ᠦᠴᠦᠸᠠᠨ ᠰᠢᠶᠠᠨ 2024 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/19
     3 ᠰᠠᠷ᠎ᠠ ᠶᠢᠨ 15  ᠤ ᠡᠳᠦᠷ᠂ ᠦᠴᠦᠸᠠᠨ ᠰᠢᠶᠠᠨ 2024 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠤᠨ ᠬᠤᠷᠠᠯ ᠵᠢᠴᠢ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ᠃
     ᠬᠤᠷᠠᠯ ᠠᠴᠠ᠂ 2023 ᠣᠨ ᠳᠤ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠯ ᠪᠠ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠰᠢᠶᠠᠨ ᠤ ᠪᠠᠭᠰᠢ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ᠂ ᠮᠠᠨ ᠤ ᠰᠢᠶᠠᠨ ᠤ ᠰᠤᠷᠭᠠᠨ ᠬᠥᠮᠦᠵᠢᠯ ᠤᠨ ᠠᠵᠢᠯ ᠢᠯᠡᠳᠲᠡ ᠦᠷ᠎ᠡ ᠪᠦᠲᠦᠮᠵᠢ ᠣᠯᠪᠠ᠄ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠭᠦᠯᠬᠦ ᠰᠢᠶᠠᠨ ᠢ ᠡᠭᠦᠳᠦᠨ ᠪᠠᠶᠢᠭᠤᠯᠬᠤ ᠳᠤ ᠢᠯᠡᠳᠲᠡ ᠦᠷ᠎ᠡ ᠪᠦᠲᠦᠮᠵᠢ ᠣᠯᠪᠠ︔ ᠬᠠᠮᠲᠤᠷᠠᠨ ᠰᠤᠷᠭᠠᠭᠤᠯᠢ ᠡᠷᠬᠢᠯᠡᠬᠦ ᠠᠵᠢᠯ ᠢ ᠤᠷᠤᠭᠰᠢᠲᠠᠢ ᠥᠷᠨᠢᠭᠦᠯᠪᠡ︔ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ︔ ᠪᠠᠭᠰᠢ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠭᠦᠢᠴᠡᠳ ᠪᠠᠳᠠᠷᠠᠭᠤᠯᠪᠠ︔ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠦᠷᠭᠦᠯᠵᠢᠯᠡᠨ ᠪᠠᠬᠢᠵᠢᠪᠡ᠃ ᠡᠳᠡᠭᠡᠷ ᠠᠵᠢᠯ ᠤᠨ ᠠᠮᠵᠢᠯᠲᠠ ᠪᠦᠲᠦᠮᠵᠢ ᠨᠢ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠲᠤ ᠴᠢᠩᠭ᠎ᠠ ᠤᠳᠤᠷᠢᠳᠤᠯᠭ᠎ᠠ ᠪᠣᠯᠣᠨ ᠡᠯ᠎ᠡ ᠱᠠᠲᠣ ᠡᠯ᠎ᠡ ᠰᠠᠯᠠᠭ᠎ᠠ ᠮᠥᠴᠢᠷ ᠤᠨ ᠬᠠᠮᠲᠤᠷᠠᠨ ᠠᠵᠢᠯᠯᠠᠬᠤ ᠶᠠᠪᠤᠳᠠᠯ ᠠᠴᠠ ᠰᠠᠯᠵᠤ ᠴᠢᠳᠠᠬᠤ ᠦᠭᠡᠢ᠂ ᠨᠡᠩ ᠴᠤ ᠰᠤᠷᠭᠠᠨ ᠬᠥᠮᠦᠵᠢᠯ ᠤᠨ ᠰᠢᠰᠲ᠋ᠧᠮ ᠤᠨ ᠪᠦᠬᠦ ᠺᠠᠳ᠋ᠷ ᠠᠵᠢᠯᠲᠠᠨ ᠠᠵᠢᠯᠴᠢᠨ ᠤ ᠰᠢᠷᠭᠠᠭᠤ ᠬᠠᠲᠠᠭᠤᠵᠢᠯᠲᠠᠢ ᠪᠠᠷ ᠬᠤᠪᠢ ᠨᠡᠮᠡᠷᠢ ᠦᠵᠡᠭᠦᠯᠬᠦ ᠠᠴᠠ ᠰᠠᠯᠵᠤ ᠴᠢᠳᠠᠬᠤ ᠦᠭᠡᠢ ᠶᠤᠮ᠃      ᠬᠤᠷᠠᠯ ᠠᠴᠠ ᠠᠮᠵᠢᠯᠲᠠ ᠪᠠᠨ ᠨᠤᠲᠠᠯᠠᠬᠤ ᠶᠢᠨ ᠬᠠᠮᠲᠤ ᠪᠠᠰᠠ 2024 ᠣᠨ ᠤ ᠪᠦᠬᠦ ᠰᠢᠶᠠᠨ ᠤ ᠰᠤᠷᠭᠠᠨ ᠬᠥᠮᠦᠵᠢᠯ ᠤᠨ ᠠᠵᠢᠯ ᠳᠤ ᠨᠡᠩ ᠥᠨᠳᠥᠷ ᠱᠠᠭᠠᠷᠳᠠᠯᠭ᠎ᠠ ᠳᠤᠷᠠᠳᠴᠠᠢ᠄ 2024 ᠣᠨ ᠳᠤ᠂ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠦᠷᠭᠦᠯᠵᠢᠯᠡᠨ ᠪᠠᠷᠢᠮᠵᠢᠶᠠᠯᠠᠵᠤ᠂ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠬᠠᠷᠠᠯᠲᠠ ᠱᠠᠭᠠᠷᠳᠠᠯᠭ᠎ᠠ ᠵᠢᠴᠢ ᠮᠠᠨ ᠤ ᠰᠢᠶᠠᠨ ᠤ ᠥᠷᠭᠡᠨ ᠤᠯᠠᠨ ᠲᠦᠮᠡᠨ ᠤ ᠰᠢᠯᠢᠳᠡᠭ ᠰᠤᠷᠭᠠᠨ ᠬᠥᠮᠦᠵᠢᠯ ᠤᠨ ᠲᠤᠬᠠᠢ ᠬᠦᠰᠡᠯ ᠡᠷᠡᠮᠡᠯᠵᠡᠯ ᠢ ᠦᠷᠭᠦᠯᠵᠢᠯᠡᠨ ᠪᠠᠷᠢᠮᠵᠢᠶᠠᠯᠠᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ ᠳᠡᠭᠡᠭᠰᠢᠯᠡᠭᠦᠯᠵᠦ᠂ ᠪᠦᠬᠦ ᠲᠠᠯ᠎ᠠ᠂ ᠬᠥᠭᠵᠢᠯᠲᠡ᠂ ᠲᠤᠰᠢᠶᠠᠯ ᠬᠠᠷᠢᠭᠤᠴᠠᠯᠭ᠎ᠠ ᠵᠡᠷᠭᠡ ᠭᠤᠷᠪᠠᠨ ᠲᠠᠯ᠎ᠠ ᠠᠴᠠ ᠰᠤᠷᠭᠠᠨ ᠬᠥᠮᠦᠵᠢᠯ ᠤᠨ ᠴᠢᠬᠤᠯᠠ ᠴᠢᠨᠠᠷ ᠢ ᠲᠠᠨᠢᠬᠤ ᠬᠡᠷᠡᠭᠲᠡᠢ᠃ ᠪᠦᠬᠦ ᠰᠢᠶᠠᠨ ᠤ ᠬᠦᠴᠦᠨ ᠢᠶᠠᠷ ᠰᠢᠯᠢᠳᠡᠭ ᠲᠡᠩᠴᠡᠭᠦᠷᠢᠲᠡᠢ ᠰᠤᠷᠭᠠᠨ ᠬᠥᠮᠦᠵᠢᠯ ᠢ ᠬᠠᠩᠭᠠᠬᠤ ᠬᠡᠷᠡᠭᠲᠡᠢ᠃ ᠬᠠᠮᠲᠤᠷᠠᠨ ᠰᠤᠷᠭᠠᠭᠤᠯᠢ ᠡᠷᠭᠢᠯᠡᠬᠦ ᠶᠢ ᠭᠦᠨᠵᠡᠭᠡᠢ ᠲᠦᠯᠬᠢᠨ ᠠᠬᠢᠭᠤᠯᠬᠤ ᠬᠡᠷᠡᠭᠲᠡᠢ᠃ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠰᠤᠷᠤᠯᠴᠠᠨ ᠪᠠᠳᠠᠷᠠᠭᠤᠯᠬᠤ ᠬᠡᠷᠡᠭᠲᠡᠢ᠃ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠢᠩᠭᠠᠳᠬᠠᠵᠤ᠂ ᠪᠦᠬᠦ ᠰᠢᠶᠠᠨ ᠤ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠴᠣᠭᠴᠠᠯᠠᠬᠤ ᠬᠡᠷᠡᠭᠲᠡᠢ᠃       ᠬᠤᠷᠠᠯ ᠠᠴᠠ᠂ 2024 ᠣᠨ ᠳᠤ᠂ ᠪᠦᠬᠦ ᠰᠢᠶᠠᠨ ᠤ ᠳᠡᠭᠡᠳᠦ ᠳᠣᠣᠷᠠᠳᠤ ᠱᠠᠲᠤᠨ ᠤ ᠰᠤᠷᠭᠠᠨ ᠬᠥᠮᠦᠵᠢᠯ ᠤᠨ ᠠᠵᠢᠯᠲᠠᠳ ᠤᠯᠠᠮ ᠴᠢᠨᠠᠭᠰᠢᠳᠠ ᠦᠵᠡᠯ ᠰᠠᠨᠠᠭ᠎ᠠ ᠪᠠᠨ ᠨᠢᠭᠡᠳᠬᠡᠵᠦ᠂ ᠴᠤᠭ ᠰᠦᠯᠳᠡ᠂ ᠡᠷᠴᠢ ᠵᠣᠷᠢᠭ ᠢᠶᠠᠨ ᠭᠦᠢᠴᠡᠳ ᠪᠠᠳᠠᠷᠠᠭᠤᠯᠵᠤ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠦᠴᠦᠸᠠᠨ ᠤ ᠰᠤᠷᠭᠠᠨ ᠬᠥᠮᠦᠵᠢᠯ ᠤᠨ ᠠᠭᠤᠤ ᠶᠡᠭᠡ ᠦᠢᠯᠡᠳᠦᠯᠭᠡ ᠳᠤ ᠢᠳᠡᠪᠬᠢᠲᠡᠢ ᠣᠷᠣᠯᠴᠠᠵᠤ᠂ ᠦᠴᠦᠸᠠᠨ ᠤ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ︽ᠵᠢᠷᠭᠤᠭᠠᠨ ᠰᠢᠨ᠎ᠡ ᠦᠴᠦᠸᠠᠨ︾ ᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠳᠤᠷᠠᠳᠪᠠ᠃ ︵ᠰᠤᠷᠪᠤᠯᠵᠢᠯᠠᠭᠴᠢ᠄ ᠵᠤᠤ ᠯᠧ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号