ᠦᠴᠦᠸᠠᠨ ᠰᠢᠶᠠᠨ ︽3·15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/15
     3 ᠰᠠᠷ᠎ᠠ ᠶᠢᠨ 15  ᠤ ᠡᠳᠦᠷ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠰᠢᠶᠠᠨ ᠤ ᠬᠡᠷᠡᠭᠯᠡᠭᠴᠢᠳ ᠤᠨ ᠨᠡᠶᠢᠭᠡᠮᠯᠢᠭ ᠠᠴᠠ ᠭᠤᠣᠯᠯᠠᠨ ᠡᠷᠬᠢᠯᠡᠭᠰᠡᠨ ︽ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠬᠦ︾ ᠪᠠᠷ ᠭᠤᠣᠯ ᠰᠡᠳᠦᠪ ᠪᠣᠯᠭᠠᠭᠰᠠᠨ 2024 ᠣᠨ ᠤ ︽3·15 ᠳᠡᠯᠡᠬᠡᠢ ᠶᠢᠨ ᠬᠡᠷᠡᠭᠯᠡᠭᠴᠢᠳ ᠤᠨ ᠡᠷᠬᠡ ᠠᠰᠢᠭ ᠤᠨ ᠡᠳᠦᠷ︾ ᠤᠨ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠰᠢᠨ᠎ᠡ ᠳᠡᠯᠡᠬᠡᠢ ᠠᠭᠤᠳᠠᠮ ᠲᠠᠯᠠᠪᠠᠢ ᠳᠤ ᠶᠠᠪᠤᠭᠳᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠼᠦᠢ ᠵᠧᠨ ᠬᠤᠸᠠ ᠠᠵᠢᠯᠯᠠᠭ᠎ᠠ ᠳᠤ ᠣᠷᠣᠯᠴᠠᠵᠤ ᠶᠠᠷᠢᠶ᠎ᠠ ᠲᠠᠯᠪᠢᠪᠠ᠃
     ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ︽ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ ᠡᠵᠡᠩᠨᠡᠵᠦ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ︾ ᠢ ᠤᠩᠰᠢᠨ ᠨᠡᠶᠢᠲᠡᠯᠡᠵᠦ᠂ ᠠᠵᠤ ᠠᠬᠤᠶᠢᠯᠠᠯ ᠤᠨ ᠲᠥᠯᠥᠭᠡᠯᠡᠭᠴᠢ ᠬᠠᠤᠯᠢ ᠶᠢ ᠰᠠᠬᠢᠵᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃      ᠠᠵᠢᠯᠯᠠᠭ᠎ᠠ ᠶᠢᠨ ᠳᠤᠮᠳᠠ᠂ ᠰᠢᠶᠠᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠭᠠᠯ ᠤᠨᠲᠠᠷᠠᠭᠠᠬᠤ ᠶᠡᠭᠡ ᠠᠩᠭᠢ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠮᠴᠢᠯᠡᠭᠡᠨ ᠤ ᠪᠠᠲᠤᠯᠠᠭ᠎ᠠ ᠶᠢᠨ ᠲᠤᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠳᠠᠪᠤᠰᠤᠨ ᠤ ᠦᠢᠯᠡᠰ ᠤᠨ ᠺᠣᠮᠫᠠᠨᠢ᠂ ᠨᠠᠪᠴᠢᠨ ᠲᠠᠮᠠᠬᠢ ᠶᠢᠨ ᠺᠣᠮᠫᠠᠨᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠣᠷᠴᠢᠨ ᠲᠣᠭᠤᠷᠢᠨ ᠢᠳᠡᠭᠡᠨ ᠡᠮ ᠤᠨ ᠵᠦᠢᠯ ᠢ ᠲᠤᠷᠰᠢᠨ ᠪᠠᠶᠢᠴᠠᠭᠠᠬᠤ ᠶᠡᠭᠡ ᠠᠩᠭᠢ ᠵᠡᠷᠭᠡ ᠰᠠᠯᠠᠭ᠎ᠠ ᠮᠥᠴᠢᠷ ᠤᠨ ᠠᠵᠢᠯᠲᠠᠳ ᠦᠵᠡᠭᠦᠯᠦᠯᠭᠡ ᠶᠢᠨ ᠲᠠᠪᠴᠠᠩ ᠭᠠᠷᠭᠠᠬᠤ᠂ ᠤᠬᠠᠭᠤᠯᠭ᠎ᠠ ᠶᠢᠨ ᠰᠠᠮᠪᠠᠷ᠎ᠠ ᠲᠠᠯᠪᠢᠬᠤ᠂ ᠬᠥᠨᠳᠡᠯᠡᠨ ᠪᠢᠴᠢᠭᠡᠰᠦ ᠡᠯᠭᠦᠬᠦ᠂ ᠬᠡᠷᠡᠭᠯᠡᠭᠡᠨ ᠤ ᠡᠷᠬᠡ ᠠᠰᠢᠭ ᠢ ᠬᠠᠮᠠᠭᠠᠯᠠᠬᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠠᠰᠠᠭᠤᠨ ᠯᠠᠪᠯᠠᠵᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠤᠬᠠᠢ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠢᠳᠡᠪᠬᠢᠲᠡᠢ ᠪᠠᠷ ᠤᠬᠠᠭᠤᠯᠵᠤ᠂ ᠬᠤᠳᠠᠯ ᠬᠠᠭᠤᠷᠮᠠᠭ ᠲᠤ ᠴᠣᠬᠢᠯᠲᠠ ᠥᠭᠬᠦ ᠶᠢᠨ ᠢᠯᠡᠴᠢᠯᠡᠨ ᠮᠡᠳᠡᠭᠦᠯᠬᠦ ᠠᠷᠭ᠎ᠠ ᠵᠠᠮ ᠪᠠ ᠶᠠᠰᠤ ᠴᠢᠨᠠᠷ ᠤᠨ ᠵᠠᠭᠠᠯᠳᠤᠯᠭ᠎ᠠ ᠬᠢᠬᠦ ᠠᠷᠭ᠎ᠠ ᠶᠢ ᠲᠠᠨᠢᠯᠴᠠᠭᠤᠯᠵᠤ᠂ ᠥᠷᠭᠡᠨ ᠣᠯᠠᠨ ᠬᠡᠷᠡᠭᠯᠡᠭᠴᠢᠳ ᠢ ᠬᠠᠪᠰᠤᠷᠤᠨ ᠬᠤᠳᠠᠯ ᠬᠠᠭᠤᠷᠮᠠᠭ ᠢ ᠲᠠᠨᠢᠬᠤ᠂ ᠬᠤᠳᠠᠯ ᠬᠠᠭᠤᠷᠮᠠᠭ ᠢ ᠰᠡᠷᠭᠡᠶᠢᠯᠡᠬᠦ ᠴᠢᠳᠠᠪᠤᠷᠢ ᠶᠢ ᠨᠢ ᠨᠡᠮᠡᠭᠳᠡᠭᠦᠯᠬᠦ  ᠶᠢᠨ ᠵᠡᠷᠭᠡ ᠳᠤ ᠣᠯᠠᠨ ᠲᠦᠮᠡᠨ ᠳᠤ ᠵᠢᠵᠢᠭ ᠠᠰᠢᠭ ᠬᠥᠭᠡᠭᠡᠴᠡᠯᠳᠦᠬᠦ ᠦᠭᠡᠢ᠂ ᠵᠢᠩᠬᠢᠨᠢ ᠳᠡᠯᠭᠡᠭᠦᠷ ᠠᠴᠠ ᠲᠠᠸᠠᠷ ᠬᠤᠳᠠᠯᠳᠤᠨ ᠠᠪᠴᠤ᠂ ᠪᠠᠷᠠᠭ᠎ᠠ ᠬᠤᠳᠠᠯᠳᠤᠨ ᠠᠪᠬᠤ ᠵᠢᠵᠢᠭ ᠫᠢᠶᠣᠣ ᠶᠢ ᠦᠯᠡᠳᠡᠭᠡᠵᠦ᠂ ᠬᠡᠷᠡᠭᠯᠡᠭᠡᠨ ᠤ ᠡᠷᠬᠡ ᠠᠰᠢᠭ  ᠢ ᠬᠠᠮᠠᠭᠠᠯᠠᠬᠤ ᠳᠤ ᠭᠡᠷᠡᠴᠢ ᠪᠠᠷᠢᠮᠲᠠ ᠬᠠᠩᠭᠠᠬᠤ ᠶᠢ ᠰᠠᠨᠠᠭᠤᠯᠪᠠ᠃      ᠡᠨᠡ ᠤᠳᠠᠭ᠎ᠠ ᠶᠢᠨ ᠠᠵᠢᠯᠯᠠᠭ᠎ᠠ ᠨᠢ ᠣᠯᠠᠨ ᠲᠦᠮᠡᠨ ᠤ ᠬᠠᠤᠯᠢ ᠶᠢ ᠮᠡᠳᠡᠭᠦ ᠬᠠᠤᠯᠢ ᠶᠢ ᠣᠶᠢᠯᠠᠭᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠤᠬᠠᠮᠰᠠᠷ ᠪᠣᠯᠣᠨ ᠡᠷᠬᠡ ᠪᠠᠨ ᠬᠠᠮᠠᠭᠠᠯᠠᠬᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠂ ᠬᠡᠷᠡᠭᠯᠡᠭᠴᠢᠳ ᠤᠨ ᠡᠷᠬᠡ ᠶᠢ ᠬᠠᠮᠠᠭᠠᠯᠠᠬᠤ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠨᠢᠭᠦᠯᠵᠦ᠂ ᠬᠡᠷᠡᠭᠯᠡᠭᠴᠢᠳ ᠤᠨ ᠡᠷᠬᠡ ᠪᠠᠨ ᠬᠠᠮᠠᠭᠠᠯᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠬᠡᠷᠡᠭᠯᠡᠭᠡᠨ ᠤ ᠢᠲᠡᠭᠡᠯ ᠢ ᠪᠦᠬᠦ ᠲᠠᠯ᠎ᠠ ᠪᠠᠷ ᠨᠡᠮᠡᠭᠳᠡᠭᠦᠯᠬᠦ ᠳᠤ ᠬᠦᠴᠦᠲᠡᠢ ᠬᠥᠳᠡᠯᠭᠡᠬᠦ ᠬᠦᠴᠦᠨ ᠣᠯᠭᠤᠵᠤ᠂ ᠪᠦᠬᠦ ᠰᠢᠶᠠᠨ ᠳᠤ ᠰᠠᠶᠢᠨ ᠰᠠᠶᠢᠬᠠᠨ ᠬᠡᠷᠡᠭᠯᠡᠭᠡᠨ ᠤ ᠣᠷᠴᠢᠨ ᠨᠥᠬᠦᠴᠡᠯ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠪᠤᠶ ᠪᠣᠯᠭᠠᠬᠤ ᠳᠤ ᠪᠠᠲᠤ ᠪᠠᠬᠢ ᠣᠯᠠᠨ ᠲᠦᠮᠡᠨ ᠤ ᠰᠠᠭᠤᠷᠢ ᠶᠢ ᠲᠠᠯᠪᠢᠵᠤ ᠥᠭᠬᠦ ᠶᠢᠨ ᠲᠥᠯᠥᠭᠡ ᠶᠤᠮ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号