ᠦᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/3/19
     ᠨᠢᠭᠡ᠂ ᠲᠣᠭᠲᠠᠭᠠᠭᠰᠠᠨ ᠠᠬᠤᠢ ᠪᠠᠶᠢᠳᠠᠯ ᠵᠢᠴᠢ ᠦᠨᠳᠦᠰᠦᠯᠡᠯ      ︽ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠠᠬᠢᠭᠤᠯᠬᠤ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ︶ ︽ᠥᠪᠡᠷᠲᠡᠭᠡᠨ ᠵᠠᠰᠠᠬᠤ ᠣᠷᠣᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 66 ᠳ᠋ᠤᠭᠠᠷ ᠲᠣᠭᠠᠲᠤ︶ ︽ᠬᠥᠬᠡᠬᠤᠲᠠ ᠶᠢᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠥᠰᠥᠭ ﹇2023﹈ 136 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠮᠠᠨ ᠤ ᠰᠢᠶᠠᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠦᠴᠦᠸᠠᠨ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠢ ᠲᠦᠯᠬᠢᠨ ᠠᠬᠢᠭᠤᠯᠬᠤ ᠶᠢᠨ ᠬᠡᠷᠡᠭᠵᠢᠭᠦᠯᠬᠦ ᠲᠥᠰᠥᠯ︾ ︵ᠵᠠᠰᠠᠭ ᠠᠯᠪᠠᠨ ᠲᠠᠷᠬᠠᠭᠠᠭᠰᠠᠨ〔2024〕6 ᠳ᠋ᠤᠭᠠᠷ ᠲᠣᠭᠠᠲᠤ︶ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠲᠦᠷᠦᠭᠦᠯᠡᠨ ᠨᠠᠶᠢᠷᠠᠭᠤᠯᠤᠨ ᠵᠣᠬᠢᠶᠠᠪᠠ᠃      ᠬᠤᠶᠠᠷ᠂ ᠭᠤᠣᠯ ᠬᠠᠷᠠᠯᠲᠠ      ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ ᠵᠡᠷᠭᠡ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠭᠦᠢᠴᠡᠳ ᠠᠰᠢᠭᠯᠠᠵᠤ᠂ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠦᠷᠭᠦᠯᠵᠢᠯᠡᠨ ᠠᠬᠢᠭᠤᠯᠵᠤ᠂ ᠣᠯᠠᠨ ᠰᠠᠯᠠᠭ᠎ᠠ ᠮᠥᠴᠢᠷ ᠲᠤ ᠬᠤᠯᠪᠣᠭᠳᠠᠭᠰᠠᠨ᠂ ᠬᠠᠮᠢᠶᠠᠷᠤᠯᠲᠠ ᠶᠢᠨ ᠬᠦᠴᠢᠷᠳᠡᠯ ᠶᠡᠭᠡ᠂ ᠠᠶᠤᠯ ᠲᠦᠭᠰᠢᠭᠦᠷᠢ ᠶᠢᠨ ᠳᠠᠯᠳᠠ ᠭᠡᠮ ᠲᠣᠪᠣᠶᠢᠮ᠎ᠠ ᠪᠠᠶᠢᠭ᠎ᠠ ᠬᠢᠨᠠᠯᠲᠠ ᠬᠠᠮᠢᠶᠠᠷᠤᠯᠲᠠ ᠶᠢᠨ ᠵᠦᠢᠯᠡᠰ ᠲᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠬᠠᠮᠵᠢᠯᠴᠠᠭᠰᠠᠨ ᠬᠢᠨᠠᠯᠲᠠ ᠬᠠᠮᠢᠶᠠᠷᠤᠯᠲᠠ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ᠂ ᠣᠶᠤᠨᠴᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠴᠢᠷ ᠶᠠᠪᠤᠳᠠᠯ ᠤᠨ ᠡᠮᠦᠨ᠎ᠡ ᠤᠴᠢᠷ ᠶᠠᠪᠤᠳᠠᠯ ᠤᠨ ᠳᠤᠮᠳᠠ ᠤᠴᠢᠷ ᠶᠠᠪᠤᠳᠠᠯ ᠤᠨ ᠳᠠᠷᠠᠭᠠᠬᠢ ᠪᠦᠬᠦ ᠬᠡᠯᠬᠢᠶ᠎ᠡ ᠪᠦᠬᠦ ᠬᠦᠷᠢᠶᠡᠨ ᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ 2025 ᠣᠨ ᠪᠣᠯᠬᠤ ᠳᠤ᠂ ᠨᠡᠩ ᠤᠯᠠᠨ ᠬᠦᠷᠢᠶ᠎ᠡ᠂ ᠨᠡᠩ ᠶᠡᠭᠡ ᠬᠡᠪᠴᠢᠶᠡᠨ ᠳᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠨᠡᠩ ᠪᠦᠷᠢᠨ ᠲᠡᠭᠦᠯᠳᠡᠷ ᠬᠢᠨᠠᠯᠲᠠ ᠬᠠᠮᠢᠶᠠᠷᠤᠯᠲᠠ ᠶᠢᠨ ᠳᠦᠷᠢᠮ ᠢ ᠪᠦᠷᠢᠯᠳᠦᠭᠦᠯᠵᠦ᠂ ᠬᠠᠮᠵᠢᠯᠴᠠᠨ ᠬᠢᠨᠠᠨ ᠬᠠᠮᠢᠶᠠᠷᠬᠤ ᠲᠣᠭᠲᠠᠴᠠ ᠪᠠ ᠠᠷᠭ᠎ᠠ ᠬᠡᠯᠪᠡᠷᠢ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠰᠠᠭᠤᠳᠠᠯ ᠢ ᠢᠯᠡᠷᠡᠭᠦᠯᠬᠦ ᠪᠠ ᠠᠶᠤᠯ ᠲᠦᠭᠰᠢᠭᠦᠷᠢ ᠶᠢ ᠰᠢᠢᠳᠪᠦᠷᠢᠯᠡᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠢ ᠨᠡᠩ ᠲᠥᠪ ᠭᠤᠣᠯᠴᠢ ᠡᠮᠬᠢ ᠵᠢᠷᠤᠮ ᠲᠠᠢ ᠪᠣᠯᠭᠠᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠶᠢ ᠠᠬᠢᠭᠤᠯᠤᠨ᠎ᠠ᠃      ᠭᠤᠷᠪᠠ᠂ ᠭᠤᠣᠯᠳᠠᠯᠭ᠎ᠠ ᠲᠠᠢ ᠡᠭᠦᠷᠭᠡ      ︵ᠨᠢᠭᠡ︶ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠨᠠᠷᠢᠨ ᠬᠠᠭᠤᠳᠠᠰᠤ ᠶᠢ ᠪᠠᠶᠢᠭᠤᠯᠤᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠡᠮᠬᠢᠯᠡᠨ ᠳᠢᠭᠯᠡᠬᠦ ᠶᠢᠨ ᠬᠠᠮᠲᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠴᠢᠬᠤᠯᠠᠲᠠᠢ ᠭᠤᠣᠯᠳᠠᠯᠭ᠎ᠠ ᠲᠠᠢ ᠵᠦᠢᠯᠡᠰ ᠤᠨ ᠨᠠᠷᠢᠨ ᠬᠠᠭᠤᠳᠠᠰᠤ ᠶᠢ ᠳᠤᠷᠠᠳᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠪᠠ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠰᠢᠰᠲ᠋ᠧᠮ ᠳᠤ ᠣᠷᠣᠭᠤᠯᠤᠨ ᠨᠢᠭᠡᠳᠦᠯᠲᠡᠢ ᠬᠠᠮᠢᠶᠠᠷᠤᠨ᠎ᠠ᠃      ︵ᠬᠤᠶᠠᠷ︶ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ᠂ ︽ᠭᠤᠷᠪᠠ ᠶᠢ ᠲᠣᠭᠲᠠᠭᠠᠬᠤ︾ ᠶᠢᠨ ᠲᠣᠭᠲᠠᠭᠠᠯ ᠪᠠ ᠡᠷᠬᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠡᠯ᠎ᠡ ᠱᠠᠲᠤᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠵᠦᠢᠯᠡᠰ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠵᠦᠢᠯ ᠳᠠᠷᠠᠭᠠᠯᠠᠨ ᠲᠣᠳᠣᠷᠬᠠᠶᠢᠯᠠᠨ᠎ᠠ᠃      ︵ᠭᠤᠷᠪᠠ︶ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠰᠢᠶᠠᠨ ᠤ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠳᠦᠷᠢᠮ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠯᠢᠶᠡᠳ ᠪᠦᠷᠢᠨ ᠲᠡᠭᠦᠯᠳᠡᠷ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮᠵᠢ ᠶᠢ ᠲᠦᠷᠭᠡᠬᠡᠨ ᠪᠣᠶ ᠪᠣᠯᠭᠠᠵᠤ᠂ ᠲᠦᠷᠦᠭᠦᠯᠡᠨ ᠬᠢᠬᠦ ᠨᠢᠭᠡᠴᠢ ᠶᠢᠨ ᠡᠭᠦᠷᠭᠡ ᠲᠣᠳᠣᠷᠬᠠᠢ᠂ ᠬᠠᠮᠵᠢᠯᠴᠠᠬᠤ ᠨᠢᠭᠡᠴᠢ ᠶᠢᠨ ᠬᠠᠷᠢᠭᠤᠴᠠᠯᠭ᠎ᠠ ᠲᠣᠳᠣᠷᠬᠠᠢ᠂ ᠬᠢᠨᠠᠯᠲᠠ ᠬᠠᠮᠢᠶᠠᠷᠤᠯᠲᠠ ᠶᠢᠨ ᠳᠦᠷᠢᠮ ᠪᠠ ᠪᠠᠷᠢᠮᠵᠢᠶ᠎ᠠ ᠰᠢᠨᠵᠢᠯᠡᠬᠦ ᠤᠬᠠᠭᠠᠨᠴᠢ ᠪᠥᠭᠡᠳ ᠲᠤᠰᠠᠲᠠᠢ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠣᠶ ᠪᠣᠯᠭᠠᠵᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃      ︵ᠳᠥᠷᠪᠡ︶ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠬᠠᠮᠲᠤᠷᠠᠨ ᠬᠥᠳᠡᠯᠦᠯᠴᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠷᠠᠭᠤᠯᠤᠨ᠂ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠪᠦᠲᠦᠮᠵᠢᠲᠡᠶ ᠡᠮᠬᠢᠯᠡᠨ ᠨᠡᠶᠢᠯᠡᠭᠦᠯᠵᠦ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠤᠨ᠂ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃      ︵ᠲᠠᠪᠤ︶ ᠲᠦᠭᠰᠢᠭᠦᠷᠢ ᠶᠢᠨ ᠳᠠᠯᠳᠠ ᠬᠡᠮ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠨ᠎ᠠ᠃ ᠡᠯ᠎ᠡ ᠰᠠᠯᠠᠭ᠎ᠠ ᠮᠥᠴᠢᠷ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠷᠢᠯᠴᠠᠨ ᠬᠠᠮᠵᠢᠯᠴᠠᠬᠤ ᠪᠠᠨ ᠴᠢᠩᠭᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠲᠤᠭ᠎ᠠ ᠪᠠᠷᠢᠮᠲᠠ ᠶᠢ ᠡᠮᠬᠢᠯᠡᠨ ᠨᠡᠶᠢᠯᠡᠭᠦᠯᠬᠦ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢᠨ ᠲᠠᠪᠴᠠᠩ ᠤᠨ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠵᠡᠷᠭᠡ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ︽ᠡᠷᠲᠡ ᠢᠯᠡᠷᠡᠭᠦᠯᠬᠦ᠂ ᠡᠷᠲᠡ ᠰᠡᠷᠡᠮᠵᠢᠯᠡᠭᠦᠯᠬᠦ᠂ ᠡᠷᠲᠡ ᠰᠢᠢᠳᠪᠦᠷᠢᠯᠡᠬᠦ︾ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠲᠦᠭᠰᠢᠭᠦᠷᠢ ᠶᠢᠨ ᠳᠠᠯᠳᠠ ᠬᠡᠮ ᠢ ᠬᠦᠴᠦᠯᠡᠨ ᠰᠡᠷᠭᠡᠶᠢᠯᠡᠨ ᠠᠷᠢᠯᠭᠠᠨ᠎ᠠ᠃      ︵ᠵᠢᠷᠭᠤᠭ᠎ᠠ︶ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠬᠤ ᠶᠢ ᠯᠠᠪᠳᠠᠭᠤᠨ ᠪᠠᠲᠤᠲᠠᠢ ᠥᠷᠨᠢᠭᠦᠯᠦᠨ᠎ᠡ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ︽ᠬᠤᠶᠠᠷ  ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠨ ᠬᠠᠮᠲᠤᠷᠠᠨ ᠰᠤᠭᠤᠴᠢᠨ ᠪᠠᠶᠢᠴᠠᠭᠠᠬᠤ ᠳᠤ ᠡᠩ ᠤᠨ ᠪᠠᠶᠢᠳᠠᠯ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠠᠪᠴᠤ᠂ ᠬᠢᠨᠠᠯᠲᠠ ᠬᠠᠮᠢᠶᠠᠷᠤᠯᠲᠠ ᠶᠢᠨ ᠡᠲᠡᠭᠡᠳ ᠤᠨ ᠢᠲᠡᠭᠡᠮᠵᠢ ᠶᠢᠨ ᠲᠠᠰ ᠪᠠ ᠲᠦᠭᠰᠢᠭᠦᠷᠢ ᠶᠢᠨ ᠲᠥᠷᠥᠯ ᠠᠩᠭᠢᠯᠠᠯ ᠲᠠᠢ ᠤᠶᠠᠯᠳᠤᠭᠤᠯᠤᠨ᠂ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠪᠠ ᠣᠷᠣᠯᠴᠠᠬᠤ ᠰᠠᠯᠠᠭ᠎ᠠ ᠮᠥᠴᠢᠷ ᠵᠡᠷᠭᠡ ᠶᠢ ᠵᠦᠢ ᠵᠣᠬᠢᠰᠲᠠᠢ ᠲᠣᠭᠲᠠᠭᠠᠨ᠎ᠠ᠃      ︵ᠳᠣᠯᠤᠭ᠎ᠠ︶ ᠠᠰᠠᠭᠤᠳᠠᠯ ᠤᠨ ᠰᠦᠪᠡᠭᠴᠢ ᠶᠢ ᠬᠠᠮᠲᠤᠷᠠᠨ ᠰᠢᠢᠳᠪᠦᠷᠢᠯᠡᠬᠦ ᠶᠢ ᠴᠢᠩᠭᠠᠳᠬᠠᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠭᠠᠯᠳᠤᠬᠤ᠂ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ᠂ ᠵᠠᠭᠠᠯᠳᠤᠬᠤ ᠢᠯᠡᠴᠢᠯᠡᠨ ᠮᠡᠳᠡᠭᠦᠯᠬᠦ ᠲᠠᠪᠴᠠᠩ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠳᠤ ᠲᠦᠰᠢᠭᠯᠡᠨ᠂ ᠠᠰᠠᠭᠤᠳᠠᠯ ᠤᠨ ᠰᠦᠪᠡᠭᠴᠢ ᠶᠢ ᠰᠠᠯᠭᠠᠨ ᠭᠦᠢᠴᠡᠳᠬᠡᠬᠦ᠂ ᠰᠢᠯᠵᠢᠭᠦᠯᠦᠨ ᠭᠦᠢᠴᠡᠳᠬᠡᠬᠦ ᠪᠠ ᠪᠠᠶᠢᠴᠠᠭᠠᠨ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠥᠨ᠎ᠡ᠃      ︵ᠨᠠᠢᠮᠠ︶ ᠰᠠᠯᠠᠭ᠎ᠠ ᠮᠥᠴᠢᠷ ᠠᠯᠤᠰᠯᠠᠭᠰᠠᠨ ᠬᠠᠮᠲᠤᠷᠠᠭᠰᠠᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢ ᠠᠬᠢᠭᠤᠯᠤᠨ᠎ᠠ᠃ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠦᠬᠦᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠢᠲᠡᠭᠡᠮᠵᠢ ᠶᠢᠨ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠳᠦᠷᠢᠮ ᠢ ᠪᠠᠶᠢᠭᠤᠯᠵᠤ᠂ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠨ ᠬᠠᠮᠢᠶᠠᠷᠬᠤ ᠵᠦᠢᠯᠡᠰ ᠤᠨ ᠢᠲᠡᠭᠡᠮᠵᠢ ᠶᠢᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠰᠤᠳᠤᠯᠵᠤ᠂ ᠲᠠᠰ ᠲᠥᠷᠥᠯ ᠬᠤᠪᠢᠶᠠᠬᠤ ᠪᠠᠷᠢᠮᠵᠢᠶ᠎ᠠ ᠵᠢᠴᠢ ᠬᠠᠮᠢᠶ᠎ᠠ ᠪᠦᠬᠦᠢ ᠵᠦᠷᠢᠶᠡᠵᠢᠭᠰᠡᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠨ᠎ᠠ᠃      ︵ᠶᠢᠰᠦ︶ ᠣᠶᠤᠨᠴᠢ ᠬᠢᠨᠠᠯᠲᠠ ᠬᠠᠮᠢᠶᠠᠷᠤᠯᠲᠠ ᠶᠢ ᠰᠦᠪᠡᠭᠴᠢᠯᠡᠨ᠎ᠡ᠃ ᠣᠶᠤᠨᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠮᠵᠢᠯᠴᠠᠨ ᠬᠢᠨᠠᠨ ᠬᠠᠮᠢᠶᠠᠷᠬᠤ ᠰᠢᠰᠲ᠋ᠧᠮ ᠪᠣᠯᠣᠨ ᠥᠪᠡᠷᠲᠡᠭᠡᠨ ᠵᠠᠰᠠᠬᠤ ᠣᠷᠣᠨ ᠤ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠤᠯᠲᠠ︾  ᠶᠢᠨ ᠰᠢᠰᠲ᠋ᠧᠮ ᠤᠨ ᠬᠠᠮᠢᠶ᠎ᠠ ᠪᠦᠬᠦᠢ ᠴᠢᠳᠠᠮᠵᠢ ᠳᠤ ᠲᠦᠰᠢᠭᠯᠡᠨ᠂ ᠲᠣᠮᠣ ᠳ᠋ᠠᠶᠢᠲ᠋ᠠ᠂ ᠬᠢᠮᠡᠯ ᠣᠶᠤᠨ ᠵᠡᠷᠭᠡ ᠤᠳᠤ ᠦᠶ᠎ᠡ ᠶᠢᠨ ᠮᠡᠷᠭᠡᠵᠢᠯ ᠢ ᠬᠡᠷᠡᠭᠯᠡᠨ᠂ ᠰᠠᠯᠠᠭ᠎ᠠ ᠮᠥᠴᠢᠷ ᠬᠠᠮᠵᠢᠯᠴᠠᠨ ᠠᠯᠤᠰ ᠠᠴᠠ ᠬᠢᠨᠠᠨ ᠬᠠᠮᠢᠶᠠᠷᠬᠤ᠂ ᠰᠢᠯᠵᠢᠶ᠎ᠡ ᠬᠢᠨᠠᠨ ᠬᠠᠮᠢᠶᠠᠷᠬᠤ᠂ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠪᠠᠷ ᠣᠨᠴᠠᠯᠢᠭ ᠪᠣᠯᠭᠠᠭᠰᠠᠨ ᠲᠤᠬᠠᠢ ᠶᠢᠨ ᠲᠠᠯᠠᠪᠤᠷ ᠤᠨ ᠪᠤᠰᠤ ᠬᠢᠨᠠᠨ ᠬᠠᠮᠢᠶᠠᠷᠤᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠢᠨᠠᠨ ᠬᠠᠮᠢᠶᠠᠷᠬᠤ ᠡᠲᠡᠭᠡᠳ ᠲᠤ ᠪᠦᠬᠦ ᠴᠠᠭ ᠤᠨ ᠬᠤᠭᠤᠴᠠᠭᠠᠨ ᠤ ᠬᠥᠳᠡᠯᠦᠩᠭᠦᠢ ᠬᠢᠨᠠᠨ ᠬᠠᠮᠢᠶᠠᠷᠤᠯᠲᠠ ᠶᠢ ᠬᠡᠷᠡᠭᠵᠢᠭᠦᠯᠵᠦ᠂ ᠤᠯᠠᠨ ᠬᠡᠮᠵᠢᠯᠲᠦ ᠳ᠋ᠠᠶᠢᠲ᠋ᠠ ᠶᠢᠨ ᠬᠤᠯᠪᠣᠭᠳᠠᠯ ᠤᠨ ᠵᠠᠳᠠᠯᠤᠯᠲᠠ ᠪᠠᠷ ᠳᠠᠮᠵᠢᠭᠤᠯᠤᠨ᠂ ᠠᠰᠠᠭᠤᠳᠠᠯ ᠤᠨ ᠳᠠᠯᠳᠠ ᠭᠡᠮ ᠢ ᠲᠦᠷᠭᠡᠨ ᠪᠥᠭᠡᠳ ᠪᠦᠲᠦᠮᠵᠢᠲᠡᠢ ᠬᠠᠮᠵᠢᠯᠴᠠᠨ ᠰᠢᠢᠳᠪᠦᠷᠢᠯᠡᠨ᠎ᠡ᠃      ︵ᠠᠷᠪᠠ︶ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠳᠬᠠᠨ᠎ᠠ᠃ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠬᠢᠭᠡᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠷᠦᠩᠬᠡᠶᠢᠯᠡᠭᠰᠡᠨ ᠬᠠᠮᠢᠶᠠᠷᠤᠯᠲᠠ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠵᠡᠷᠭᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠲᠦᠷᠭᠡᠳᠬᠡᠵᠦ᠂ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠢᠭᠡᠳ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠵᠣᠬᠢᠴᠠᠯᠳᠤᠨ ᠬᠠᠮᠵᠢᠯᠴᠠᠬᠤ ᠶᠢ ᠴᠢᠩᠭᠠᠳᠬᠠᠵᠤ᠂ ᠡᠭᠴᠡ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠵᠠᠰᠠᠭ ᠤᠨ ᠣᠷᠳᠣᠨ ᠤ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢ ᠴᠢᠩᠭᠠᠳᠬᠠᠵᠤ ᠪᠠᠶᠢᠭᠠᠳ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠲᠠᠪᠴᠠᠩ ᠪᠠ ᠪᠥᠬᠦ ᠣᠷᠣᠨ ᠤ ᠨᠢᠭᠡ ᠴᠣᠭᠴᠠᠵᠢᠭᠰᠠᠨ ᠵᠠᠰᠠᠭ ᠤᠨ ᠶᠠᠪᠤᠳᠠᠯ ᠤᠨ ᠲᠣᠮᠣ ᠳ᠋ᠠᠶᠢᠲ᠋ᠠ ᠶᠢᠨ ᠰᠢᠰᠲ᠋ᠧᠮᠵᠢ ᠳᠤ ᠲᠦᠰᠢᠭᠯᠡᠨ᠂ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠢ  ᠳᠤᠨᠢ ᠬᠤᠷᠠᠮᠳᠤᠭᠤᠯᠵᠤ᠂ ᠬᠡᠷᠡᠭᠴᠡᠭᠡ ᠶᠣᠰᠣᠭᠠᠷ ᠡᠯ᠎ᠡ ᠲᠥᠷᠥᠯ ᠤᠨ ᠰᠠᠭᠤᠷᠢ ᠲᠤᠭ᠎ᠠ ᠪᠠᠷᠢᠮᠲᠠ ᠪᠠ ᠭᠤᠣᠯ ᠴᠣᠭᠴᠠ ᠶᠢᠨ ᠲᠤᠭ᠎ᠠ ᠪᠠᠷᠢᠮᠲᠠ ᠶᠢ ᠠᠮᠤᠷ ᠲᠦᠪᠰᠢᠨ ᠡᠮᠬᠢ ᠵᠢᠷᠤᠮ ᠲᠠᠢ ᠪᠠᠷ ᠰᠢᠯᠵᠢᠭᠦᠯᠦᠨ ᠬᠡᠷᠡᠭᠯᠡᠵᠦ᠂ ᠡᠯ᠎ᠡ ᠲᠠᠰ ᠳᠠᠪᠬᠤᠷᠭ᠎ᠠ ᠶᠢᠨ ᠲᠤᠬᠠᠶᠢᠯᠠᠭᠰᠠᠨ ᠠᠵᠢᠯ ᠢ ᠠᠭᠤᠰᠤᠯᠴᠠᠭᠤᠯᠬᠤ᠂ ᠲᠤᠭ᠎ᠠ ᠪᠠᠷᠢᠮᠲᠠ ᠶᠢ ᠠᠭᠤᠰᠤᠯᠴᠠᠭᠤᠯᠬᠤ᠂ ᠮᠡᠷᠭᠡᠵᠢᠯ ᠢ ᠠᠭᠤᠰᠤᠯᠴᠠᠭᠤᠯᠬᠤ ᠶᠢ ᠪᠡᠶᠡᠯᠡᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      1. ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠦᠷᠦᠭᠦᠯᠡᠬᠦ ᠰᠠᠯᠠᠭ᠎ᠠ ᠮᠥᠴᠢᠷ ᠢᠶᠠᠨ ᠲᠣᠳᠣᠷᠬᠠᠶᠢᠯᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠡᠷᠡᠭᠵᠢᠭᠦᠯᠬᠦ ᠲᠥᠰᠥᠯ ᠢᠶᠠᠨ ᠲᠣᠭᠲᠠᠭᠠᠵᠤ᠂ ᠡᠭᠦᠷᠭᠡ ᠪᠠᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃      2. ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ᠃ ᠡᠯ᠎ᠡ ᠠᠵᠢᠯ ᠲᠥᠷᠥᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠᠨ ᠴᠢᠩᠭᠠᠳᠬᠠᠵᠤ᠂ ᠲᠥᠷᠥ ᠶᠢᠨ ᠪᠣᠳᠣᠯᠭ᠎ᠠ᠂ ᠲᠤᠬᠠᠶᠢᠯᠠᠭᠰᠠᠨ ᠠᠵᠢᠯ᠂ ᠬᠠᠤᠯᠢ ᠬᠡᠷᠡᠭᠵᠢᠭᠦᠯᠬᠦ᠂ ᠲᠠᠪᠴᠠᠩ ᠤᠨ ᠬᠡᠷᠡᠭᠯᠡᠯᠲᠡ ᠵᠡᠷᠭᠡ ᠳᠤ ᠴᠢᠭᠯᠡᠭᠦᠯᠦᠨ ᠲᠥᠪᠯᠡᠷᠡᠭᠦᠯᠦᠨ ᠪᠣᠯᠪᠠᠰᠤᠷᠠᠭᠤᠯᠤᠯ ᠬᠢᠵᠦ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠵᠦᠢᠯ ᠤᠨ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠵᠤ᠂ ᠣᠯᠠᠨ ᠨᠡᠶᠢᠲᠡ ᠶᠢ ᠬᠥᠲᠥᠯᠥᠨ ᠵᠢᠯᠤᠭᠤᠳᠴᠤ ᠪᠠᠶᠢᠭᠠᠳ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠣᠶᠢᠯᠠᠭᠠᠨ ᠳᠡᠮᠵᠢᠭᠦᠯᠬᠦ ᠬᠡᠷᠡᠭᠲᠡᠢ᠃      3. ᠠᠵᠢᠯ ᠬᠤᠪᠢᠶᠠᠷᠢᠯᠠᠨ ᠬᠠᠮᠵᠢᠯᠴᠠᠬᠤ ᠶᠢ ᠴᠢᠩᠭᠠᠷᠠᠭᠤᠯᠵᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠨᠢᠭᠲᠠ ᠬᠠᠮᠵᠢᠯᠴᠠᠨ᠂ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠠᠬᠢᠭᠤᠯᠵᠤ᠂ ᠠᠵᠢᠯᠲᠠᠨ᠂ ᠮᠡᠷᠭᠡᠵᠢᠯ᠂ ᠲᠥᠬᠦᠭᠡᠷᠦᠮᠵᠢ᠂ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号