠠᠢ ᠬᠤᠳᠠᠯᠳᠤᠨ ᠠᠪᠬᠤ ᠨᠠᠭᠠᠲᠤ ᠵᠠᠬ᠎ᠠ ᠶᠢᠨ ᠦᠨ᠎ᠡ ᠶᠢ ᠵᠣᠬᠢᠰᠲᠠᠢ ᠳᠡᠭᠡᠭᠰᠢᠯᠡᠭᠦᠯᠤᠨ᠎ᠠ | ᠪᠦᠭᠦ ᠤᠯᠤᠰ ᠲᠤ ᠭᠤᠷᠪᠠᠨ ᠶᠡᠭᠡ ᠭᠤᠣᠯ ᠠᠮᠤ ᠪᠤᠳᠠᠭᠠᠨ ᠤ ᠦᠢᠯᠡᠳᠪᠦᠷᠢᠯᠡᠯ ᠤᠨ ᠥᠪᠡᠷ ᠤᠨ ᠦᠷᠲᠡᠭ | ᠪᠠ ᠣᠷᠣᠯᠭ᠎ᠠ ᠶᠢᠨ ᠳᠠᠭᠠᠳᠬᠠᠯ ᠤᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠨ᠎ᠡ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠳᠤ | ᠨᠥᠬᠦᠪᠦᠷᠢ ᠣᠯᠭᠤᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠰᠢᠢᠳᠪᠦᠷᠢᠯᠡᠭᠰᠡᠨ ᠦᠷ᠎ᠡ ᠪᠦᠲᠦᠭᠡᠯ ᠢ | ᠥᠴᠥᠬᠡᠨ ᠴᠦ ᠰᠤᠯᠠᠷᠠᠭᠤᠯᠤᠯ ᠦᠭᠡᠢ ᠪᠠᠬᠢᠵᠢᠭᠦᠯᠦᠨ ᠥᠷᠭᠡᠳᠬᠡᠨ᠎ᠡ | ᠲᠠᠭᠢᠨ ᠶᠠᠳᠠᠭᠤᠷᠠᠬᠤ ᠠᠴᠠ ᠰᠡᠷᠭᠡᠶᠢᠯᠡᠬᠦ ᠠᠵᠢᠯ ᠣᠯᠭᠤᠯᠲᠠ ᠶᠢᠨ ᠪᠣᠭᠤᠮᠲᠠ ᠰᠢᠪᠲᠤᠯᠬᠤ ᠶᠢ ᠰᠢᠢᠳᠪᠦᠷᠢᠯᠡᠬᠦ | ᠠᠵᠢᠯᠯᠠᠭ᠎ᠠ ᠶᠢ ᠠᠬᠢᠭᠤᠯᠤᠨ᠎ᠠ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠬᠠᠪᠰᠤᠷᠤᠨ ᠲᠡᠳᠬᠦᠬᠦ | ᠰᠢᠶᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ | ᠬᠥᠳᠡᠭᠡ ᠲᠣᠰᠬᠤᠨ ᠤ ᠥᠭᠡᠷᠡᠴᠢᠯᠡᠯᠲᠡ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠤᠨ᠎ᠠ | ᠬᠤᠶᠠᠳᠤᠭᠠᠷ ᠡᠭᠡᠯᠵᠢ ᠶᠢᠨ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠤᠭᠤᠴᠠᠭ᠎ᠠ ᠨᠢ ᠲᠤᠯᠤᠭᠰᠠᠨ ᠤ | ᠲᠠᠷᠠᠭ᠎ᠠ ᠲᠠᠭᠢᠭᠠᠳ 30 ᠵᠢᠯ ᠤᠷᠲᠤᠳᠬᠠᠬᠤ ᠮᠤᠵᠢ ᠶᠢᠨ ᠲᠤᠷᠰᠢᠯᠲᠠ ᠶᠢ ᠡᠬᠢᠯᠡᠭᠦᠯᠦᠨ᠎ᠡ | ᠬᠥᠳᠡᠭᠡ ᠲᠣᠰᠬᠤᠨ ᠤ ᠤᠰᠤ ᠴᠠᠭᠢᠯᠭᠠᠨ ᠵᠠᠮ ᠬᠡᠢ ᠮᠡᠳᠡᠭᠡ ᠬᠤᠯᠪᠤᠭ᠎ᠠ ᠵᠡᠷᠭᠡ ᠰᠠᠭᠤᠷᠢ ᠲᠥᠬᠦᠭᠡᠷᠦᠮᠵᠢ ᠪᠠ | ᠤᠯᠠᠨ ᠨᠡᠶᠢᠲᠡ ᠶᠢᠨ ᠦᠢᠯᠡᠴᠢᠯᠡᠭᠡ ᠶᠢ ᠶᠡᠭᠡ ᠪᠠᠷ ᠰᠠᠶᠢᠵᠢᠷᠠᠭᠤᠯᠤᠨ᠎ᠠ | ︵ᠨᠠᠢᠮᠠ︶ ᠬᠤᠲᠠ ᠬᠥᠳᠡᠭᠡ ᠶᠢᠨ ᠠᠭᠤᠰᠤᠯᠴᠠᠯ ᠪᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠵᠤ᠂ ᠠᠵᠤ ᠠᠬᠤᠢ ᠶᠢᠨ ᠪᠠᠶᠢᠷᠢᠯᠠᠭᠤᠯᠤᠯᠲᠠ ᠶᠢ ᠶᠡᠭᠡ ᠪᠠᠷ ᠰᠢᠯᠢᠳᠡᠭᠵᠢᠭᠦᠯᠵᠦ ᠰᠢᠨ᠎ᠡ ᠭᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ | ᠰᠢᠨ᠎ᠡ ᠭᠡᠯᠪᠡᠷᠢ ᠶᠢᠨ ᠬᠤᠳᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ ᠶᠢᠨ ᠠᠵᠢᠯᠯᠠᠭ᠎ᠠ ᠶᠢ ᠭᠦᠨᠵᠡᠭᠡᠢ | ᠬᠡᠷᠡᠭᠵᠢᠭᠦᠯᠦᠨ᠎ᠡ | ᠡᠷᠦᠭᠡ ᠠᠮᠠ ᠪᠠᠨ ᠤᠷᠤᠭᠤᠯᠬᠤ ᠬᠦᠰᠡᠯ ᠲᠠᠢ ᠬᠤᠲᠠ ᠳᠤ ᠣᠷᠣᠭᠰᠠᠨ ᠬᠥᠯᠥᠰᠦᠨ ᠠᠵᠢᠯᠴᠢᠨ ᠢ ᠬᠤᠲᠠ | ᠪᠠᠯᠭᠠᠰᠤᠨ ᠳᠤ ᠡᠷᠦᠭᠡ ᠠᠮᠠ ᠶᠢ ᠨᠢ ᠣᠷᠣᠭᠤᠯᠤᠨ᠎ᠠ | ᠬᠠᠭᠤᠴᠢᠨ ᠰᠠᠭᠤᠭᠠᠯᠢ ᠲᠣᠭᠤᠷᠢᠭ ᠲᠤ ᠴᠠᠭᠢᠯᠭᠠᠨ ᠱᠠᠲᠤ ᠨᠡᠮᠡᠵᠦ ᠤᠭᠰᠠᠷᠠᠬᠤ᠂ ᠲᠡᠷᠭᠡ ᠵᠣᠭᠰᠤᠭᠠᠬᠤ ᠵᠡᠷᠭᠡ | ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠤᠨ᠎ᠠ | ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠦᠨ᠎ᠡ | ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ | ᠣᠣᠮᠧᠨ ᠤ ᠲᠣᠮᠣ ᠪᠤᠯᠤᠩ ᠤᠨ ᠣᠷᠣᠨ ᠵᠡᠷᠭᠡ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠭᠠᠵᠠᠷ ᠣᠷᠣᠨ ᠤ | ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠴᠢ ᠬᠦᠴᠦᠨ ᠤ ᠡᠬᠢ ᠰᠤᠷᠪᠤᠯᠵᠢ ᠶᠢᠨ ᠦᠢᠯᠡᠳᠦᠯ ᠢᠶᠠᠨ ᠨᠡᠩ ᠰᠠᠶᠢᠨ | ᠪᠠᠳᠠᠷᠠᠭᠤᠯᠬᠤ ᠶᠢ ᠲᠡᠮᠵᠢᠨ᠎ᠠ | ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ | ᠠᠬᠢᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠤᠨ᠎ᠠ | ︵ᠶᠢᠰᠦ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ ᠪᠣᠬᠢᠷᠳᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ | ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠎ᠠ | ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠠᠵᠢᠯᠯᠠᠭᠠᠨ ᠤ ᠲᠥᠯᠦᠪᠵᠢᠭᠦᠯᠭᠡ ᠶᠢ | ᠭᠦᠨᠵᠡᠭᠡᠢ ᠬᠡᠷᠡᠭᠵᠢᠭᠦᠯᠦᠨ᠎ᠡ | ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠰᠢᠨ᠎ᠡ ᠪᠣᠬᠢᠷᠲᠤᠭᠤᠯᠬᠤ ᠪᠣᠳᠠᠰ᠂ ᠰᠦᠯᠢᠶᠥᠦ ᠶᠢᠨ ᠪᠣᠬᠢᠷᠳᠤᠯ ᠢ | ᠵᠠᠰᠠᠬᠤ ᠠᠵᠢᠯ ᠢ ᠴᠢᠩᠭᠠᠳᠬᠠᠨ᠎ᠠ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠡᠯᠭᠡ ᠲᠡᠮᠳᠡᠭ ᠤᠨ ᠴᠢᠨᠠᠷᠲᠠᠢ ᠭᠤᠷᠪᠠᠨ ᠶᠡᠭᠡ | ᠳᠠᠶᠢᠯᠠᠯᠳᠤᠭᠠᠨ ᠢ ᠵᠣᠬᠢᠶᠠᠨ ᠪᠠᠶᠢᠭᠤᠯᠤᠨ ᠰᠠᠶᠢᠲᠤᠷ ᠬᠢᠨ᠎ᠡ | ᠪᠣᠬᠢᠷᠳᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ | ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠤᠰᠤ ᠠᠷᠪᠢᠯᠠᠬᠤ ᠥᠭᠡᠷᠡᠴᠢᠯᠡᠯᠲᠡ ᠶᠢ | ᠲᠦᠷᠭᠡᠳᠬᠡᠨ᠎ᠡ | ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ | ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠲᠦᠷᠦᠭᠦᠯᠡᠬᠦ ᠣᠷᠣᠨ ᠢ ᠪᠦᠲᠦᠭᠡᠨ ᠪᠠᠶᠢᠭᠤᠯᠤᠨ᠎ᠠ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ᠂ | ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠤᠨ᠎ᠠ | ︽ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠬᠦ | ᠠᠷᠪᠠᠨ ᠶᠡᠭᠡ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠦᠨ᠎ᠡ | ᠪᠦᠭᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠤᠨ ᠠᠵᠢᠯ ᠲᠦᠷᠦᠯ ᠤᠨ ᠬᠠᠮᠤᠷᠬᠤ | ᠬᠡᠪᠴᠢᠶ᠎ᠡ ᠶᠢ ᠥᠷᠭᠡᠳᠬᠡᠨ᠎ᠡ | ᠴᠢᠯᠠᠭᠤᠵᠢᠮᠠᠯ ᠤᠨ ᠡᠨᠧᠷᠭᠢ ᠶᠢᠨ ᠬᠡᠷᠡᠭᠯᠡᠭᠡ ᠶᠢ ᠬᠢᠵᠠᠭᠠᠷᠯᠠᠨ᠎ᠠ | ᠰᠢᠨ᠎ᠡ ᠭᠡᠯᠪᠡᠷᠢ ᠶᠢᠨ ᠡᠨᠧᠷᠭᠢ ᠶᠢᠨ ᠰᠤᠷᠪᠤᠯᠵᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ | ︵ᠠᠷᠪᠠ︶ ᠠᠷᠠᠳ ᠤᠨ ᠠᠮᠢᠳᠤᠷᠠᠯ ᠢ ᠦᠨᠡᠨ ᠬᠦ ᠪᠠᠲᠤᠯᠠᠨ ᠰᠠᠶᠢᠵᠢᠷᠠᠭᠤᠯᠵᠤ ᠨᠡᠶᠢᠭᠡᠮ ᠤᠨ ᠵᠠᠰᠠᠯᠲᠠ ᠶᠢ | ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ᠎ᠡ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠭᠤᠨ | ᠪᠠᠶᠢᠯᠭᠠᠵᠤ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ | ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ ᠵᠡᠷᠭᠡ ᠲᠥᠷᠥ ᠶᠢᠨ ᠪᠣᠳᠣᠯᠭ᠎ᠠ ᠶᠢᠨ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ ᠳᠤ ᠦᠵᠡᠭᠦᠯᠭᠦ ᠳᠡᠮᠵᠢᠯᠭᠡ ᠶᠢ ᠴᠢᠩᠭᠠᠳᠬᠠᠨ᠎ᠠ | ᠠᠵᠢᠯ ᠣᠯᠭᠤᠯᠲᠠ ᠶᠢᠨ ᠪᠠᠭᠲᠠᠭᠠᠮᠵᠢ ᠪᠠᠷ ᠶᠡᠭᠡ ᠠᠵᠢᠯ ᠲᠦᠷᠦᠯ ᠠᠵᠤ ᠠᠬᠤᠶᠢᠯᠠᠯ ᠢ ᠳᠡᠮᠵᠢᠬᠦ ᠪᠠᠨ | ᠴᠢᠩᠭᠠᠳᠬᠠᠨ᠎ᠠ | ᠰᠢᠨ᠎ᠡ ᠠᠵᠢᠯ ᠣᠯᠭᠤᠯᠲᠠ ᠶᠢᠨ ᠭᠡᠯᠪᠡᠷᠢ ᠪᠠᠷ ᠠᠵᠢᠯ ᠣᠯᠣᠭᠰᠠᠳ ᠤᠨ ᠠᠵᠢᠯ ᠮᠡᠷᠭᠡᠵᠢᠯ ᠤᠨ ᠭᠡᠮᠲᠦᠯ ᠤᠨ | ᠪᠠᠲᠤᠯᠠᠭ᠎ᠠ ᠶᠢᠨ ᠲᠤᠷᠰᠢᠯᠲᠠ ᠶᠢᠨ ᠴᠡᠭ ᠢ ᠥᠷᠭᠡᠳᠬᠡᠨ᠎ᠡ | ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ | ᠰᠠᠭᠤᠭᠠᠯᠢ ᠠᠷᠠᠳ ᠤᠨ ᠡᠮᠨᠡᠯᠭᠡ ᠶᠢᠨ ᠳᠠᠭᠠᠳᠬᠠᠯ ᠤᠨ ᠬᠥᠮᠥᠨ ᠳᠤᠮᠳᠠᠴᠢ ᠶᠢᠨ ᠡᠳ᠋ ᠤᠨ ᠵᠠᠰᠠᠭ ᠤᠨ | ᠨᠥᠬᠦᠪᠦᠷᠢ ᠶᠢᠨ ᠪᠠᠷᠢᠮᠵᠢᠶ᠎ᠠ ᠶᠢ 30 ᠲᠥᠭᠦᠷᠢᠭ ᠨᠡᠮᠡᠭᠳᠡᠭᠦᠯᠦᠨ᠎ᠡ | ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠮᠤᠵᠢ ᠶᠢᠨ ᠱᠠᠲᠤᠨ ᠳᠤ ᠨᠢᠭᠡᠳᠦᠯᠲᠡᠢ ᠲᠥᠯᠥᠪᠯᠡᠬᠦ ᠶᠢ | ᠠᠬᠢᠭᠤᠯᠤᠨ᠎ᠠ | ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ ᠲᠠᠰᠤᠯᠤᠨ ᠪᠤᠳᠤᠬᠤ ᠶᠢ ᠨᠠᠶᠢᠳᠠᠪᠤᠷᠢᠵᠢᠭᠤᠯᠬᠤ | ᠪᠠ ᠲᠡᠭᠦᠯᠳᠡᠷᠵᠢᠭᠦᠯᠦᠨ᠎ᠡ | ᠪᠠᠶᠢᠴᠠᠭᠠᠭᠰᠠᠨ ᠰᠢᠯᠭᠠᠨ ᠪᠠᠶᠢᠴᠠᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠠᠬᠢᠭᠤᠯᠤᠨ᠎ᠠ | ᠨᠡᠶᠢᠭᠡᠮ ᠤᠨ ᠪᠠᠲᠤᠯᠠᠭ᠎ᠠ ᠪᠠ ᠦᠢᠯᠡᠴᠢᠯᠡᠭᠡ ᠶᠢ ᠴᠢᠩᠭᠠᠳᠬᠠᠨ᠎ᠠ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠰᠠᠭᠤᠷᠢ ᠮᠥᠩᠭᠦ ᠶᠢᠨ | ᠰᠠᠷ᠎ᠠ ᠶᠢᠨ ᠨᠠᠭᠠᠲᠤ ᠵᠠᠬ᠎ᠠ ᠶᠢᠨ ᠪᠠᠷᠢᠮᠵᠢᠶ᠎ᠠ ᠶᠢ 20 ᠲᠥᠭᠦᠷᠢᠭ ᠳᠡᠭᠡᠭᠰᠢᠯᠡᠭᠦᠯᠦᠨ᠎ᠡ | ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠦᠷᠭᠦᠯᠵᠢᠯᠡᠨ | ᠳᠡᠭᠡᠭᠰᠢᠯᠡᠭᠦᠯᠦᠨ᠎ᠡ | ᠥᠲᠡᠭᠦᠰ ᠤᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ | ᠦᠷᠡᠵᠢᠯ ᠤᠨ ᠠᠮᠠᠷᠠᠯᠲᠠ ᠶᠢᠨ ᠳᠦᠷᠢᠮ ᠢ ᠰᠢᠯᠢᠳᠡᠭᠵᠢᠭᠦᠯᠦᠨ᠎ᠡ | ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ | ᠤᠯᠤᠰ ᠤᠨ ᠰᠣᠶᠣᠯ ᠤᠨ ᠲᠤᠭᠠᠴᠢᠯᠠᠭᠤᠯᠤᠯᠳᠠ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠠᠬᠢᠭᠤᠯᠤᠨ᠎ᠠ | ᠣᠯᠠᠨ ᠨᠡᠶᠢᠲᠡ ᠶᠢᠨ ᠰᠣᠶᠣᠯ ᠤᠨ ᠲᠠᠯᠠᠪᠠᠢ ᠣᠷᠳᠣᠨ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠬᠦ | ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ | 2024 ᠣᠨ ᠤ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠵᠡᠮᠳᠡᠭᠴᠦᠳ ᠤᠨ ᠣᠯᠢᠮᠫᠢᠺ ᠤᠨ | ᠪᠡᠶ᠎ᠡ ᠶᠢᠨ ᠲᠠᠮᠢᠷ ᠤᠨ ᠴᠤᠭᠯᠠᠭᠠᠨ ᠳᠤ ᠪᠡᠯᠡᠳᠬᠡᠵᠦ ᠤᠷᠤᠯᠳᠤᠭᠠᠨ ᠳᠤ ᠣᠷᠤᠯᠴᠠᠬᠤ ᠠᠵᠢᠯ ᠢ ᠰᠠᠶᠢᠲᠤᠷ ᠬᠢᠨ᠎ᠡ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠪᠠᠶᠢᠳᠠᠯ ᠢ ᠬᠠᠮᠠᠭᠠᠯᠠᠨ᠎ᠠ | ᠤᠯᠤᠰ ᠤᠨ ᠠᠮᠤᠷ ᠲᠦᠪᠰᠢᠨ ᠤ ᠰᠢᠰᠲ᠋ᠧᠮ ᠪᠠ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠬᠤ ᠶᠢ ᠴᠢᠩᠭᠠᠳᠬᠠᠨ᠎ᠠ | ᠢᠳᠡᠭᠡᠨ ᠤ ᠵᠦᠢᠯᠡᠰ᠂ ᠡᠮ ᠤᠨ ᠵᠦᠢᠯᠡᠰ᠂ ᠣᠨᠴᠠ ᠲᠥᠷᠥᠯ ᠤᠨ ᠲᠥᠬᠦᠭᠡᠷᠦᠮᠵᠢ ᠶᠢᠨ ᠬᠢᠨᠠᠯᠲᠠ | ᠬᠠᠮᠢᠶᠠᠷᠤᠯᠲᠠ ᠶᠢ ᠴᠢᠩᠳᠠᠯᠠᠨ᠎ᠠ | | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠬᠠᠤᠯᠢ ᠪᠠᠷ | ᠵᠠᠰᠠᠬᠤ ᠵᠠᠰᠠᠭ ᠤᠨ ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ | ᠪᠠ ᠦᠢᠯᠡᠴᠢᠯᠡᠬᠦ ᠭᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠵᠤ᠂ ᠵᠠᠰᠠᠭ ᠤᠨ ᠣᠷᠳᠣᠨ ᠤ ᠲᠤᠰᠢᠶᠠᠯ | ᠬᠠᠷᠢᠭᠤᠴᠠᠯᠭ᠎ᠠ ᠶᠢ ᠪᠦᠭᠦ ᠲᠠᠯ᠎ᠠ ᠪᠠᠷ ᠰᠠᠶᠢᠲᠤᠷ ᠭᠦᠢᠴᠡᠳᠬᠡᠬᠦ ᠬᠡᠷᠡᠭᠲᠡᠢ ᠭᠡᠵᠦ ᠳᠤᠷᠠᠳᠤᠨ ᠭᠠᠷᠭᠠᠪᠠ᠃ | | | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠠᠬᠢᠭᠤᠯᠤᠨ᠎ᠠ | ᠲᠦᠷᠦ ᠶᠢᠨ ᠪᠣᠳᠣᠯᠭ᠎ᠠ ᠲᠣᠭᠲᠠᠭᠠᠬᠤ ᠳᠠᠭᠠᠨ ᠵᠢᠮ᠎ᠡ ᠶᠣᠰᠣ ᠶᠢ ᠵᠢᠷᠤᠮᠯᠠᠨ᠂ ᠬᠠᠮᠲᠤ ᠶᠢᠨ ᠲᠠᠨᠢᠯᠲᠠ ᠶᠢ | ᠥᠷᠭᠡᠨ ᠢᠶᠠᠷ ᠲᠥᠪᠯᠡᠷᠡᠭᠦᠯᠵᠦ᠂ ᠬᠠᠤᠯᠢ ᠴᠠᠭᠠᠵᠠ ᠶᠢᠨ ᠦᠨᠳᠦᠰᠦᠯᠡᠯ ᠲᠠᠢ ᠪᠠᠶᠢᠬᠤ ᠬᠡᠷᠡᠭᠲᠡᠢ | ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠦᠨ᠎ᠡ | ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠶᠢ ᠠᠬᠢᠭᠤᠯᠬᠤ ᠪᠠᠷ ᠬᠥᠲᠥᠯᠥᠮᠵᠢ | ᠪᠤᠯᠭᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ | | | | ᠥᠷᠭᠡᠨ ᠣᠯᠠᠨ ᠺᠠᠳ᠋ᠷᠴᠤᠳ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ | ᠰᠡᠳᠬᠢᠯᠭᠡ ᠪᠠᠨ ᠴᠢᠩᠭᠠᠳᠬᠠᠬᠤ ᠶᠢᠨ ᠬᠠᠮᠲᠤ ᠡᠭᠦᠨ ᠢ ︽ᠶᠠᠪᠤᠳᠠᠯ ᠪᠣᠯᠭᠠᠨ ᠳᠤ ᠳᠣᠲᠣᠷ᠎ᠠ ᠪᠠᠨ ᠲᠤᠭ᠎ᠠ ᠲᠠᠢ | ᠪᠠᠶᠢᠬᠤ︾ ᠠᠵᠢᠯᠯᠠᠭᠠᠨ ᠤ ᠴᠢᠳᠠᠪᠤᠷᠢ ᠪᠣᠯᠭᠠᠨ ᠦᠨᠡᠨ ᠬᠦ ᠬᠤᠪᠢᠷᠠᠭᠤᠯᠵᠤ᠂ ᠠᠵᠢᠯ ᠬᠢᠵᠦ ᠦᠢᠯᠡᠰ ᠪᠣᠰᠬᠠᠬᠤ ᠴᠤᠭ | ᠰᠦᠯᠳᠡ ᠪᠠᠨ ᠪᠠᠳᠠᠷᠠᠭᠤᠯᠵᠤ᠂ ᠦᠨᠡᠨ ᠬᠦ ᠠᠳᠬᠤᠨ ᠪᠣᠳᠠᠲᠠᠢ ᠪᠠᠷ ᠬᠢᠵᠦ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ | ᠴᠢᠳᠠᠮᠠᠭᠠᠢ ᠬᠢᠵᠦ ᠴᠢᠳᠠᠮᠠᠭᠠᠢ ᠪᠦᠲᠦᠭᠡᠨ᠂ ᠴᠠᠭ ᠦᠶ᠎ᠡ ᠪᠠ ᠠᠷᠠᠳ ᠲᠦᠮᠡᠨ ᠳᠤ ᠦᠯᠦ ᠣᠰᠣᠯᠳᠠᠬᠤ ᠰᠢᠨ᠎ᠡ | ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ᠃ | ᠬᠠᠷᠢᠭᠤᠴᠠᠯᠭ᠎ᠠ ᠶᠢᠨ ᠵᠠᠩᠭᠢᠯᠠᠭ᠎ᠠ ᠨᠢ ᠡᠭᠦᠷᠭᠡᠯᠡᠬᠦ ᠳᠤ ᠪᠠᠶᠢᠵᠤ᠂ ᠲᠡᠮᠡᠴᠡᠯ ᠢᠶᠠᠷ ᠢᠷᠡᠭᠡᠳᠦᠢ ᠶᠢ ᠡᠭᠦᠳᠦᠨ | ᠪᠦᠲᠦᠭᠡᠳᠡᠭ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠢᠯᠡᠭᠦᠦ ᠨᠢᠭᠲᠠᠷᠠᠨ ᠪᠦᠯᠬᠦᠮᠳᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠢᠲᠡᠭᠡᠯ | ᠵᠣᠷᠢᠭ ᠢᠶᠠᠨ ᠪᠠᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠪᠦᠭᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠴᠥᠬᠦᠷᠡᠰᠢ ᠦᠭᠡᠢ | ᠲᠡᠮᠡᠴᠡᠵᠡᠭᠡᠶ᠎ᠡ︕ | | | |