ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2024 ᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 14 ᠤ ᠦᠳᠡ ᠶᠢᠨ ᠬᠤᠶᠢᠨ᠎ᠠ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠢᠴᠢ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠪᠠ᠃ ᠬᠤᠷᠠᠯ ᠠᠴᠠ ᠪᠥᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠤᠯᠤᠰ᠂ ᠥᠪᠡᠷᠲᠡᠭᠡᠨ ᠵᠠᠰᠠᠬᠤ ᠣᠷᠣᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠥᠬᠦᠳᠡ ᠬᠤᠷᠠᠯ ᠤᠨ ᠠᠯᠪᠠᠨ ᠮᠡᠳᠡᠭᠡ ᠶᠢᠨ ᠵᠣᠷᠢᠭ ᠰᠠᠨᠠᠭ᠎ᠠ ᠶᠢ ᠤᠯᠠᠮᠵᠢᠯᠠᠪᠠ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠰᠦᠩ ᠵᠢᠶᠠᠨ ᠴᠢᠶᠣᠤ 2023 ᠣᠨ ᠤ ᠠᠵᠢᠯ ᠤᠨ ᠮᠡᠳᠡᠭᠦᠯᠦᠯᠲᠡ ᠬᠢᠵᠦ᠂ 2024 ᠣᠨ ᠤ ᠭᠤᠣᠯᠳᠠᠯᠭ᠎ᠠ ᠲᠠᠢ ᠡᠭᠦᠷᠭᠡ ᠶᠢ ᠪᠠᠶᠢᠷᠢᠯᠠᠭᠤᠯᠪᠠ᠃ ᠲᠣᠪᠴᠢᠶ᠎ᠠ ᠶᠢᠨ ᠪᠦᠬᠦ ᠺᠠᠳ᠋ᠷ ᠠᠵᠢᠯᠲᠠᠨ ᠠᠵᠢᠯᠴᠢᠨ ᠣᠷᠣᠯᠴᠠᠪᠠ᠃
     ᠬᠤᠷᠠᠯ ᠠᠴᠠ ᠵᠢᠭᠠᠵᠤ ᠭᠠᠷᠭᠠᠭᠰᠠᠨ ᠨᠢ᠂ 2023 ᠣᠨ ᠳᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠠ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠳᠣᠣᠷ᠎ᠠ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠥᠭᠵᠢᠯᠲᠡ ᠳᠤ ᠦᠢᠯᠡᠴᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠪᠠᠲᠤ ᠪᠠᠶᠢᠭᠤᠯᠵᠤ᠂ ᠲᠥᠪ ᠭᠤᠣᠯᠴᠢ ᠡᠮᠬᠢ ᠳᠢᠭᠯᠢᠮ ᠲᠠᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠬᠠᠮᠠᠭᠠᠯᠠᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠪᠠᠰᠤ ᠵᠣᠬᠢᠬᠤ ᠦᠢᠯᠡᠳᠦᠯ ᠪᠠ ᠡᠭᠦᠷᠭᠡᠯᠡᠯ ᠢ ᠪᠠᠳᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠰᠢᠨ᠎ᠡ ᠦᠷ᠎ᠡ ᠪᠦᠲᠦᠮᠵᠢ ᠣᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠳᠤ ᠰᠢᠨ᠎ᠡ ᠠᠮᠵᠢᠯᠲᠠ ᠪᠦᠲᠦᠮᠵᠢ ᠣᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠨᠢ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠥᠪ ᠤᠨ ᠠᠵᠢᠯ ᠤᠨ ᠲᠣᠭᠤᠷᠢᠨ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ 2024 ᠣᠨ ᠤ ᠠᠵᠢᠯ ᠤᠨ ᠳᠤᠮᠳᠠ᠂ ᠪᠦᠬᠦ ᠲᠠᠯ᠎ᠠ ᠪᠠᠷ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭ᠎ᠠ ᠪᠣᠳᠠᠲᠠᠢ ᠰᠠᠶᠢᠲᠤᠷ ᠠᠳᠬᠤᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠨᠠᠮ ᠤᠨ ᠲᠣᠭᠲᠠᠭᠠᠯ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠶᠢᠨ ᠬᠡᠷᠡᠭᠵᠢᠭᠦᠯᠦᠭᠰᠡᠨ ᠠᠵᠢᠯ ᠲᠦᠷᠦᠯ ᠤᠨ ᠰᠤᠷᠲᠠᠯ ᠢ ᠴᠡᠭᠴᠡᠯᠡᠨ ᠵᠠᠰᠠᠬᠤ ︽ᠭᠦᠨᠵᠡᠭᠡᠶᠢᠷᠡᠭᠦᠯᠦᠨ ᠥᠷᠭᠡᠳᠬᠡᠬᠦ ᠣᠨ︾ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠪᠦᠬᠦ ᠲᠠᠯ᠎ᠠ ᠶᠢᠨ ᠠᠵᠢᠯ ᠳᠤ ᠲᠤᠭᠤᠰᠢᠯᠠᠭᠤᠯᠬᠤ ᠶᠢ ᠪᠠᠷᠢᠮᠲᠠᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ ︽ᠲᠡᠷᠢᠭᠦᠨ ᠳᠤ ᠣᠷᠣᠬᠤ ᠪᠠᠷ ᠴᠢᠷᠮᠠᠶᠢᠬᠤ︾ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠶᠢᠨ ᠬᠦᠴᠦᠲᠡᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ᠃ ᠰᠤᠷᠤᠯᠴᠠᠯᠭ᠎ᠠ ᠪᠠᠨ ᠴᠢᠩᠭᠠᠳᠬᠠᠵᠤ᠂ ᠣᠨᠣᠯ ᠲᠥᠷᠥ ᠶᠢᠨ ᠪᠣᠳᠣᠯᠭ᠎ᠠ ᠶᠢᠨ ᠬᠢᠷᠢ ᠲᠦᠪᠰᠢᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠨᠠᠢᠮᠠᠨ ᠵᠦᠢᠯ ᠤᠨ ︽ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ︾ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ︽ᠢᠳᠡᠭᠡᠨ ᠤ ᠵᠦᠢᠯ᠂ ᠡᠮ ᠤᠨ ᠵᠦᠢᠯ᠂ ᠣᠨᠴᠠ ᠲᠥᠷᠥᠯ ᠤᠨ ᠲᠥᠬᠦᠭᠡᠷᠦᠮᠵᠢ᠂ ᠦᠢᠯᠡᠳᠬᠦᠨ ᠤ ᠶᠠᠰᠤ ᠴᠢᠨᠠᠷ︾᠂ ᠮᠡᠳᠡᠯᠭᠡ ᠶᠢᠨ ᠥᠮᠴᠢᠯᠡᠯ ᠤᠨ ᠡᠷᠬᠡ᠂ ᠦᠨ᠎ᠡ ᠬᠠᠩᠰᠢ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠰᠠᠶᠢᠲᠤᠷ ᠥᠷᠨᠢᠭᠦᠯᠵᠦ᠂ ᠮᠠᠨ ᠤ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃       ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠳᠡᠭᠡᠳᠦ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠲᠤᠰᠢᠶᠠᠭᠰᠠᠨ ᠠᠵᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠴᠤᠬ ᠵᠣᠷᠢᠭ ᠢᠶᠠᠨ ᠬᠥᠪᠴᠢᠯᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠵᠣᠷᠢᠭᠲᠠᠢ ᠪᠠᠷ ᠤᠷᠤᠭᠰᠢᠯᠠᠨ ᠳᠠᠪᠰᠢᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠣ᠂ 2024 ᠣᠨ ᠤ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号