ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠤᠯᠠᠷᠢᠯ ᠳᠤ ᠣᠶ ᠰᠢᠭᠤᠢ ᠶᠢᠨ ᠭᠠᠯ ᠤᠨ ᠭᠠᠮᠰᠢᠭ ᠢ ᠴᠢᠩᠭ᠎ᠠ ᠰᠡᠷᠭᠡᠶᠢᠯᠡᠵᠦ ᠨᠣᠮᠢᠨ ᠨᠣᠭᠤᠭᠠᠨ ᠬᠡᠷ ᠣᠷᠣᠨ ᠢᠶᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2024/3/15
     ᠬᠠᠪᠤᠷ ᠤᠨ ᠤᠯᠠᠷᠢᠯ ᠤᠨ ᠠᠭᠠᠷ ᠤᠨ ᠳᠤᠯᠠᠭᠠᠨ ᠳᠡᠭᠡᠭᠰᠢᠯᠡᠵᠦ᠂ ᠶᠡᠭᠡ ᠰᠠᠯᠬᠢᠨ ᠤ ᠠᠭᠤᠷ ᠠᠮᠢᠰᠬᠤᠯ ᠨᠡᠮᠡᠭᠳᠡᠬᠦ ᠶᠢ ᠳᠠᠭᠠᠯᠳᠤᠨ᠂ ᠮᠠᠨ ᠤ ᠰᠢᠶᠠᠨ ᠤᠳᠠᠯ ᠦᠭᠡᠢ ᠬᠠᠪᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠬᠤᠭᠤᠴᠠᠭᠠᠨ ᠳᠤ ᠣᠷᠣᠬᠤ ᠪᠣᠯᠣᠨ᠎ᠠ᠂ ᠣᠶᠢᠷ᠎ᠠ ᠶᠢᠨ ᠬᠤᠭᠤᠴᠠᠭᠠᠨ ᠳᠤ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠩᠭᠢ ᠶᠢᠨ ᠬᠢᠨ ᠢᠳᠡᠪᠬᠢᠲᠡᠢ ᠪᠠᠷ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠩᠨᠡᠭᠡᠨ ᠤ ᠪᠠᠶᠢᠭᠤᠯᠤᠯᠲᠠ᠂ ᠲᠣᠭᠤᠷᠢᠨ ᠪᠠᠶᠢᠴᠠᠭᠠᠬᠤ ᠪᠠ ᠡᠬᠢ ᠡᠭᠦᠰᠦᠯ ᠠᠴᠠ ᠨᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠴᠢᠩᠭᠠᠳᠬᠠᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠵᠢᠵᠢᠭᠦᠷᠯᠡᠨ ᠰᠠᠬᠢᠬᠤ ᠶᠢ ᠦᠨᠡᠨ ᠬᠦ ᠪᠠᠲᠤᠯᠠᠵᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠬᠢᠵᠢᠭᠦᠯᠪᠡ᠃
     ᠬᠡᠳᠦᠨ ᠡᠳᠦᠷ ᠤᠨ ᠲᠤᠷᠰᠢ᠂ ᠭᠠᠯ ᠤᠨᠲᠠᠷᠠᠭᠠᠬᠤ ᠠᠩᠭᠢ ᠶᠢᠨ ᠬᠢᠨ ᠡᠯ᠎ᠡ ᠰᠠᠯᠪᠤᠷᠢ ᠪᠠᠭ᠎ᠠ ᠠᠩᠭᠢ ᠶᠢᠨ  ᠬᠢᠨ ᠢ ᠵᠣᠬᠢᠶᠠᠨ ᠪᠠᠶᠢᠭᠤᠯᠵᠤ᠂ ᠪᠦᠬᠦ ᠬᠦᠴᠦᠨ ᠢᠶᠠᠷ ᠢᠶᠠᠨ ᠪᠠᠬᠢᠯᠡᠯᠲᠡ ᠪᠠᠨ ᠴᠢᠩᠳᠠᠯᠠᠨ ᠪᠠᠶᠢᠯᠳᠤᠭᠠᠨ ᠳᠤ ᠪᠡᠯᠡᠳᠬᠡᠵᠦ᠂ ᠮᠠᠨ ᠤ ᠰᠢᠶᠠᠨ ᠤ ᠡᠯ᠎ᠡ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠭᠠᠵᠠᠷ ᠲᠤ ᠬᠦᠷᠴᠦ ᠣᠶ ᠰᠢᠭᠤᠢ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠤᠷᠭᠤᠮᠠᠯ ᠤᠨ ᠬᠤᠴᠢᠯᠭ᠎ᠠ ᠶᠢᠨ ᠬᠠᠮᠠᠭᠠᠯᠠᠯᠲᠠ᠂ ᠬᠡᠭᠡᠷ᠎ᠡ ᠶᠢᠨ ᠠᠮᠢᠲᠠᠨ ᠤᠷᠭᠤᠮᠠᠯ ᠢ ᠬᠢᠨᠠᠨ ᠬᠡᠮᠵᠢᠭᠰᠡᠨ ᠪᠠᠶᠢᠳᠠᠯ ᠢ ᠲᠣᠭᠤᠷᠢᠨ ᠪᠠᠶᠢᠴᠠᠭᠠᠬᠤ ᠶᠢᠨ ᠬᠠᠮᠲᠤ᠂ ᠣᠯᠠᠨ ᠲᠦᠮᠡᠨ ᠤ ᠣᠷᠣᠰᠢᠨ ᠰᠠᠭᠤᠬᠤ ᠴᠡᠭ᠂ ᠦᠵᠡᠮᠵᠢ ᠶᠢᠨ ᠣᠷᠣᠨ ᠳᠤ ᠬᠠᠪᠤᠷ ᠤᠨ ᠤᠯᠠᠷᠢᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ︽ᠰᠡᠷᠭᠡᠶᠢᠯᠡᠯᠲᠡ ᠶᠢᠨ ᠬᠡᠷᠡᠮ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠬᠦ ᠦᠶ᠎ᠡ ᠳᠤ ᠲᠦᠷᠭᠡᠨ ᠪᠥᠭᠡᠳ ᠪᠦᠲᠦᠮᠵᠢᠲᠡᠶ ᠪᠠᠷ ᠰᠢᠢᠳᠪᠦᠷᠢᠯᠡᠬᠦ ᠪᠠ ᠠᠪᠤᠷᠠᠨ ᠲᠤᠰᠠᠯᠠᠬᠤ ᠶᠢ ᠦᠨᠡᠨᠬᠦ ᠪᠠᠲᠤᠯᠠᠵᠤ᠂ ᠮᠠᠨ ᠤ ᠰᠢᠶᠠᠨ ᠤ ᠣᠶ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠨ᠎ᠠ᠃
             ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号