ᠴᠢᠤᠸᠠᠢ ᠴᠢᠶᠤᠤ ᠬᠤᠶᠠᠳᠤᠭᠠᠷ ᠨᠡᠷᠡᠮᠵᠢᠳᠤ ᠵᠠᠯᠭᠠᠯ ᠳᠠᠭᠠᠭᠤᠯᠢ ᠣᠳᠣ ᠪᠠ ᠲᠡᠶᠢᠷᠦᠯᠲᠦ ᠰᠤᠮᠤ ᠶᠢᠨ ᠨᠡᠶᠢᠯᠡᠮᠡᠯ ᠴᠣᠭᠴᠠ ᠶᠢ ᠬᠠᠷᠪᠤᠯᠲᠠ ᠶᠢᠨ ᠲᠣᠭᠤᠷᠢᠭ ᠲᠤ ᠰᠢᠯᠵᠢᠭᠦᠯᠦᠨ ᠬᠦᠷᠭᠡᠪᠡ
ᠨᠡᠶᠢᠲᠡᠯᠡᠭᠰᠡᠨ ᠴᠠᠭ᠄
2024/3/19
     ᠤᠯᠤᠰ ᠤᠨ ᠰᠠᠨᠰᠠᠷ ᠤᠨ ᠠᠶᠠᠯᠠᠯ ᠤᠨ ᠲᠣᠪᠴᠢᠶᠠᠨ ᠤ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ 3 ᠰᠠᠷ᠎ᠠ ᠶᠢᠨ 17 ᠤ ᠡᠳᠦᠷ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠳᠥᠷᠪᠡᠳᠦᠭᠡᠷ ᠬᠤᠭᠤᠴᠠᠭᠠᠨ ᠤ ᠴᠢᠤᠸᠠᠢ ᠴᠢᠶᠤᠤ ᠬᠤᠶᠠᠳᠤᠭᠠᠷ ᠨᠡᠷᠡᠮᠵᠢᠳᠤ ᠵᠠᠯᠭᠠᠯ ᠳᠠᠭᠠᠭᠤᠯᠢ ᠣᠲᠣ ᠪᠣᠯᠣᠨ ᠴᠠᠩ ᠵᠧᠩ ᠨᠠᠢᠮᠠᠳᠤᠭᠠᠷ ᠠᠯᠤᠰ ᠰᠡᠷᠡᠯ ᠭᠤᠷᠪᠠᠳᠤᠭᠠᠷ ᠨᠡᠷᠡᠮᠵᠢᠳᠤ ᠬᠥᠯᠭᠡ ᠲᠡᠶᠢᠷᠦᠯᠲᠦ ᠰᠤᠮᠤ ᠶᠢ ᠳᠤᠮᠳᠠᠳᠤ ᠤᠯᠤᠰ ᠤᠨ ᠸᠧᠨᠴᠠᠩ ᠰᠠᠨᠰᠠᠷ ᠤᠨ ᠠᠶᠠᠯᠠᠯ ᠤᠨ ᠬᠠᠷᠪᠤᠯᠲᠠ ᠶᠢᠨ ᠲᠠᠯᠠᠪᠠᠶ ᠳᠤ ᠮᠡᠷᠭᠡᠵᠢᠯ ᠤᠨ ᠲᠣᠭᠤᠷᠢᠭ ᠤᠨ ᠬᠠᠮᠢᠶ᠎ᠠ ᠪᠦᠬᠦᠢ ᠠᠵᠢᠯ ᠢ ᠪᠡᠶᠡᠯᠡᠭᠦᠯᠵᠦ᠂ ᠳᠠᠭᠠᠭᠤᠯᠢ ᠣᠳᠣ ᠲᠡᠶᠢᠷᠦᠯᠲᠦ ᠰᠤᠮᠤ ᠶᠢᠨ ᠨᠡᠶᠢᠯᠡᠮᠡᠯ ᠴᠣᠭᠴᠠ ᠶᠢ ᠬᠠᠷᠪᠤᠯᠲᠠ ᠶᠢᠨ ᠲᠣᠭᠤᠷᠢᠭ ᠲᠤ ᠡᠭᠴᠡ ᠪᠠᠷ ᠰᠢᠯᠵᠢᠭᠦᠯᠦᠨ ᠬᠦᠷᠭᠡᠵᠦ᠂ ᠣᠶᠢᠷ᠎ᠠ ᠳᠤ ᠲᠣᠭᠢᠶᠠᠯ ᠢ ᠦᠵᠡᠨ ᠬᠠᠷᠪᠤᠬᠤ ᠪᠠᠷ ᠲᠥᠯᠥᠪᠯᠡᠵᠦ ᠪᠠᠶᠢᠨ᠎ᠠ᠃      ᠴᠢᠤᠸᠠᠢ ᠴᠢᠶᠣᠤ ᠬᠤᠶᠠᠳᠤᠭᠠᠷ ᠨᠡᠷᠡᠮᠵᠢᠳᠤ ᠵᠠᠯᠭᠠᠯ ᠳᠠᠭᠠᠭᠤᠯᠢ ᠤᠳᠤ᠂ ᠴᠠᠩ ᠵᠧᠩ ᠨᠠᠢᠮᠠᠳᠤᠭᠠᠷ ᠠᠯᠤᠰ ᠰᠡᠷᠡᠯ ᠭᠤᠷᠪᠠᠳᠤᠭᠠᠷ ᠨᠡᠷᠡᠮᠵᠢᠳᠤ ᠬᠥᠯᠭᠡ ᠲᠡᠶᠢᠷᠦᠯᠲᠦ ᠰᠤᠮᠤ 2 ᠰᠠᠷ᠎ᠠ ᠳᠤ ᠬᠠᠷᠪᠤᠯᠲᠠ ᠶᠢᠨ ᠲᠠᠯᠠᠪᠠᠢ ᠳᠤ ᠭᠦᠷᠦᠭᠰᠡᠨ ᠤ ᠳᠠᠷᠠᠭ᠎ᠠ᠂ ᠶᠡᠷᠦᠩᠬᠡᠢ ᠤᠭᠰᠠᠷᠠᠯᠲᠠ᠂ ᠲᠤᠷᠰᠢᠯᠲᠠ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠵᠠᠯᠭᠠᠭ᠎ᠠ ᠪᠠᠷ ᠪᠡᠶᠡᠯᠡᠭᠦᠯᠪᠡ᠃ 17 ᠤ ᠦᠳᠡ ᠶᠢᠨ ᠡᠮᠦᠨ᠎ᠡ᠂ ᠴᠠᠩ ᠵᠧᠩ ᠨᠠᠢᠮᠠᠳᠤᠭᠠᠷ ᠠᠯᠤᠰ ᠰᠡᠷᠡᠯ ᠭᠤᠷᠪᠠᠳᠤᠭᠠᠷ ᠨᠡᠷᠡᠮᠵᠢᠳᠤ ᠬᠥᠯᠭᠡ ᠲᠡᠶᠢᠷᠦᠯᠲᠦ ᠰᠤᠮᠤ ᠶᠢ ᠠᠴᠢᠶᠠᠯᠠᠭᠰᠠᠨ ᠬᠥᠳᠡᠯᠭᠡᠭᠡᠨᠲᠦ ᠬᠠᠷᠪᠤᠯᠲᠠ ᠶᠢᠨ ᠲᠠᠪᠴᠠᠩ ᠨᠢ ᠬᠠᠷᠪᠤᠯᠲᠠ ᠶᠢᠨ ᠲᠠᠯᠠᠪᠠᠢ ᠶᠢᠨ ᠡᠭᠴᠡ ᠰᠢᠯᠭᠠᠨ ᠬᠡᠮᠵᠢᠬᠦ ᠦᠢᠯᠡᠳᠪᠦᠷᠢ ᠶᠢᠨ ᠲᠠᠰᠤᠭ ᠠᠴᠠ ᠠᠯᠭᠤᠷᠬᠠᠨ ᠭᠠᠷᠴᠤ᠂ ᠳᠠᠭᠠᠭᠤᠯᠢ ᠤᠲᠤ ᠲᠡᠶᠢᠷᠦᠯᠲᠦ ᠰᠤᠮᠤᠨ ᠤ ᠨᠡᠶᠢᠯᠡᠮᠡᠯ ᠴᠣᠭᠴᠠ ᠶᠢ ᠬᠠᠷᠪᠤᠯᠲᠠ ᠶᠢᠨ ᠲᠣᠭᠤᠷᠢᠭ ᠲᠤ ᠠᠮᠤᠷ ᠲᠦᠪᠰᠢᠨ ᠢᠶᠠᠷ ᠰᠢᠯᠵᠢᠭᠦᠯᠪᠡ᠃ ᠲᠠᠷᠠᠭᠠᠴᠢ ᠶᠢᠨ ᠠᠯᠬᠤᠮ ᠳᠤ᠂ ᠲᠡᠶᠢᠷᠦᠯᠲᠦ ᠰᠤᠮᠤ ᠶᠢᠨ ᠴᠢᠳᠠᠮᠵᠢ ᠶᠢ ᠪᠠᠶᠢᠴᠠᠭᠠᠬᠤ᠂ ᠬᠠᠮᠲᠤᠷᠠᠨ ᠰᠢᠯᠭᠠᠬᠤ ᠠᠵᠢᠯ ᠪᠠ ᠲᠦᠯᠬᠢᠭᠴᠢ ᠡᠳ᠋ ᠨᠡᠮᠡᠬᠦ ᠠᠵᠢᠯ ᠢ ᠪᠡᠶᠡᠯᠡᠭᠦᠯᠦᠭᠰᠡᠨ ᠤ ᠳᠠᠷᠠᠭ᠎ᠠ ᠲᠣᠭᠢᠶᠠᠯ ᠢ ᠦᠵᠡᠨ ᠬᠠᠷᠪᠤᠨ᠎ᠠ᠃      3 ᠰᠠᠷ᠎ᠠ ᠶᠢᠨ 17 ᠤ ᠡᠳᠦᠷ᠂ ᠰᠠᠷᠠᠨ ᠪᠥᠮᠪᠥᠷᠴᠡᠭ ᠢ ᠬᠠᠶᠢᠨ ᠰᠢᠨᠵᠢᠯᠡᠬᠦ ᠢᠨᠵᠧᠨᠧᠷᠢᠩ ᠤᠨ ᠳᠥᠷᠪᠡᠳᠦᠭᠡᠷ ᠬᠤᠭᠤᠴᠠᠭᠠᠨ ᠤ ᠴᠢᠤᠸᠠᠢ ᠴᠢᠶᠤᠤ ᠬᠤᠶᠠᠳᠤᠭᠠᠷ ᠨᠡᠷᠡᠮᠵᠢᠳᠤ ᠵᠠᠯᠭᠠᠯ ᠳᠠᠭᠠᠭᠤᠯᠢ ᠣᠲᠣ ᠪᠣᠯᠣᠨ ᠴᠠᠩ ᠵᠧᠩ ᠨᠠᠢᠮᠠᠳᠤᠭᠠᠷ ᠠᠯᠤᠰ ᠰᠡᠷᠡᠯ ᠭᠤᠷᠪᠠᠳᠤᠭᠠᠷ ᠬᠥᠯᠭᠡ ᠲᠡᠶᠢᠷᠦᠯᠲᠦ ᠰᠤᠮᠤ ᠶᠢᠨ ᠨᠡᠶᠢᠯᠡᠮᠡᠯ ᠴᠣᠭᠴᠠ ᠶᠢ ᠬᠠᠷᠪᠤᠯᠲᠠ ᠶᠢᠨ ᠲᠣᠭᠤᠷᠢᠭ ᠲᠤ ᠰᠢᠯᠵᠢᠭᠦᠯᠦᠨ ᠬᠦᠷᠭᠡᠵᠦ᠂ ᠲᠤᠭᠢᠶᠠᠯ ᠢ ᠦᠵᠡᠨ ᠬᠠᠷᠪᠤᠬᠤ ᠪᠠᠷ ᠪᠤᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号