ᠭᠦᠭᠡᠬᠤᠲᠠ - ᠤᠯᠠᠭᠠᠨᠪᠠᠭᠠᠲᠤᠷ ᠤᠨ ᠬᠤᠭᠤᠷᠣᠨᠳᠣᠭᠢ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠠᠶᠠᠯᠠᠯ ᠢᠶᠠᠨ ᠰᠡᠷᠭᠦᠭᠡᠯ᠎ᠡ
ᠨᠡᠶᠢᠲᠡᠯᠡᠭᠰᠡᠨ ᠴᠠᠭ᠄
2024/3/18
     ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠳᠤᠮᠳᠠᠳᠤ ᠮᠣᠩᠭᠤᠯ ᠬᠤᠶᠠᠷ ᠤᠯᠤᠰ ᠤᠨ ᠲᠡᠮᠦᠷ ᠵᠠᠮ ᠤᠨ ᠰᠠᠯᠠᠭ᠎ᠠ ᠮᠥᠴᠢᠷ ᠤᠨ ᠵᠥᠪᠳᠡᠯᠴᠡᠭᠡ ᠪᠠᠷ ᠳᠡᠮᠵᠢᠨ 2024 ᠣᠨ ᠤ 3 ᠰᠠᠷ᠎ᠠ ᠶᠢᠨ 15 ᠠᠴᠠ ᠡᠬᠢᠯᠡᠨ ᠭᠦᠭᠡᠬᠤᠲᠠ ᠬᠢᠭᠡᠳ ᠮᠣᠩᠭᠤᠯ ᠤᠯᠤᠰ ᠤᠨ ᠤᠯᠠᠭᠠᠨᠪᠠᠭᠠᠲᠤᠷ ᠤᠨ ᠬᠤᠭᠤᠷᠣᠨᠳᠣᠭᠢ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡᠨ ᠤ ᠠᠶᠠᠯᠠᠯ ᠢ ᠰᠡᠷᠭᠦᠭᠡᠪᠡ᠃ ᠡᠨᠡ ᠨᠢ ᠳᠤᠮᠳᠠᠳᠤ ᠮᠣᠩᠭᠤᠯ ᠬᠤᠶᠠᠷ ᠤᠯᠤᠰ ᠤᠨ ᠠᠷᠠᠳ ᠣᠯᠠᠨ ᠤ ᠬᠢᠯᠢ ᠠᠯᠤᠰᠯᠠᠨ ᠠᠶᠠᠯᠠᠬᠤ ᠳᠤ ᠲᠥᠭᠦᠮ ᠦᠵᠡᠭᠦᠯᠵᠦ᠂ ᠣᠷᠣᠨ ᠪᠦᠰᠡ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠤᠨ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠲᠤᠰ ᠣᠯᠠᠨ ᠤᠯᠤᠰ ᠤᠨ ᠠᠶᠠᠨᠴᠢᠳ ᠤᠨ ᠭᠠᠯᠲᠤ ᠲᠡᠷᠭᠡ ᠭᠠᠷᠠᠭ ᠪᠦᠷᠢ ᠶᠢᠨ ᠭᠠᠷᠠᠭ ᠤᠨ ᠨᠢᠭᠡᠨ᠂ ᠭᠠᠷᠠᠭ  ᠤᠨ ᠲᠠᠪᠤᠨ ᠳᠤ ᠭᠦᠭᠡᠬᠤᠲᠠ ᠥᠷᠲᠡᠭᠡ ᠠᠴᠠ ᠮᠣᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠬᠢᠯᠢ ᠳᠠᠪᠠᠵᠤ ᠤᠯᠠᠭᠠᠨᠪᠠᠭᠠᠲᠤᠷ ᠥᠷᠲᠡᠭᠡ ᠬᠦᠷᠬᠦ ᠪᠣᠯᠣᠨ᠎ᠠ᠃ ᠭᠠᠷᠠᠭ ᠪᠦᠷᠢ ᠶᠢᠨ ᠭᠠᠷᠠᠭ ᠤᠨ ᠨᠢᠭᠡᠨ᠂ ᠭᠠᠷᠠᠭ ᠤᠨ ᠲᠠᠪᠤᠨ ᠳᠤ ᠮᠣᠩᠭᠤᠯ ᠤᠯᠤᠰ ᠤᠨ ᠤᠯᠠᠭᠠᠨᠪᠠᠭᠠᠲᠤᠷ ᠥᠷᠲᠡᠭᠡ ᠠᠴᠠ ᠮᠣᠷᠳᠠᠨ ᠡᠷᠢᠶᠡᠨ ᠬᠤᠲᠠ ᠶᠢᠨ ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠳᠡᠮᠵᠢᠨ ᠬᠢᠯᠢ ᠳᠤ ᠣᠷᠣᠵᠤ᠂ ᠭᠦᠭᠡᠬᠤᠲᠠ ᠥᠷᠲᠡᠭᠡ ᠬᠦᠷᠬᠦ ᠪᠣᠯᠣᠨ᠎ᠠ᠃      ᠲᠡᠮᠦᠷ ᠵᠠᠮ ᠤᠨ ᠰᠠᠯᠠᠭ᠎ᠠ ᠮᠥᠴᠢᠷ ᠬᠢᠨ᠂ ᠠᠶᠠᠨᠴᠢᠳ ᠲᠡᠮᠦᠷ ᠵᠠᠮ ᠤᠨ ᠣᠯᠠᠨ ᠤᠯᠤᠰ ᠤᠨ ᠬᠠᠮᠲᠤᠷᠠᠭᠰᠠᠨ ᠵᠥᠭᠡᠭᠡᠪᠦᠷᠢ ᠶᠢᠨ ᠭᠠᠯᠲᠤ ᠲᠡᠷᠭᠡᠨ ᠳᠤ ᠰᠠᠭᠤᠬᠤ ᠳᠠᠭᠠᠨ ᠬᠢᠯᠢ ᠶᠢᠨ ᠪᠣᠭᠤᠮᠲᠠ ᠶᠢᠨ ᠲᠡᠷᠭᠡᠨ ᠥᠷᠲᠡᠭᠡᠨ ᠳᠤ ᠪᠣᠭᠤᠮᠲᠠ ᠪᠠᠷ ᠥᠩᠭᠡᠷᠡᠬᠦ ᠲᠤᠬᠠᠶᠢᠯᠠᠭᠰᠠᠨ ᠭᠠᠷᠳᠠᠮ ᠢ ᠭᠦᠢᠴᠡᠳᠬᠡᠬᠦ ᠴᠢᠬᠤᠯᠠᠲᠠᠢ ᠪᠥᠭᠡᠳ ᠠᠶᠠᠨᠴᠢᠳ ᠲᠡᠷᠭᠡᠨ  ᠳᠤ ᠰᠠᠭᠤᠬᠤ ᠠᠴᠠ ᠪᠠᠨ ᠡᠮᠦᠨ᠎ᠡ ᠤᠷᠢᠳᠴᠢᠯᠠᠨ ᠸᠢᠰᠠ ᠬᠢᠯᠭᠡᠬᠦ ᠪᠤᠶᠤ ᠸᠢᠰᠠ ᠲᠠᠮᠠᠭᠠᠯᠠᠬᠤ ᠶᠢ ᠬᠡᠯᠲᠦᠷᠢᠭᠦᠯᠬᠦ ᠮᠠᠲ᠋ᠧᠷᠢᠶᠠᠯ ᠢᠶᠠᠨ ᠪᠡᠯᠡᠳᠬᠡᠬᠦ ᠴᠢᠬᠤᠯᠠᠲᠠᠢ᠃ ᠣᠯᠠᠨ ᠤᠯᠤᠰ ᠤᠨ ᠬᠠᠮᠲᠤᠷᠠᠭᠰᠠᠨ ᠵᠥᠭᠡᠭᠡᠪᠦᠷᠢ ᠶᠢᠨ ᠭᠠᠯᠲᠤ ᠲᠡᠷᠭᠡᠨ  ᠤ ᠪᠢᠯᠧᠲ ᠢ ᠪᠢᠯᠧᠲ ᠬᠤᠳᠠᠯᠳᠤᠬᠤ ᠴᠡᠭ ᠲᠤ ᠬᠤᠳᠠᠯᠳᠤᠵᠤ᠂ ᠠᠶᠠᠨᠴᠢᠳ ᠫᠠᠰᠫᠣᠷᠲ ᠢᠶᠠᠨ ᠠᠪᠴᠤ ᠬᠤᠳᠠᠯᠳᠤᠨ ᠠᠪᠬᠤ ᠴᠢᠬᠤᠯᠠᠲᠠᠢ ᠬᠡᠮᠡᠨ ᠰᠠᠨᠠᠭᠤᠯᠵᠤ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号