ᠪᠦᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 12 ᠤᠨ ᠡᠳᠦᠷ᠂ ᠪᠥᠬᠦ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠡᠷᠭᠢᠯᠡᠪᠡ᠃      ᠬᠤᠷᠠᠯ ᠠᠴᠠ ︽ᠦᠴᠦᠸᠠᠨ ᠰᠢᠶᠠᠨ ᠤ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠬᠡᠷᠡᠭᠵᠢᠭᠦᠯᠬᠦ ᠲᠥᠰᠥᠯ︾ ᠳᠤ ᠲᠠᠶᠢᠯᠤᠮᠵᠢ ᠬᠢᠭᠰᠡᠨ ᠪᠥᠭᠡᠳ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ︽ᠲᠦᠷᠦᠯ ᠵᠦᠢᠯ ᠢᠶᠠᠷ ᠭᠤᠣᠯ ᠪᠣᠯᠭᠠᠵᠤ᠂ ᠲᠦᠷᠦᠯ ᠵᠦᠢᠯ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠡᠷᠡᠰ ᠭᠤᠶᠢᠪᠢᠰᠢ ᠦᠭᠡᠢ ᠪᠤᠢ ᠪᠣᠯᠭᠠᠵᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠪᠠᠷ ᠢᠶᠠᠨ ᠠᠩᠬᠠᠷᠤᠯ ᠢᠶᠠᠨ ᠲᠥᠪᠯᠡᠷᠡᠭᠦᠯᠦᠨ ᠬᠦᠴᠦᠨ ᠢᠶᠠᠨ ᠲᠥᠪᠯᠡᠷᠡᠭᠦᠯᠦᠨ ᠲᠦᠷᠦᠯ ᠵᠦᠢᠯ ᠢ ᠠᠳᠬᠤᠬᠤ᠂ ᠪᠡᠯᠡ ᠣᠷᠣᠭᠤᠯᠤᠯᠲᠠ ᠶᠢ ᠲᠠᠲᠠᠬᠤ᠂ ᠬᠥᠭᠵᠢᠯᠲᠡ ᠶᠢ ᠠᠬᠢᠭᠤᠯᠬᠤ ᠶᠢ ᠪᠦᠬᠦ ᠬᠦᠴᠦᠨ ᠢᠶᠠᠷ ᠢᠶᠠᠨ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠦᠭᠡᠯᠡᠵᠦ᠂ ᠪᠣᠳᠠᠲᠤ ᠪᠠᠶᠢᠳᠠᠯ ᠢ ᠦᠨᠳᠦᠰᠦᠯᠡᠨ᠂ ᠴᠠᠭ ᠢ ᠦᠵᠡᠨ ᠪᠠᠶᠢᠳᠠᠯ ᠢ ᠰᠢᠨᠵᠢᠵᠦ᠂ ᠤᠯᠠᠨ ᠤ ᠰᠠᠨᠠᠯ ᠢ ᠠᠪᠴᠤ ᠤᠯᠠᠨ ᠤ ᠤᠬᠠᠭᠠᠨ ᠢ ᠲᠥᠪᠯᠡᠷᠡᠭᠦᠯᠦᠨ᠂ ᠤᠯᠠᠨ ᠠᠷᠭ᠎ᠠ ᠵᠠᠮ ᠢᠶᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠡᠳᠬᠢᠬᠦᠢ ᠪᠠᠨ ᠥᠷᠭᠡᠳᠬᠡᠵᠦ᠂ ᠵᠣᠷᠢᠭ ᠰᠢᠭᠤᠳᠤᠨ ᠮᠠᠨ ᠤ ᠰᠢᠶᠠᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠬᠢᠨ ᠪᠡᠷᠬᠡᠰᠢᠶᠡᠯ ᠢ ᠢᠯᠠᠨ ᠳᠠᠪᠠᠵᠤ᠂ ᠬᠠᠷᠠᠯᠲᠠ ᠡᠭᠦᠷᠭᠡ ᠪᠠᠨ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠪᠦᠬᠦ ᠠᠵᠢᠯᠲᠠᠨ ᠤ ᠬᠤᠳᠠᠯᠳᠤᠭᠠᠴᠢᠨ ᠤᠷᠢᠬᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠰᠢᠶᠠᠨ ᠤ ︽ᠲᠦᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ︾ ᠤᠨ ᠲᠣᠭᠤᠷᠢᠨ ᠳᠤ ᠬᠥᠭᠵᠢᠯᠲᠡ ᠶᠢ ᠦᠷᠭᠦᠯᠵᠢᠯᠡᠨ ᠠᠳᠬᠤᠵᠤ᠂ ᠲᠦᠷᠦᠯ ᠵᠦᠢᠯ ᠢ ᠠᠳᠬᠤᠵᠤ᠂ ᠬᠤᠳᠠᠯᠳᠤᠭᠠᠴᠢᠨ ᠤᠷᠢᠬᠤ ᠶᠢ ᠠᠳᠬᠤᠵᠤ᠂ ᠪᠦᠬᠦ ᠲᠠᠯ᠎ᠠ ᠪᠠᠷ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠱᠠᠭᠠᠷᠳᠠᠪᠠ᠃      ᠬᠤᠳᠠᠯᠳᠤᠭᠠᠴᠢᠨ ᠤᠷᠢᠬᠤ ᠠᠵᠢᠯ ᠢ ᠪᠦᠬᠦ ᠬᠦᠴᠦᠨ ᠢᠶᠠᠷ ᠢᠶᠠᠨ ᠠᠳᠬᠤᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ᠂ ︽ᠡᠵᠡᠨ ᠬᠥᠮᠥᠨ︾ ᠤ ᠤᠬᠠᠮᠰᠠᠷ ᠲᠠᠢ ᠪᠠᠶᠢᠬᠤ ᠬᠡᠷᠡᠭᠲᠡᠢ᠂ ᠠᠵᠢᠯ ᠳᠠᠭᠠᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠲᠠᠢ ᠪᠠᠶᠢᠵᠤ᠂ ᠭᠠᠵᠠᠷ ᠣᠷᠣᠨ ᠤ ᠠᠵᠢᠯ ᠦᠢᠯᠡᠰ ᠪᠠ ᠠᠷᠠᠳ ᠢᠷᠭᠡᠳ ᠲᠤ ᠬᠠᠷᠢᠭᠤᠴᠠᠬᠤ ᠣᠪᠣᠷ ᠢ ᠡᠪᠦᠷᠯᠡᠨ ᠠᠷᠭ᠎ᠠ ᠪᠦᠬᠦᠨ ᠢ ᠰᠦᠪᠡᠭᠴᠢᠯᠡᠨ ᠰᠢᠨ᠎ᠡ ᠠᠷᠭ᠎ᠠ ᠤᠬᠠᠭᠠᠨ ᠭᠠᠷᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠦᠷᠦᠯ ᠵᠦᠢᠯ ᠢ ᠰᠠᠶᠢᠲᠤᠷ ᠲᠠᠲᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠰᠢᠨ᠎ᠡ ᠠᠷᠭ᠎ᠠ ᠤᠬᠠᠭᠠᠨ ᠭᠠᠷᠭᠠᠵᠤ᠂ ᠠᠷᠭ᠎ᠠ ᠪᠦᠬᠦᠨ ᠢ ᠰᠦᠪᠡᠭᠴᠢᠯᠡᠨ ᠦᠢᠯᠡᠴᠢᠯᠡᠭᠡ ᠶᠢ ᠰᠢᠯᠢᠳᠡᠭᠵᠢᠭᠦᠯᠵᠦ᠂ ᠡᠯ᠎ᠡ ᠵᠦᠢᠯ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠢ ᠦᠯᠡᠳᠡᠭᠡᠵᠦ᠂ ᠲᠦᠷᠦᠯ ᠵᠦᠢᠯ ᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠷᠠᠯ ᠠᠴᠠ᠂ ᠲᠤᠰ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ ᠪᠦᠬᠦ ᠲᠠᠯ᠎ᠠ ᠪᠠᠷ ᠪᠠᠶᠢᠷᠢᠰᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠤᠭᠤᠴᠠᠭᠠᠲᠤ ᠦᠢᠯᠡᠳᠦᠯ ᠢ ᠴᠢᠩᠭᠠᠳᠬᠠᠵᠤ᠂ ᠲᠦᠷᠦᠭᠦᠯᠡᠨ ᠵᠢᠱᠢᠶ᠎ᠡ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠲᠤᠰᠬᠠᠢ ᠮᠡᠷᠭᠡᠵᠢᠯ ᠤᠨ ᠪᠦᠯᠬᠦᠮ ᠢ ᠵᠣᠬᠢᠶᠠᠨ ᠪᠠᠶᠢᠭᠤᠯᠵᠤ᠂ ᠨᠠᠷᠢᠨ ᠬᠢᠨᠠᠮᠠᠭᠠᠢ ᠰᠤᠳᠤᠯᠵᠤ᠂ ᠨᠠᠷᠢᠨ ᠨᠢᠮᠪᠠᠢ ᠡᠮᠬᠢᠯᠡᠵᠦ᠂ ᠨᠡᠩ ᠤᠯᠠᠨ ᠠᠷᠭ᠎ᠠ ᠵᠠᠮ ᠢ ᠰᠦᠪᠡᠭᠴᠢᠯᠡᠵᠦ ᠪᠠᠶᠢᠭᠠᠳ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠷᠡᠭᠲᠡᠢ᠃ ᠬᠠᠷᠢᠭᠤᠴᠠᠯᠭ᠎ᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠪᠡᠶ᠎ᠡ ᠪᠠᠷ ᠢᠶᠠᠨ ᠣᠷᠣᠯᠴᠠᠵᠤ᠂ ᠦᠨᠡᠨᠬᠦ ᠠᠳᠬᠤᠨ ᠪᠣᠳᠠᠲᠠᠢ ᠠᠵᠢᠯᠯᠠᠵᠤ᠂ ᠪᠦᠬᠦ ᠰᠢᠶᠠᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠬᠦᠴᠦ ᠪᠠᠨ ᠨᠢᠭᠡᠳᠬᠡᠨ ᠬᠠᠮᠲᠤᠷᠠᠯᠴᠠᠵᠤ᠂ ᠢᠳᠡᠪᠬᠢᠲᠡᠢ ᠠᠵᠢᠯᠯᠠᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠲᠤᠪᠠᠷ ᠠᠳᠬᠤᠨ ᠬᠠᠮᠲᠤᠪᠠᠷ ᠬᠠᠮᠢᠶᠠᠷᠴᠤ᠂ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠵᠤᠤ ᠯᠧ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号