ᠣᠶᠢᠷ᠎ᠠ ᠳᠤ ᠲᠦᠷᠦ ᠶᠢᠨ ᠶᠠᠪᠤᠳᠠᠯ ᠤᠨ ᠬᠤᠷᠢᠶ᠎ᠠ ︽ᠶᠡᠭᠡ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠠᠵᠢᠯᠯᠠᠭᠠᠨ ᠤ ᠲᠥᠰᠥᠯ︾ | ︵ᠳᠣᠷᠣᠭᠰᠢ ︽ᠠᠵᠢᠯᠯᠠᠭᠠᠨ ᠤ ᠲᠥᠰᠥᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠠᠵᠢᠯᠯᠠᠭᠠᠨ ᠤ | ᠲᠥᠰᠥᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠲᠥᠪ ᠤᠨ | ᠡᠳ᠋ ᠤᠨ ᠵᠠᠰᠠᠭ ᠠᠵᠤ ᠠᠬᠤᠢ ᠶᠢᠨ ᠬᠤᠷᠢᠶ᠎ᠠ ᠶᠢᠨ ᠳᠥᠷᠪᠡᠳᠦᠭᠡᠷ ᠬᠤᠷᠠᠯ ᠤᠨ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠬᠡᠷᠡᠭᠴᠡᠭᠡ ᠶᠢ ᠨᠢᠭᠡᠳᠦᠯᠲᠡᠢ ᠲᠥᠯᠥᠪᠵᠢᠭᠦᠯᠦᠨ | ᠥᠷᠭᠡᠳᠬᠡᠬᠦ ᠪᠠ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠵᠠᠬ᠎ᠠ ᠳᠡᠯᠭᠡᠭᠦᠷ ᠢᠶᠠᠷ ᠭᠤᠣᠯ ᠪᠤᠯᠭᠠᠵᠤ᠂ ᠵᠠᠰᠠᠭ ᠤᠨ ᠣᠷᠳᠣᠨ ᠬᠥᠲᠥᠯᠥᠨ ᠵᠢᠯᠤᠭᠤᠳᠬᠤ ᠶᠢ ᠪᠠᠷᠢᠮᠲᠠᠯᠠᠵᠤ᠂ | ᠲᠡᠷᠢᠭᠦᠨ ᠤ ᠬᠢ ᠶᠢ ᠵᠣᠷᠢᠭᠵᠢᠭᠤᠯᠵᠤ᠂ ᠬᠤᠴᠤᠷᠤᠩᠭᠤᠢ ᠶᠢ ᠰᠢᠭᠰᠢᠭᠳᠡᠭᠦᠯᠵᠦ᠂ ᠪᠠᠷᠢᠮᠵᠢᠶ᠎ᠠ ᠪᠠᠷ ᠬᠥᠲᠥᠯᠥᠨ | ᠳᠠᠭᠠᠭᠤᠯᠵᠤ᠂ ᠡᠮᠬᠢ ᠵᠢᠷᠤᠮ ᠲᠠᠢ ᠪᠠᠷ ᠳᠡᠭᠡᠭᠰᠢᠯᠡᠭᠦᠯᠵᠦ᠂ ᠲᠥᠬᠦᠭᠡᠷᠦᠮᠵᠢ ᠶᠢ ᠰᠢᠨᠡᠳᠬᠡᠬᠦ᠂ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ᠂ ᠪᠤᠴᠠᠭᠠᠨ ᠬᠤᠷᠢᠶᠠᠵᠤ ᠡᠷᠭᠢᠯᠳᠦᠭᠦᠯᠦᠨ ᠠᠰᠢᠭᠯᠠᠬᠤ᠂ ᠪᠠᠷᠢᠮᠵᠢᠶ᠎ᠠ ᠶᠢ | ᠳᠡᠭᠡᠭᠰᠢᠯᠡᠭᠦᠯᠭᠦ ᠲᠦᠷᠪᠡᠨ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ᠲᠡᠷᠢᠭᠦᠨ ᠤ ᠲᠥᠬᠦᠭᠡᠷᠦᠮᠵᠢ ᠶᠢ | ᠦᠢᠯᠡᠳᠪᠦᠷᠢᠯᠡᠵᠦ ᠬᠡᠷᠡᠭᠯᠡᠬᠦ ᠶᠢ ᠶᠡᠭᠡ ᠪᠠᠷ ᠠᠬᠢᠭᠤᠯᠵᠤ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢᠨ | ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠭᠦ ᠶᠢ ᠠᠬᠢᠭᠤᠯᠵᠤ᠂ ᠴᠢᠨᠠᠷ ᠰᠠᠶᠢᠲᠠᠢ ᠪᠥᠬᠡᠯᠢᠭ ᠬᠡᠷᠡᠭᠯᠡᠭᠡ ᠶᠢᠨ | ᠵᠦᠢᠯ ᠢ ᠰᠠᠭᠤᠭᠠᠯᠢ ᠠᠷᠠᠳ ᠤᠨ ᠠᠮᠢᠳᠤᠷᠠᠯ ᠳᠤ ᠨᠡᠩ ᠤᠯᠠᠨ ᠣᠷᠣᠭᠤᠯᠬᠤ ᠶᠢ ᠠᠬᠢᠭᠤᠯᠵᠤ᠂ ᠡᠬᠢ ᠪᠠᠶᠠᠯᠢᠭ ᠢ | ᠡᠷᠭᠢᠯᠳᠦᠭᠦᠯᠦᠨ ᠠᠰᠢᠭᠯᠠᠬᠤ ᠬᠡᠯᠬᠢᠶ᠎ᠡ ᠶᠢ ᠰᠠᠭᠠᠳ ᠦᠭᠡᠢ ᠨᠠᠪᠲᠠᠷᠡᠭᠦᠯᠵᠦ᠂ ᠤᠯᠤᠰ ᠠᠷᠠᠳ ᠤᠨ ᠠᠵᠤ ᠠᠬᠤᠢ ᠶᠢᠨ | ᠡᠷᠭᠢᠯᠲᠡ ᠶᠢᠨ ᠶᠠᠰᠤ ᠴᠢᠨᠠᠷ ᠪᠠ ᠲᠦᠪᠰᠢᠨ ᠢ ᠶᠡᠭᠡ ᠪᠠᠷ ᠳᠡᠭᠡᠭᠰᠢᠯᠡᠭᠦᠯᠦᠨ᠎ᠡ᠃ | ︽ᠠᠵᠢᠯᠯᠠᠭᠠᠨ ᠤ ᠲᠥᠰᠥᠯ︾ ᠳᠤ᠂ 2027 ᠣᠨ ᠪᠤᠯᠬᠤ ᠳᠤ ᠠᠵᠤ ᠦᠢᠯᠡᠳᠪᠦᠷᠢ᠂ ᠬᠥᠳᠡᠭᠡ ᠠᠵᠤ ᠠᠬᠤᠢ᠂ | ᠪᠠᠷᠢᠯᠭ᠎ᠠ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮ ᠡᠮᠨᠡᠯᠭᠡ ᠵᠡᠷᠭᠡ ᠬᠦᠷᠢᠶᠡᠨ ᠤ | ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠶᠢ 2023 ᠣᠨ ᠤ ᠬᠢ ᠠᠴᠠ 25% ᠠᠴᠠ ᠳᠡᠭᠡᠭᠰᠢ | ᠨᠡᠮᠡᠭᠳᠡᠭᠦᠯᠦᠨ᠎ᠡ᠃ ᠭᠤᠣᠯᠳᠠᠯᠭ᠎ᠠ ᠲᠠᠢ ᠠᠵᠢᠯ ᠲᠥᠷᠥᠯ ᠤᠨ ᠭᠤᠣᠯ ᠪᠤᠯᠬᠤ ᠡᠨᠧᠷᠭᠢ ᠬᠡᠷᠡᠭᠯᠡᠬᠦ ᠲᠥᠬᠦᠭᠡᠷᠦᠮᠵᠢ ᠶᠢᠨ | ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠲᠦᠪᠰᠢᠨ ᠳᠤ ᠬᠦᠷᠭᠡᠵᠦ᠂ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠦᠷ᠎ᠡ ᠪᠦᠲᠦᠮᠵᠢ ᠨᠢ A ᠲᠠᠰ ᠤᠨ ᠲᠦᠪᠰᠢᠨ ᠳᠤ ᠭᠦᠷᠦᠭᠰᠡᠨ | ᠦᠢᠯᠡᠳᠪᠦᠷᠢᠯᠡᠯ ᠤᠨ ᠴᠢᠳᠠᠪᠤᠷᠢ ᠶᠢᠨ ᠬᠠᠷᠢᠴᠠᠯ ᠢ ᠶᠡᠭᠡ ᠪᠠᠷ ᠳᠡᠭᠡᠭᠰᠢᠯᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ | ᠪᠠᠭᠠᠵᠢ ᠶᠢᠨ ᠲᠦᠭᠡᠮᠡᠯᠵᠢᠭᠰᠡᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ ᠳᠠᠷᠠᠭᠠᠯᠠᠯ ᠤᠨ ᠲᠣᠭᠠᠴᠢᠯᠠᠭᠰᠠᠨ ᠡᠵᠡᠮᠳᠡᠯ ᠤᠨ | ᠨᠣᠷᠮ᠎ᠠ ᠶᠢ ᠲᠣᠰ ᠲᠣᠰ 90%᠂ 75% ᠶᠢ ᠳᠠᠪᠠᠭᠤᠯᠤᠨ᠎ᠠ᠃ ᠬᠠᠶᠠᠭᠳᠠᠮᠠᠯ ᠮᠠᠰᠢᠨ ᠲᠡᠷᠭᠡ ᠶᠢ ᠪᠤᠴᠠᠭᠠᠨ | ᠬᠤᠷᠢᠶᠠᠭᠰᠠᠨ ᠬᠡᠮᠵᠢᠶ᠎ᠡ ᠶᠢ 2023 ᠣᠨ ᠤ ᠬᠢ ᠠᠴᠠ ᠪᠠᠷᠤᠭ ᠨᠢᠭᠡ ᠳᠠᠭᠢᠨ ᠨᠡᠮᠡᠭᠳᠡᠭᠦᠯᠵᠦ᠂ ᠭᠠᠷ ᠳᠠᠮᠵᠢᠭᠰᠠᠨ | ᠮᠠᠰᠢᠨ ᠲᠡᠷᠭᠡ ᠶᠢᠨ ᠠᠷᠠᠯᠵᠢᠶᠠᠨ ᠤ ᠬᠡᠮᠵᠢᠶ᠎ᠡ ᠶᠢ 2023 ᠣᠨ ᠤ ᠬᠢ ᠠᠴᠠ 45% ᠪᠠᠷ ᠨᠡᠮᠡᠭᠳᠡᠭᠦᠯᠵᠦ᠂ | ᠬᠠᠭᠤᠴᠢᠨ ᠬᠠᠶᠠᠭᠳᠠᠮᠠᠯ ᠭᠡᠷ ᠤᠨ ᠴᠠᠭᠢᠯᠭᠠᠨ ᠬᠡᠷᠡᠭᠰᠡᠯ ᠢ ᠪᠤᠴᠠᠭᠠᠨ ᠬᠤᠷᠢᠶᠠᠭᠰᠠᠨ ᠬᠡᠮᠵᠢᠶ᠎ᠡ ᠶᠢ 2023 ᠣᠨ ᠤ | ᠬᠢ ᠠᠴᠠ 30% ᠪᠠᠷ ᠨᠡᠮᠡᠭᠳᠡᠭᠦᠯᠵᠦ᠂ ᠡᠬᠢ ᠪᠠᠶᠠᠯᠢᠭ ᠤᠨ ᠬᠠᠩᠭᠠᠯᠭ᠎ᠠ ᠳᠠᠬᠢ ᠳᠠᠭᠢᠨ ᠠᠰᠢᠭᠯᠠᠵᠤ ᠪᠤᠯᠬᠤ | ᠮᠠᠲ᠋ᠧᠷᠢᠶᠠᠯ ᠤᠨ ᠡᠵᠡᠯᠡᠬᠦ ᠬᠠᠷᠢᠴᠠᠯ ᠢ ᠴᠢᠨᠠᠭᠰᠢᠳᠠ ᠳᠡᠭᠡᠭᠰᠢᠯᠡᠭᠦᠯᠤᠨ᠎ᠠ ᠭᠡᠵᠦ ᠳᠤᠷᠠᠳᠪᠠ᠃ | ︽ᠠᠵᠢᠯᠯᠠᠭᠠᠨ ᠤ ᠲᠥᠰᠥᠯ︾ ᠳᠤ 5 ᠲᠠᠯ᠎ᠠ ᠶᠢᠨ 20 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ | ᠲᠣᠳᠣᠷᠬᠠᠢ ᠲᠣᠭᠲᠠᠭᠠᠪᠠ᠃ ᠨᠢᠭᠡ ᠳᠤ᠂ ᠲᠥᠬᠦᠭᠡᠷᠦᠮᠵᠢ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ | ᠭᠤᠣᠯᠳᠠᠯᠭ᠎ᠠ ᠲᠠᠢ ᠠᠵᠢᠯ ᠲᠦᠷᠦᠯ ᠤᠨ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠶᠢ ᠠᠬᠢᠭᠤᠯᠵᠤ᠂ ᠪᠠᠷᠢᠯᠭ᠎ᠠ | ᠪᠠ ᠬᠤᠳᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ | ᠰᠢᠨᠡᠴᠢᠯᠡᠯᠲᠡ ᠶᠢ ᠲᠦᠷᠭᠡᠳᠬᠡᠵᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠷᠠᠭᠰᠠᠨ | ᠲᠠᠷᠢᠶᠠᠯᠠᠩ ᠤᠨ ᠮᠠᠰᠢᠨ ᠮᠧᠬᠠᠨᠢᠭ ᠤᠨ ᠰᠢᠨᠡᠴᠢᠯᠡᠯᠲᠡ ᠶᠢ ᠲᠡᠮᠵᠢᠵᠤ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮ | ᠡᠮᠨᠡᠯᠭᠡ ᠶᠢᠨ ᠲᠥᠬᠦᠭᠡᠷᠦᠮᠵᠢ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠶᠠᠷ ᠲᠤ᠂ ᠬᠡᠷᠡᠭᠯᠡᠭᠡ ᠶᠢᠨ ᠵᠦᠢᠯ ᠤᠨ | ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠮᠠᠰᠢᠨ ᠲᠡᠷᠭᠡ᠂ ᠭᠡᠷ ᠤᠨ ᠴᠠᠭᠢᠯᠭᠠᠨ | ᠬᠡᠷᠡᠭᠰᠡᠯ ᠤᠨ ᠦᠢᠯᠡᠳᠬᠦᠨ ᠢ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ ᠥᠷᠨᠢᠭᠦᠯᠵᠦ᠂ ᠭᠡᠷ ᠤᠨ ᠡᠳ᠋ᠯᠡᠯ | ᠬᠡᠷᠡᠭᠰᠡᠯ ᠤᠨ ᠰᠢᠨ᠎ᠡ ᠶᠢ ᠰᠣᠯᠢᠬᠤ ᠶᠢ ᠠᠬᠢᠭᠤᠯᠤᠨ᠎ᠠ᠃ ᠭᠤᠷᠪᠠ ᠳᠤ᠂ ᠪᠤᠴᠠᠭᠠᠨ ᠬᠤᠷᠢᠶᠠᠵᠤ ᠡᠷᠭᠢᠯᠳᠦᠭᠦᠯᠦᠨ | ᠠᠰᠢᠭᠯᠠᠬᠤ ᠠᠵᠢᠯᠯᠠᠭ᠎ᠠ ᠶᠢ ᠬᠡᠷᠡᠭᠵᠢᠭᠦᠯᠦᠨ᠎ᠡ᠃ ᠬᠠᠶᠠᠭᠳᠠᠮᠠᠯ ᠬᠠᠭᠤᠴᠢᠨ ᠦᠢᠯᠡᠳᠬᠦᠨ ᠤ ᠲᠥᠬᠦᠭᠡᠷᠦᠮᠵᠢ ᠶᠢ | ᠪᠤᠴᠠᠭᠠᠨ ᠬᠤᠷᠢᠶᠠᠬᠤ ᠲᠣᠣᠷ ᠢ ᠲᠡᠭᠦᠯᠳᠡᠷᠵᠢᠭᠦᠯᠵᠦ᠂ ᠭᠠᠷ ᠳᠠᠮᠵᠢᠭᠰᠠᠨ ᠲᠠᠸᠠᠷ ᠤᠨ ᠭᠦᠢᠯᠭᠡᠭᠡᠨ ᠤ ᠠᠷᠠᠯᠵᠢᠶ᠎ᠠ ᠶᠢ | ᠲᠡᠮᠵᠢᠵᠤ᠂ ᠲᠠᠭᠢᠨ ᠦᠢᠯᠡᠳᠬᠦ ᠪᠠ ᠱᠠᠲᠤᠯᠠᠨ ᠠᠰᠢᠭᠯᠠᠬᠤ ᠶᠢ ᠡᠮᠬᠢ ᠵᠢᠷᠤᠮ ᠲᠠᠢ ᠪᠠᠷ ᠠᠬᠢᠭᠤᠯᠵᠤ᠂ ᠡᠬᠢ ᠪᠠᠶᠠᠯᠢᠭ ᠢ | ᠥᠨᠳᠥᠷ ᠲᠦᠪᠰᠢᠨ ᠢᠶᠠᠷ ᠲᠠᠭᠢᠨ ᠠᠰᠢᠭᠯᠠᠬᠤ ᠶᠢ ᠠᠬᠢᠭᠤᠯᠤᠨ᠎ᠠ᠃ ᠳᠥᠷᠪᠡ ᠳᠤ᠂ ᠪᠠᠷᠢᠮᠵᠢᠶ᠎ᠠ ᠶᠢ ᠳᠡᠭᠡᠭᠰᠢᠯᠡᠭᠦᠯᠭᠦ | ᠠᠵᠢᠯᠯᠠᠭ᠎ᠠ ᠶᠢ ᠬᠡᠷᠡᠭᠵᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ᠂ ᠭᠠᠳᠠᠭᠰᠢᠯᠠᠭᠤᠯᠤᠯᠲᠠ᠂ ᠮᠡᠷᠭᠡᠵᠢᠯ ᠤᠨ | ᠪᠠᠷᠢᠮᠵᠢᠶ᠎ᠠ ᠶᠢ ᠲᠦᠷᠭᠡᠳᠬᠡᠨ ᠲᠡᠭᠦᠯᠳᠡᠷᠵᠢᠭᠦᠯᠵᠦ᠂ ᠦᠢᠯᠡᠳᠬᠦᠨ ᠤ ᠮᠡᠷᠭᠡᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠭᠦ ᠶᠢ | ᠴᠢᠩᠭᠠᠳᠬᠠᠵᠤ᠂ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠪᠠᠷᠢᠮᠵᠢᠶ᠎ᠠ ᠶᠢᠨ ᠬᠠᠩᠭᠠᠯᠭ᠎ᠠ ᠶᠢ ᠴᠢᠩᠭᠠᠳᠬᠠᠵᠤ᠂ | ᠭᠤᠣᠯᠳᠠᠯᠭ᠎ᠠ ᠲᠠᠢ ᠬᠦᠷᠢᠶᠡᠨ ᠳᠠᠬᠢ ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠶᠢ ᠵᠣᠯᠭᠠᠭᠤᠯᠬᠤ ᠶᠢ | ᠴᠢᠩᠭᠠᠳᠬᠠᠨ᠎ᠠ᠃ ᠲᠠᠪᠤ ᠳᠤ᠂ ᠲᠦᠷᠦ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ | ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠭᠠᠶᠢᠯᠢ ᠶᠢᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠦᠨ᠂ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠵᠦ᠂ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠨ᠎ᠠ᠃ | ︽ᠠᠵᠢᠯᠯᠠᠭᠠᠨ ᠤ ᠲᠥᠰᠥᠯ︾ ᠳᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠲᠥᠪ | ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠠᠵᠢᠯ ᠤᠨ ᠲᠣᠭᠲᠠᠴᠠ ᠪᠠᠨ | ᠲᠡᠭᠦᠯᠳᠡᠷᠵᠢᠭᠦᠯᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠲᠥᠷᠥ ᠶᠢᠨ | ᠪᠣᠳᠣᠯᠭ᠎ᠠ ᠶᠢᠨ ᠲᠠᠶᠢᠯᠤᠮᠵᠢ ᠶᠢ ᠰᠠᠶᠢᠲᠤᠷ ᠬᠢᠵᠦ᠂ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢ ᠰᠢᠨᠡᠳᠬᠡᠬᠦ ᠪᠠ | ᠬᠡᠷᠡᠭᠯᠡᠭᠡ ᠶᠢᠨ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ | ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ ᠭᠡᠵᠦ ᠱᠠᠭᠠᠷᠳᠠᠪᠠ᠃ | | |