ᠪᠡᠭᠡᠵᠢᠩ ᠤᠨ ᠮᠧᠨ ᠲᠧᠦ ᠭᠧᠦ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠮ ᠡᠮᠨᠡᠯᠭᠡ ᠶᠢᠨ ᠲᠤᠰᠬᠠᠢ ᠮᠡᠷᠭᠡᠵᠢᠯᠲᠡᠨ ᠦᠴᠦᠸᠠᠨ ᠰᠢᠶᠠᠨ ᠳᠤ ᠬᠦᠷᠴᠦ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15  ᠤ ᠡᠳᠦᠷ᠂ ᠪᠡᠭᠡᠵᠢᠩ ᠤᠨ ᠮᠧᠨ ᠲᠧᠦ ᠭᠧᠦ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠴᠧᠨ ᠪᠢᠨ ᠦᠴᠦᠸᠠᠨ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶᠠᠨ ᠳᠤ ᠬᠤᠶᠠᠳᠤᠭᠠᠷ ᠤᠳᠠᠭ᠎ᠠ ᠶᠢᠨ ᠡᠮ ᠡᠮᠨᠡᠯᠭᠡ ᠶᠢᠨ ᠲᠤᠰᠠᠯᠠᠮᠵᠢ ᠦᠵᠡᠭᠦᠯᠪᠡ᠂ ᠲᠡᠷᠡ ᠥᠪᠡᠷ ᠤᠨ ᠪᠣᠯᠪᠠᠰᠤᠷᠠᠩᠭᠤᠢ ᠮᠡᠷᠭᠡᠵᠢᠯ ᠪᠣᠯᠣᠨ ᠴᠠᠭᠠᠷᠠᠭᠰᠠᠨ ᠬᠢᠲᠠᠳ ᠡᠮᠨᠡᠯᠭᠡ ᠶᠢᠨ ᠤᠨᠤᠯ ᠢᠶᠠᠷ ᠢᠶᠠᠨ ᠦᠴᠦᠸᠠᠨ ᠰᠢᠶᠠᠨ ᠤ ᠠᠷᠠᠳ ᠢᠷᠭᠡᠳ ᠲᠤ ᠪᠤᠶᠠᠨ ᠦᠢᠯᠡᠳᠴᠡᠢ᠃
     ᠴᠧᠨ ᠪᠢᠨ ᠲᠠᠢ ᠠᠭᠤᠯᠵᠠᠬᠤ ᠦᠶ᠎ᠡ ᠳᠤ᠂ ᠲᠡᠷᠡ ᠶᠠᠭ ᠡᠪᠡᠳᠴᠢᠲᠡᠨ ᠤ ᠡᠮᠦᠨ᠎ᠡ ᠠᠴᠠ ︽ᠲᠠ ᠰᠠᠶᠢᠨ ᠤᠣ᠂ ᠲᠠ ᠳᠡᠭᠡᠷ᠎ᠡ ᠤᠳᠠᠭ᠎ᠠ ᠡᠮ ᠤᠤᠭᠤᠭᠰᠠᠨ ᠤ ᠳᠠᠷᠠᠭ᠎ᠠ᠂ ᠢᠳᠡᠭᠡᠨ ᠤ ᠳᠤᠷᠠᠰᠢᠯ ᠶᠠᠮᠠᠷ ᠬᠤᠪᠢᠷᠠᠯᠲᠠ ᠲᠠᠢ ᠦᠦ︖ ᠬᠡᠪ ᠤᠨ ᠪᠠᠶᠢᠳᠠᠯ ᠲᠠᠢ ᠦᠦ︖ ᠨᠣᠶᠢᠷ ᠰᠠᠶᠢᠨ ᠦᠦ︖ ᠤᠨᠲᠠᠭᠰᠠᠨ ᠤ ᠳᠠᠷᠠᠭ᠎ᠠ ᠠᠮᠠᠷᠬᠠᠨ ᠰᠡᠷᠡᠳᠡᠭ ᠦᠦ︖ ᠁︾ ᠭᠡᠵᠦ ᠳᠠᠪᠲᠠᠨ ᠣᠨᠣᠰᠢᠯᠠᠵᠤ᠂ ᠡᠪᠡᠳᠴᠢᠲᠡᠨ ᠳᠤ ᠠᠩᠬᠠᠷᠬᠤ ᠵᠦᠢᠯ ᠢ ᠵᠠᠬᠢᠵᠤ ᠪᠠᠶᠢᠪᠠ᠃ ᠬᠠᠪᠰᠤᠷᠤᠨ ᠲᠡᠳᠬᠦᠬᠦ ᠬᠤᠭᠤᠴᠠᠭᠠᠨ ᠳᠤ᠂ ᠴᠧᠨ ᠪᠢᠨ ᠲᠡᠷᠢᠭᠦᠨ ᠤ ᠬᠢᠲᠠᠳ ᠡᠮᠨᠡᠯᠭᠡ ᠶᠢᠨ ᠣᠶᠢᠯᠠᠭᠠᠭᠳᠠᠬᠤᠨ ᠢᠶᠠᠷ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠳᠤ ᠮᠠᠰᠢ ᠤᠯᠠᠨ ᠬᠤᠪᠢᠷᠠᠯᠲᠠ ᠭᠠᠷᠭᠠᠵᠠᠢ᠂ ᠲᠡᠷᠡ ᠤᠯᠠᠨ ᠲᠦᠮᠡᠨ ᠳᠤ ᠲᠤᠰᠬᠠᠢ ᠡᠮᠴᠢᠯᠡᠭᠡ ᠬᠠᠩᠭᠠᠭᠰᠠᠨ ᠢᠶᠠᠷ ᠪᠠᠷᠠᠬᠤ ᠦᠭᠡᠢ ᠪᠠᠰᠠ ᠬᠢᠲᠠᠳ ᠡᠮᠨᠡᠯᠭᠡ ᠶᠢᠨ ᠡᠮᠴᠢᠯᠡᠭᠡ ᠶᠢᠨ ᠤᠭ ᠶᠣᠰᠣ ᠪᠠ ᠠᠰᠢᠭ ᠲᠤᠰᠠ ᠶᠢ ᠤᠬᠠᠭᠤᠯᠤᠨ ᠲᠦᠭᠡᠮᠡᠯᠵᠢᠭᠦᠯᠵᠦ᠂ ᠤᠯᠠᠨ ᠢ ᠨᠡᠩ ᠢᠳᠡᠪᠬᠢᠲᠡᠢ ᠡᠮᠴᠢᠯᠡᠭᠦᠯᠬᠦ ᠣᠪᠣᠷ ᠲᠠᠢ ᠪᠣᠯᠭᠠᠬᠤ ᠪᠠᠷ ᠬᠥᠲᠥᠯᠥᠨ ᠵᠢᠯᠣᠭᠤᠳᠪᠠ᠃ ᠴᠧᠨ ᠪᠢᠨ ᠡᠪᠡᠳᠴᠢᠲᠡᠨ ᠢ ᠬᠠᠪᠰᠤᠷᠤᠨ ᠬᠦᠴᠢᠷ ᠲᠦᠪᠡᠭᠲᠡᠢ ᠡᠪᠡᠳᠴᠢᠨ ᠢ ᠨᠢ ᠰᠢᠢᠳᠪᠦᠷᠢᠯᠡᠬᠦ ᠶᠢᠨ ᠬᠠᠮᠲᠤ ᠥᠪᠡᠷ ᠤᠨ ᠲᠤᠷᠰᠢᠯᠭ᠎ᠠ ᠪᠠ ᠮᠡᠳᠡᠯᠭᠡ ᠪᠠᠨ ᠬᠤᠪᠢᠶᠠᠯᠴᠠᠬᠤ ᠪᠠᠷ ᠳᠠᠮᠵᠢᠭᠤᠯᠤᠨ᠂ ᠲᠤᠬᠠᠢ ᠶᠢᠨ ᠭᠠᠵᠠᠷ ᠤᠨ ᠡᠮᠴᠢ ᠨᠠᠷ ᠢ ᠬᠠᠪᠰᠤᠷᠤᠨ ᠨᠡᠩ ᠤᠯᠠᠨ ᠬᠢᠲᠠᠳ ᠡᠮᠨᠡᠯᠭᠡ ᠶᠢᠨ ᠬᠤᠪᠢᠰᠤᠩᠭᠤᠢ ᠰᠡᠳᠬᠢᠴᠡ ᠪᠠ ︽ᠵᠡᠭᠦᠦ ᠡᠮ ᠢ ᠤᠶᠠᠯᠳᠤᠭᠤᠯᠬᠤ︾ ᠡᠮᠴᠢᠯᠡᠭᠡᠨ ᠤ ᠠᠷᠭ᠎ᠠ ᠶᠢ ᠡᠵᠡᠮᠰᠢᠭᠦᠯᠵᠦ᠂ ᠲᠡᠳᠡᠨ ᠤ ᠡᠮᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃      ᠴᠧᠨ ᠪᠢᠨ ᠲᠥᠪ ᠴᠢᠩᠭ᠎ᠠ ᠠᠵᠢᠯ ᠤᠨ ᠰᠤᠷᠲᠠᠯ᠂ ᠬᠠᠯᠠᠭᠤᠨ ᠰᠡᠳᠬᠢᠯ ᠢᠶᠠᠷ ᠡᠮᠨᠡᠯᠭᠡ ᠶᠢᠨ ᠦᠢᠯᠡᠴᠢᠯᠡᠭᠡ ᠪᠠ ᠨᠠᠷᠢᠨ ᠬᠢᠨᠠᠮᠠᠭᠠᠢ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠶᠢ ᠪᠠᠷᠢᠮᠲᠠᠯᠠᠵᠤ᠂ ᠡᠮᠨᠡᠭᠦᠯᠬᠦ ᠪᠠᠷ ᠢᠷᠡᠭᠰᠡᠨ ᠡᠪᠡᠳᠴᠢᠲᠡᠨ ᠪᠠ ᠭᠡᠷ ᠪᠦᠯᠢ ᠶᠢᠨ ᠬᠢᠨ ᠤ ᠰᠡᠳᠬᠢᠯ ᠢ ᠶᠡᠬᠡᠳᠡ ᠳᠣᠭᠳᠣᠯᠤᠭᠤᠯᠪᠠ᠃ ᠲᠡᠭᠦᠨ ᠤ ᠬᠦᠷᠴᠦ ᠢᠷᠡᠭᠰᠡᠨ  ᠨᠢ ᠥᠷᠭᠡᠨ ᠤᠯᠠᠨ ᠲᠦᠮᠡᠨ ᠳᠤ ᠡᠷᠡᠭᠦᠯ ᠰᠠᠷᠠᠭᠤᠯ ᠪᠤᠶᠠᠨ ᠬᠡᠰᠢᠭ ᠬᠦᠷᠲᠡᠭᠡᠭᠰᠡᠨ ᠢᠶᠠᠷ ᠪᠠᠷᠠᠬᠤ ᠦᠭᠡᠢ᠂ ᠨᠡᠩ ᠴᠤ ᠦᠴᠦᠸᠠᠨ ᠰᠢᠶᠠᠨ ᠤ ᠬᠢᠲᠠᠳ ᠡᠮᠨᠡᠯᠭᠡ ᠶᠢᠨ ᠦᠢᠯᠡᠰ ᠤᠨ ᠬᠥᠭᠵᠢᠯᠲᠡ ᠳᠤ ᠥᠪᠡᠷ ᠤᠨ ᠬᠦᠴᠦᠨ ᠴᠢᠳᠠᠯ ᠢᠶᠠᠨ ᠡᠷᠭᠦᠪᠡ᠃      ᠪᠡᠭᠡᠵᠢᠩ ᠤᠨ ᠮᠧᠨ ᠲᠧᠦ ᠭᠧᠦ ᠲᠣᠭᠤᠷᠢᠭ ᠤᠨ ᠬᠢᠲᠠᠳ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠲᠤᠰᠬᠠᠢ ᠮᠡᠷᠭᠡᠵᠢᠯᠲᠡᠨ ᠴᠧᠨ ᠪᠢᠨ ᠰᠤᠷᠪᠤᠯᠵᠢᠯᠠᠭᠴᠢ ᠳᠤ ᠬᠡᠯᠡᠬᠦ ᠳᠡᠭᠡᠨ᠄ ︽2021 ᠣᠨ ᠤ ᠦᠶ᠎ᠡ ᠳᠤ᠂ ᠮᠠᠨ ᠤ ᠡᠮᠨᠡᠯᠭᠡ ᠶᠢᠨ ᠬᠤᠷᠢᠶ᠎ᠠ ᠪᠣᠯᠣᠨ ᠦᠴᠦᠸᠠᠨ ᠰᠢᠶᠠᠨ ᠤ ᠬᠢᠲᠠᠳ ᠮᠣᠩᠭᠤᠯ ᠤᠨ ᠡᠮᠨᠡᠯᠭᠡ ᠶᠢᠨ ᠬᠤᠷᠢᠶ᠎ᠠ ᠠᠵᠢᠯ ᠲᠥᠷᠥᠯ ᠢᠶᠠᠷ ᠬᠠᠪᠰᠤᠷᠤᠨ ᠲᠡᠳᠬᠦᠵᠦ᠂ ᠪᠠᠶᠢᠭᠤᠯᠭ᠎ᠠ ᠠᠴᠠ ᠨᠠᠮᠠᠶᠢ ᠠᠩᠬ᠎ᠠ ᠡᠬᠢᠯᠡᠬᠦ ᠳᠡᠭᠡᠨ ᠬᠠᠭᠠᠰ ᠵᠢᠯ ᠤᠨ ᠲᠤᠷᠰᠢ ᠨᠢᠭᠡ ᠤᠳᠠᠭ᠎ᠠ ᠢᠷᠡᠭᠦᠯᠪᠡ᠂ ᠠᠳᠡᠬᠢ ᠡᠮᠴᠢᠯᠡᠭᠡᠨ ᠤ ᠬᠡᠷᠡᠭᠴᠡᠭᠡ ᠨᠡᠯᠢᠶᠡᠳ ᠶᠡᠭᠡ᠂ ᠡᠪᠡᠳᠬᠦ ᠪᠠ ᠳᠣᠲᠣᠷ ᠡᠪᠡᠳᠴᠢᠨ ᠤ ᠰᠠᠯᠠᠭᠠᠨ ᠤ ᠡᠯᠳᠡᠪ ᠡᠪᠡᠳᠴᠢᠨ᠂ ᠨᠣᠶᠢᠷ ᠬᠤᠯᠵᠢᠬᠤ᠂ ᠭᠡᠳᠡᠰᠦ ᠬᠥᠭᠡᠭᠡᠬᠦ ᠮᠡᠲᠦ ᠶᠢᠨ ᠡᠪᠡᠳᠴᠢᠲᠡᠨ ᠴᠦ ᠨᠡᠯᠢᠶᠡᠳ ᠤᠯᠠᠨ ᠪᠠᠶᠢᠵᠦ᠂ ᠪᠢ ᠡᠶᠢᠮᠦᠷᠬᠦᠦ ᠡᠪᠡᠳᠴᠢᠨ ᠢ ᠡᠮᠨᠡᠨ ᠵᠠᠰᠠᠬᠤ ᠳᠠᠭᠠᠨ ᠨᠡᠯᠢᠶᠡᠳ ᠴᠢᠳᠠᠮᠠᠭᠠᠢ ᠪᠣᠯᠬᠤᠷ ᠦᠷᠭᠦᠯᠵᠢ ᠢᠷᠡᠳᠡᠭ ᠪᠣᠯᠪᠠ᠂ ᠬᠠᠪᠰᠤᠷᠤᠨ ᠲᠡᠳᠬᠦᠬᠦ ᠬᠤᠭᠤᠴᠠᠭᠠᠨ ᠳᠤ ᠮᠢᠨᠤ ᠬᠢᠭᠰᠡᠨ ᠠᠵᠢᠯ ᠴᠤ ᠨᠡᠯᠢᠶᠡᠳ ᠰᠠᠶᠢᠨ ᠪᠠᠶᠢᠵᠤ᠂ ᠡᠪᠡᠳᠴᠢᠲᠡᠨ ᠪᠠ ᠭᠡᠷ ᠪᠦᠯᠢ ᠶᠢᠨ ᠬᠢᠨ ᠤ ᠢᠲᠡᠭᠡᠯ ᠢ ᠣᠯᠣᠭᠰᠠᠨ ᠶᠤᠮ︾ ᠭᠡᠵᠦ ᠬᠡᠯᠡᠪᠡ᠃ ︵ᠰᠤᠷᠪᠤᠯᠵᠢᠯᠠᠭᠴᠢ᠄ ᠯᠢᠦ ᠪᠠᠢ ᠢᠦᠢ᠂ ᠴᠧᠨ ᠪᠥᠸᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号