ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ 〔 2023 〕55 ᠳ᠋ᠤᠭᠠᠷ ᠲᠣᠭᠠᠲᠤ | | | ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ | ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠢ ᠳᠤ᠄ | ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠠᠵᠤ ᠦᠢᠯᠡᠰ ᠤᠨ ᠲᠣᠮᠣ ᠣᠷᠣᠨ ᠠᠴᠠ ᠲᠥᠮᠥᠰᠥᠨ ᠤ | ᠠᠵᠤ ᠦᠢᠯᠡᠰ ᠤᠨ ᠬᠦᠴᠦᠷᠬᠡᠭ ᠣᠷᠣᠨ ᠲᠡᠶᠢᠰᠢ ᠲᠠᠪᠰᠢᠬᠤ ᠶᠢ ᠠᠬᠢᠭᠤᠯᠬᠤ ᠶᠢᠨ ᠲᠤᠰᠠᠳᠠ᠂ ︽ᠵᠠᠭᠤᠨ | ᠳ᠋ᠦᠩᠰᠢᠭᠤᠷ ᠲᠡᠰ ᠤᠨ ᠲᠥᠮᠥᠰᠥᠨ ᠤ ᠠᠵᠤ ᠦᠢᠯᠡᠰ ᠤᠨ ᠬᠡᠪᠴᠢᠶ᠎ᠡ ᠶᠢ ᠨᠢ ᠥᠷᠭᠡᠳᠬᠡᠨ ᠴᠢᠨᠠᠷ ᠢ ᠨᠢ | ᠲᠡᠬᠡᠭᠰᠢᠯᠡᠬᠦᠯᠬᠦ︾ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠮᠥᠰᠥᠨ ᠤ ᠨᠢᠭᠡᠴᠢ ᠲᠠᠯᠠᠪᠠᠢ ᠶᠢᠨ | ᠤᠨᠠᠯᠲᠠ ᠬᠠᠷᠢᠴᠠᠩᠭᠤᠢ ᠳᠣᠣᠷ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ | ᠲᠤᠷᠤᠢ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠢ᠂ ᠣᠳᠣᠬᠢᠴᠢᠯᠠᠭᠰᠠᠨ ᠬᠠᠳᠠᠭᠠᠯᠠᠬᠤ | ᠪᠡᠯᠡᠳᠬᠡᠮᠵᠢ ᠶᠢᠨ ᠲᠤᠭ᠎ᠠ ᠬᠡᠮᠵᠢᠶ᠎ᠡ ᠬᠦᠷᠦᠯᠴᠡᠬᠦ ᠦᠭᠡᠢ ᠪᠠ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠠᠨᠠᠢ | ᠵᠡᠷᠭᠡ ᠠᠰᠠᠭᠤᠳᠠᠯ ᠳᠤ ᠬᠠᠨᠳᠤᠭᠤᠯᠵᠤ᠂ ᠲᠥᠮᠥᠰᠥᠨ ᠤ ᠠᠵᠤ ᠦᠢᠯᠡᠰ ᠤᠨ ᠬᠡᠯᠬᠢᠶᠡᠨ ᠤ ᠬᠥᠭᠵᠢᠯᠲᠡ ᠶᠢᠨ | ᠬᠡᠷᠡᠭᠴᠡᠭᠡ ᠱᠠᠭᠠᠷᠳᠠᠯᠭ᠎ᠠ ᠶᠣᠰᠣᠭᠠᠷ᠂ ︽ᠲᠥᠮᠥᠰᠥᠨ ᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ 〔2020〕35 ᠳ᠋ᠤᠭᠠᠷ | ᠲᠣᠭᠠᠲᠤ︶ ᠤᠨ ᠬᠤᠯᠪᠣᠭᠳᠠᠯ ᠪᠦᠬᠦᠢ ᠱᠠᠭᠠᠷᠳᠠᠯᠭ᠎ᠠ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠥᠮᠥᠰᠥᠨ ᠤ ᠠᠵᠤ ᠦᠢᠯᠡᠰ ᠤᠨ | ᠬᠡᠯᠬᠢᠶᠡᠨ ᠤ ᠬᠥᠭᠵᠢᠯᠲᠡ ᠶᠢ ᠠᠬᠢᠭᠤᠯᠬᠤ ᠵᠢᠷᠭᠤᠭᠠᠨ ᠵᠦᠢᠯ ᠤᠨ ᠲᠦᠷᠦ ᠶᠢᠨ ᠪᠣᠳᠣᠯᠭ᠎ᠠ ᠠᠷᠭ᠎ᠠ ᠬᠡᠮᠵᠢᠶᠡᠨ ᠤ | ᠲᠤᠬᠠᠢ ᠳᠣᠣᠷᠠᠬᠢ ᠮᠡᠲᠦ ᠮᠡᠳᠡᠭᠳᠡᠶ᠎ᠡ᠃ | ᠨᠢᠭᠡ᠂ ᠦᠷ᠎ᠡ ᠶᠢᠨ ᠲᠥᠮᠥᠰᠥ ᠦᠷᠡᠵᠢᠭᠦᠯᠵᠦ ᠪᠣᠶᠢᠵᠢᠭᠤᠯᠬᠤ ᠠᠵᠤ ᠦᠢᠯᠡᠰ ᠤᠨ ᠬᠦᠴᠦᠷᠬᠡᠭᠵᠢᠬᠦ ᠳᠤ | ᠳᠡᠮᠵᠢᠯᠭᠡ ᠦᠵᠡᠭᠦᠯᠦᠨ᠎ᠡ | ᠦᠷ᠎ᠡ ᠪᠣᠶᠢᠵᠢᠭᠤᠯᠬᠤ ᠲᠠᠯ᠎ᠠ ᠪᠠᠷ ᠬᠢ ᠰᠢᠨ᠎ᠡ ᠡᠭᠦᠳᠦᠯᠲᠡ ᠶᠢ ᠲᠡᠮᠵᠢᠵᠦ᠂ ᠲᠥᠮᠥᠰᠥᠨ ᠤ ᠦᠷ᠎ᠡ ᠶᠢᠨ | ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ | ᠢᠨᠵᠧᠨᠧᠷᠢᠩ ᠢ ᠬᠡᠷᠡᠭᠵᠢᠭᠦᠯᠦᠨ᠂ ᠲᠥᠮᠥᠰᠥᠨ ᠤ ᠦᠷ᠎ᠡ ᠪᠣᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ | ᠰᠢᠪᠲᠤᠯᠬᠤ ᠳᠤ ᠳᠡᠮᠵᠢᠯᠭᠡ ᠦᠵᠡᠭᠦᠯᠵᠦ᠂ ᠬᠤᠯᠪᠤᠭᠠᠯᠠᠨ ᠪᠣᠭᠤᠮᠲᠠ ᠰᠢᠪᠲᠤᠯᠬᠤ ᠲᠥᠰᠥᠯ ᠲᠣᠭᠲᠠᠭᠠᠨ᠂ | ᠥᠪᠡᠷᠲᠡᠭᠡᠨ ᠵᠠᠰᠠᠬᠤ ᠣᠷᠣᠨ ᠤ ᠲᠥᠮᠥᠰᠥᠨ ᠤ ᠦᠷ᠎ᠡ ᠪᠣᠶᠢᠵᠢᠭᠤᠯᠬᠤ ᠲᠠᠯ᠎ᠠ ᠪᠠᠷ ᠬᠤᠯᠪᠤᠭᠠᠯᠠᠨ ᠪᠣᠭᠤᠮᠲᠠ | ᠰᠢᠪᠲᠤᠯᠬᠤ ᠪᠦᠯᠭᠦᠮ ᠭᠠᠷᠭᠠᠵᠤ᠂ ᠲᠡᠷᠢᠭᠦᠨ ᠰᠢᠨᠵᠢᠯᠡᠬᠦ ᠤᠬᠠᠭᠠᠨᠲᠠᠨ ᠢ ᠰᠢᠯᠢᠨ ᠰᠣᠩᠭᠤᠵᠤ᠂ ᠥᠨᠳᠥᠷ | ᠪᠦᠳᠦᠮᠵᠢᠳᠡᠢ ᠲᠠᠢ ᠪᠠᠷ ᠦᠷ᠎ᠡ ᠪᠣᠶᠢᠵᠢᠭᠤᠯᠬᠤ ᠲᠣᠭᠲᠠᠯᠴᠠᠭ᠎ᠠ ᠶᠢ ᠪᠠᠶᠢᠭᠤᠯᠤᠨ ᠪᠦᠷᠢᠨᠰᠢᠭᠦᠯᠵᠦ᠂ ᠭᠠᠩ ᠢ | ᠳᠠᠭᠠᠭᠠᠬᠤ ᠰᠣᠷᠭᠤᠭ ᠢᠳᠡᠭᠡᠨ᠂ ᠡᠳ᠋ᠰᠢᠭᠦᠯᠦᠨ ᠪᠤᠯᠪᠠᠰᠤᠷᠠᠭᠤᠯᠬᠤ ᠳᠤ ᠲᠤᠰᠬᠠᠢ ᠬᠡᠷᠡᠭᠯᠡᠬᠦ ᠰᠢᠯᠢᠳᠡᠭ ᠡᠭᠦᠯᠳᠡᠷ ᠢ | ᠪᠣᠶᠢᠵᠢᠭᠤᠯᠤᠨ᠎ᠠ᠃ ᠦᠷ᠎ᠡ ᠶᠢᠨ ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠶᠡᠭᠡ ᠬᠡᠪᠴᠢᠶ᠎ᠡ ᠪᠠᠷ ᠦᠷ᠎ᠡ | ᠪᠣᠶᠢᠵᠢᠭᠤᠯᠤᠭᠰᠠᠨ ᠰᠢᠶᠠᠨ ᠳᠤ ᠱᠠᠩᠨᠠᠬᠤ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ᠂ ᠰᠠᠶᠢᠨ ᠦᠷ᠎ᠡ ᠶᠢᠨ | ᠲᠥᠮᠥᠰᠥ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠦ᠂ | ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ ᠰᠠᠶᠢᠲᠠᠢ ᠦᠷ᠎ᠡ ᠶᠢᠨ ᠲᠥᠮᠥᠰᠥ ᠲᠠᠷᠢᠬᠤ ᠶᠢ ᠵᠣᠷᠢᠭᠵᠢᠭᠤᠯᠤᠨ᠂ | ᠰᠠᠭᠤᠷᠢᠨ ᠭᠠᠵᠠᠷ ᠤᠨ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠨᠢ ᠲᠡᠬᠡᠭᠰᠢᠯᠡᠬᠦᠯᠬᠦ ᠶᠢᠨ ᠬᠠᠮᠲᠤ | ᠦᠷ᠎ᠡ ᠶᠢᠨ ᠲᠥᠮᠥᠰᠥᠨ ᠤ ᠶᠠᠰᠤ ᠴᠢᠨᠠᠷ ᠤᠨ ᠭᠡᠷᠡᠴᠢᠯᠡᠭᠡ ᠥᠷᠨᠢᠭᠦᠯᠬᠦ ᠶᠢ ᠲᠡᠮᠵᠢᠵᠦ᠂ ᠦᠷ᠎ᠡ ᠶᠢᠨ ᠲᠥᠮᠥᠰᠥᠨ ᠤ | ᠴᠢᠨᠠᠷ ᠢ ᠨᠢ ᠲᠡᠬᠡᠭᠰᠢᠯᠡᠬᠦᠯᠦᠨ᠎ᠡ᠃ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠲᠠᠢ ᠦᠷ᠎ᠡ ᠶᠢᠨ | ᠲᠥᠮᠥᠰᠥᠨ ᠤ ᠡᠭᠦᠯᠳᠡᠷ ᠳᠡᠯᠭᠡᠷᠡᠭᠦᠯᠬᠦ ᠶᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠪᠡᠶ᠎ᠡ ᠪᠠᠨ ᠳᠠᠭᠠᠭᠠᠭᠰᠠᠨ | ᠮᠡᠳᠡᠯᠭᠡ ᠶᠢᠨ ᠥᠮᠴᠢᠯᠡᠯ ᠤᠨ ᠡᠷᠬᠡ ᠲᠠᠢ ᠡᠭᠦᠯᠳᠡᠷ ᠢ ᠣᠷᠣᠨ ᠤ ᠳᠣᠲᠣᠷ᠎ᠠ ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ | 10 ᠲᠦᠮᠡᠨ ᠮᠦ ᠠᠴᠠ ᠳᠡᠭᠡᠭᠰᠢ ᠪᠠᠶᠢᠪᠠᠯ᠂ ᠨᠢᠭᠡ ᠯᠡ ᠤᠳᠠᠭ᠎ᠠ ᠳᠤ 500 ᠲᠦᠮᠡᠨ ᠲᠥᠭᠦᠷᠢᠭ ᠱᠠᠩᠨᠠᠨ᠎ᠠ︔ | ᠵᠢᠯ ᠳᠤ ᠳᠡᠯᠭᠡᠷᠡᠭᠦᠯᠦᠭᠰᠡᠨ ᠲᠠᠯᠠᠪᠠᠢ ᠨᠢ 30 ᠲᠦᠮᠡᠨ ᠮᠦ ᠠᠴᠠ ᠳᠡᠭᠡᠭᠰᠢ ᠪᠠᠶᠢᠪᠠᠯ᠂ ᠨᠢᠭᠡ ᠯᠡ ᠤᠳᠠᠭ᠎ᠠ ᠳᠤ | 1000 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ | ᠬᠤᠶᠠᠷ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠬᠦ ᠳᠤ ᠳᠡᠮᠵᠢᠯᠭᠡ | ᠦᠵᠡᠭᠦᠯᠦᠨ᠎ᠡ | ᠲᠥᠮᠥᠰᠥ ᠦᠢᠯᠡᠳᠪᠦᠷᠢᠯᠡᠭᠴᠢ ᠳᠤ ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ | ᠣᠷᠣᠨ ᠨᠢ ᠤᠯᠤᠰ ᠤᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢᠨ ᠬᠡᠪᠴᠢᠶᠡᠨ ᠳᠣᠲᠣᠷ᠎ᠠ᠂ ᠡᠷᠳᠡᠨᠢ ᠰᠢᠰᠢ᠂ | ᠰᠢᠷ᠎ᠠ ᠪᠤᠷᠴᠠᠭ ᠦᠢᠯᠡᠳᠪᠦᠷᠢᠯᠡᠭᠴᠢ ᠳᠤ ᠬᠦᠷᠲᠡᠭᠡᠬᠦ ᠨᠡᠮᠡᠭᠦᠷᠢ ᠠᠴᠠ ᠬᠡᠰᠡᠭ ᠪᠡᠯᠡ ᠮᠥᠩᠭᠦ ᠲᠣᠬᠢᠷᠠᠭᠤᠯᠵᠤ᠂ | ᠲᠥᠮᠥᠰᠥ ᠲᠠᠷᠢᠭᠴᠢ ᠳᠤ ᠨᠡᠮᠡᠭᠦᠷᠢ ᠣᠯᠭᠤᠨ᠎ᠠ᠃ ᠥᠪᠡᠷᠲᠡᠭᠡᠨ ᠵᠠᠰᠠᠬᠤ ᠣᠷᠣᠨ ᠠᠴᠠ ᠲᠥᠮᠥᠰᠥᠨ ᠤ ᠤᠨᠠᠯᠲᠠ ᠶᠢ | ᠦᠢᠯᠡᠳᠪᠦᠷᠢᠯᠡᠭᠴᠢ ᠳᠤ ᠨᠡᠮᠡᠭᠦᠷᠢ ᠪᠡᠯᠡ ᠮᠥᠩᠭᠦ ᠬᠤᠪᠢᠶᠠᠷᠢᠯᠠᠬᠤ ᠶᠢᠨ ᠯᠠᠪᠯᠠᠬᠤ ᠬᠦᠴᠦᠨ ᠵᠦᠢᠯ ᠪᠣᠯᠭᠠᠵᠤ᠂ ᠡᠯ᠎ᠡ | ᠭᠠᠵᠠᠷ ᠣᠷᠣᠨ ᠢ ᠬᠥᠲᠥᠯᠥᠨ ᠵᠢᠯᠤᠭᠤᠳᠴᠤ ᠪᠠᠶᠢᠭᠠᠳ ᠨᠡᠮᠡᠭᠦᠷᠢ ᠪᠡᠯᠡ ᠮᠥᠩᠭᠦ ᠶᠢ ᠨᠢᠭᠡᠴᠢ ᠲᠠᠯᠠᠪᠠᠢ ᠶᠢᠨ | ᠤᠨᠠᠯᠲᠠ ᠪᠠᠨ ᠨᠡᠮᠡᠭᠳᠡᠭᠦᠯᠬᠦ ᠶᠢ ᠳᠡᠮᠵᠢᠬᠦ ᠳᠤ ᠨᠠᠩ ᠢᠯᠡᠭᠦᠦ ᠵᠠᠷᠤᠴᠠᠭᠤᠯᠤᠭᠤᠯᠬᠤ ᠶᠢᠨ ᠬᠠᠮᠲᠤ ᠳᠠᠪᠠᠭᠤᠯᠢᠭ ᠭᠤᠣᠯ | ᠭᠠᠷᠤᠯᠲᠠ ᠶᠢᠨ ᠣᠷᠣᠨ ᠲᠡᠶᠢᠰᠢ ᠲᠥᠪᠯᠡᠷᠡᠭᠦᠯᠦᠨ᠎ᠡ᠃ ᠡᠭᠡᠯᠵᠢᠯᠡᠨ ᠲᠠᠷᠢᠵᠤ ᠭᠤᠤᠷᠰᠤ ᠰᠣᠯᠢᠬᠤ ᠶᠢ ᠳᠡᠮᠵᠢᠵᠦ᠂ 3 | ᠵᠢᠯ ᠵᠢᠴᠢ ᠡᠭᠦᠨ ᠠᠴᠠ ᠢᠯᠡᠭᠦᠦ ᠡᠭᠡᠯᠵᠢᠯᠡᠨ ᠲᠠᠷᠢᠬᠤ ᠶᠢ ᠬᠡᠷᠡᠭᠵᠢᠭᠦᠯᠦᠨ᠂ ᠵᠠᠯᠭᠠᠭ᠎ᠠ ᠪᠠᠷ ᠳᠠᠷᠢᠬᠤ ᠰᠠᠭᠠᠳ | ᠲᠣᠳᠬᠠᠷ ᠢ ᠰᠢᠢᠳᠪᠦᠷᠢᠯᠡᠵᠦ᠂ ᠬᠥᠷᠥᠰᠥ ᠰᠢᠷᠣᠢ ᠪᠠᠷ ᠳᠠᠮᠵᠢᠨ ᠬᠠᠯᠳᠠᠪᠤᠷᠢᠯᠠᠬᠤ ᠬᠤᠷᠣᠬᠠᠢ ᠭᠡᠮ ᠤᠨ ᠬᠥᠨᠥᠭᠡᠯ ᠢ | ᠳᠠᠷᠤᠵᠤ ᠪᠠᠭᠠᠰᠬᠠᠨ᠂ ᠲᠥᠮᠥᠰᠥᠨ ᠤ ᠴᠢᠨᠠᠷ ᠪᠠ ᠨᠢᠭᠡᠴᠢ ᠲᠠᠯᠠᠪᠠᠢ ᠶᠢᠨ ᠤᠨᠠᠯᠲᠠ ᠶᠢ ᠳᠡᠭᠡᠭᠰᠢᠯᠡᠭᠦᠯᠦᠨ᠎ᠡ᠃ | ᠲᠠᠷᠢᠶᠠᠯᠠᠬᠤ ᠭᠠᠵᠠᠷ ᠢ ᠡᠭᠡᠯᠵᠢᠯᠡᠨ ᠲᠠᠷᠢᠬᠤ ᠳᠤ ᠮᠦ ᠪᠦᠷᠢ ᠳᠤ 150 ᠲᠥᠭᠦᠷᠢᠭ ᠥᠭᠬᠦ ᠤᠯᠤᠰ ᠤᠨ | ᠨᠡᠮᠡᠭᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠤᠯᠠᠭᠠᠨᠴᠠᠪ ᠬᠤᠲᠠ ᠵᠡᠷᠭᠡ ᠲᠥᠮᠥᠰᠥᠨ ᠤ ᠳᠠᠪᠠᠭᠤᠯᠢᠭ | ᠭᠤᠣᠯ ᠭᠠᠷᠤᠯᠲᠠ ᠶᠢᠨ ᠣᠷᠣᠨ ᠤ ᠡᠭᠡᠯᠵᠢᠯᠡᠨ ᠳᠠᠷᠢᠬᠤ ᠳᠤ ᠨᠡᠮᠡᠭᠦᠷᠢ ᠥᠭᠬᠦ ᠲᠠᠯᠠᠪᠠᠶ ᠶᠢ 100 ᠲᠦᠮᠡᠨ ᠮᠦ ᠠᠴᠠ | ᠳᠡᠭᠡᠭᠰᠢ ᠳᠤ ᠲᠣᠭᠲᠠᠪᠤᠷᠢᠵᠢᠭᠤᠯᠤᠨ᠎ᠠ᠃ ᠨᠡᠶᠢᠭᠡᠮᠴᠢᠯᠡᠭᠰᠡᠨ ᠦᠢᠯᠡᠴᠢᠯᠡᠭᠡ ᠶᠢ ᠳᠡᠮᠵᠢᠵᠦ᠂ ᠵᠢᠵᠢᠭ ᠲᠠᠷᠢᠶᠠᠴᠢᠨ | ᠡᠷᠦᠬᠡ ᠶᠢᠨ ᠲᠠᠷᠠᠬᠠᠢ ᠡᠵᠡᠩᠨᠡᠯᠲᠡ ᠶᠢ ᠬᠤᠪᠢᠷᠠᠭᠤᠯᠤᠨ᠂ ᠡᠯ᠎ᠡ ᠲᠥᠷᠥᠯ ᠤᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠵᠢᠵᠢᠭ ᠲᠠᠷᠢᠶᠠᠴᠢᠨ ᠡᠷᠦᠬᠡ ᠳᠤ ᠲᠥᠮᠥᠰᠥᠨ ᠲᠠᠷᠢᠶ᠎ᠡ ᠶᠢ | ᠨᠢ ᠣᠷᠣᠯᠠᠨ ᠬᠠᠭᠠᠯᠪᠤᠷᠢᠯᠠᠵᠤ ᠣᠷᠣᠯᠠᠨ ᠳᠠᠷᠢᠬᠤ᠂ ᠣᠷᠣᠯᠠᠨ ᠬᠠᠮᠢᠶᠠᠷᠴᠤ ᠣᠷᠣᠯᠠᠨ ᠬᠤᠷᠢᠶᠠᠬᠤ᠂ ᠪᠦᠬᠦ | ᠶᠠᠪᠤᠴᠠ ᠳᠤ ᠨᠠᠶᠢᠳᠠᠨ ᠬᠠᠮᠢᠶᠠᠷᠤᠭᠤᠯᠬᠤ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠨ᠂ ᠰᠢᠨ᠎ᠡ ᠡᠭᠦᠯᠳᠡᠷ᠂ | ᠰᠢᠨ᠎ᠡ ᠮᠡᠷᠭᠡᠵᠢᠯ ᠢ ᠲᠥᠪᠯᠡᠷᠡᠭᠦᠯᠦᠨ ᠳᠡᠯᠭᠡᠷᠡᠭᠦᠯᠵᠦ᠂ ᠬᠡᠪᠴᠢᠶᠡᠵᠢᠭᠦᠯᠦᠨ ᠡᠷᠴᠢᠮᠵᠢᠭᠦᠯᠦᠭᠰᠡᠨ ᠡᠵᠡᠩᠨᠡᠯᠲᠡ ᠶᠢ | ᠠᠬᠢᠭᠤᠯᠤᠨ᠂ ᠨᠢᠭᠡᠴᠢ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠮᠡᠷᠭᠡᠵᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠤ᠂ ᠵᠠᠷᠴᠢᠮ ᠳᠡᠭᠡᠷ᠎ᠡ ᠪᠠᠨ ᠦᠢᠯᠡᠴᠢᠯᠡᠬᠦ ᠦᠨ᠎ᠡ ᠬᠠᠩᠰᠢ ᠳᠠᠬᠢ ᠡᠳ᠋ ᠤᠨ ᠵᠠᠰᠠᠭ ᠤᠨ | ᠨᠥᠬᠦᠪᠦᠷᠢ ᠶᠢᠨ ᠡᠵᠡᠯᠡᠬᠦ ᠬᠠᠷᠢᠴᠠᠯ ᠢ 30% ᠠᠴᠠ ᠬᠡᠲᠦᠷᠡᠭᠦᠯᠬᠦ ᠦᠭᠡᠢ ᠪᠠᠶᠢᠯᠭᠠᠨ᠂ ᠨᠢᠭᠡ ᠬᠤᠷᠢᠶᠡᠯᠳᠡᠳᠦ | ᠲᠠᠷᠢᠮᠠᠯ ᠤᠨ ᠮᠦ ᠳᠤᠮᠳᠠᠴᠢ ᠶᠢᠨ ᠨᠥᠬᠦᠪᠦᠷᠢ ᠶᠢᠨ ᠶᠡᠷᠦᠩᠬᠡᠢ ᠲᠤᠭ᠎ᠠ ᠶᠢ 100 ᠲᠥᠭᠦᠷᠢᠭ ᠠᠴᠠ ᠬᠡᠲᠦᠷᠡᠭᠦᠯᠬᠦ | ᠦᠭᠡᠢ ᠪᠠᠶᠢᠯᠭᠠᠵᠤ᠂ ᠵᠢᠯ ᠤᠨ ᠦᠢᠯᠡᠴᠢᠯᠡᠬᠦ ᠲᠠᠯᠠᠪᠠᠶ ᠶᠢ 100 ᠲᠦᠮᠡᠨ ᠮᠦ ᠤᠳᠠᠭ᠎ᠠ ᠠᠴᠠ ᠳᠣᠣᠷᠠᠳᠠᠭᠤᠯᠬᠤ | ᠦᠭᠡᠢ ᠪᠠᠶᠢᠯᠭᠠᠨ᠎ᠠ᠃ ᠲᠥᠮᠥᠰᠥᠨ ᠤ ᠥᠨᠳᠥᠷ ᠤᠨᠠᠯᠲᠠᠲᠤ ᠥᠨᠳᠥᠷ ᠦᠷ᠎ᠡ ᠠᠰᠢᠭᠲᠤ ᠵᠢᠱᠢᠶ᠎ᠡ ᠦᠵᠡᠭᠦᠯᠬᠦ | ᠣᠷᠣᠨ ᠤ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ | ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ᠂ ᠲᠥᠮᠥᠰᠥᠨ ᠤ ᠭᠤᠣᠯ ᠭᠠᠷᠤᠯᠲᠠ ᠶᠢᠨ ᠠᠶᠢᠮᠠᠭ ᠬᠤᠲᠠ ᠶᠢᠨ | ᠭᠤᠣᠯᠳᠠᠯᠭ᠎ᠠ ᠪᠣᠯᠬᠤ ᠬᠤᠰᠢᠭᠤ ᠰᠢᠶᠠᠨ ︵ᠬᠤᠲᠠ᠂ ᠲᠣᠭᠤᠷᠢᠭ︶ ᠢᠶᠠᠷ ᠭᠤᠣᠯᠯᠠᠵᠤ᠂ ᠴᠢᠨᠠᠷ ᠰᠠᠶᠢᠲᠠᠢ ᠪᠥᠭᠡᠳ | ᠥᠨᠳᠥᠷ ᠪᠦᠲᠦᠮᠵᠢᠲᠦ ᠲᠠᠷᠢᠵᠦ ᠤᠷᠭᠤᠭᠤᠯᠬᠤ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠤᠰᠤ | ᠪᠣᠷᠳᠣᠭᠤᠷ ᠢ ᠨᠢᠭᠡ ᠴᠣᠭᠴᠠᠵᠢᠭᠤᠯᠤᠨ ᠬᠡᠷᠡᠭᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠂ ᠪᠣᠷᠳᠣᠭᠤᠷ ᠲᠠᠷᠢᠶᠠᠨ ᠡᠮ | ᠤᠰᠤ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠬᠢᠵᠠᠭᠠᠷᠯᠠᠵᠤ᠂ ᠬᠠᠭᠤᠷᠠᠢ ᠲᠠᠷᠢᠶᠠᠯᠠᠬᠤ ᠭᠠᠵᠠᠷ ᠲᠤ ᠴᠢᠨᠠᠷ | ᠰᠠᠶᠢᠲᠠᠢ ᠲᠥᠮᠥᠰᠥ ᠳᠠᠷᠢᠬᠤ ᠶᠢ ᠳᠡᠮᠵᠢᠨ᠂ ᠤᠨᠠᠯᠲᠠ ᠪᠠᠨ ᠨᠡᠮᠡᠭᠳᠡᠭᠦᠯᠦᠨ ᠦᠷ᠎ᠡ ᠠᠰᠢᠭ ᠢᠶᠠᠨ ᠲᠡᠬᠡᠭᠰᠢᠯᠡᠬᠦᠯᠬᠦ | ᠲᠡᠶᠢᠰᠢ ᠳᠠᠶᠢᠴᠢᠯᠠᠨ᠎ᠠ᠃ ᠡᠳ᠋ᠰᠢᠭᠦᠯᠦᠨ ᠪᠤᠯᠪᠠᠰᠤᠷᠠᠭᠤᠯᠬᠤ ᠵᠠᠬᠢᠶᠠᠯᠠᠭ᠎ᠠ ᠳᠤ ᠨᠡᠮᠡᠭᠦᠷᠢ ᠥᠭᠬᠦ ᠶᠢ ᠳᠡᠮᠵᠢᠵᠦ᠂ | ᠥᠪᠡᠷᠲᠡᠭᠡᠨ ᠵᠠᠰᠠᠬᠤ ᠣᠷᠣᠨ ᠤ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠨᠢ ᠣᠷᠣᠨ ᠤ | ᠳᠣᠲᠣᠷᠠᠬᠢ ᠲᠠᠷᠢᠮᠠᠯ ᠤᠨ ᠡᠷᠦᠬᠡ ᠯᠦᠭᠡ ᠲᠣᠭᠲᠠᠪᠤᠷᠢᠲᠠᠢ ᠠᠰᠢᠭ ᠲᠤᠰᠠ ᠶᠢᠨ ᠬᠤᠯᠪᠣᠭᠳᠠᠭᠤᠯᠬᠤ ᠲᠣᠭᠲᠠᠴᠠ ᠶᠢ | ᠪᠠᠶᠢᠭᠤᠯᠤᠭᠰᠠᠨ᠂ ᠪᠠᠷᠢᠮᠵᠢᠶᠠᠵᠢᠭᠤᠯᠤᠨ ᠳᠠᠷᠢᠭᠰᠠᠨ ᠮᠥᠷᠲᠡᠭᠡᠨ ᠬᠦᠴᠦ ᠪᠦᠬᠦᠢ ᠵᠠᠬᠢᠶᠠᠯᠠᠭ᠎ᠠ ᠲᠣᠭᠲᠠᠭᠰᠠᠨ ᠪᠠᠶᠢᠪᠠᠯ | ᠂ ᠬᠤᠳᠠᠯᠳᠤᠨ ᠠᠪᠬᠤ ᠭᠤᠣᠯ ᠴᠣᠭᠴᠠ ᠳᠤ 20 ᠲᠥᠭᠦᠷᠢᠭ / ᠲᠣᠨ ᠤ ᠨᠡᠮᠡᠭᠦᠷᠢ ᠣᠯᠭᠤᠨ᠎ᠠ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ | ᠭᠤᠷᠪᠠ᠂ ᠭᠠᠷᠤᠯᠲᠠ ᠶᠢᠨ ᠣᠷᠣᠨ ᠳᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ | ᠣᠳᠣᠬᠢᠴᠢᠯᠠᠭᠰᠠᠨ ᠪᠡᠯᠡᠳᠬᠡᠮᠵᠢ ᠪᠠᠶᠢᠭᠤᠯᠬᠤ ᠶᠢ ᠲᠡᠳᠬᠦᠨ᠎ᠡ | ᠲᠠᠷᠢᠶᠠᠴᠢᠨ ᠤ ᠬᠤᠷᠰᠢᠶ᠎ᠡ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠬᠥᠲᠥᠯᠥᠨ | ᠵᠢᠯᠤᠭᠤᠳᠴᠤ ᠪᠠᠶᠢᠭᠠᠳ ᠲᠥᠮᠥᠰᠥ ᠲᠠᠷᠢᠬᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠶᠢ ᠨᠢ ᠦᠨᠳᠦᠰᠦᠯᠡᠵᠦ᠂ ᠰᠠᠯᠬᠢ | ᠨᠡᠪᠲᠡᠷᠡᠭᠦᠯᠬᠦ ᠬᠠᠳᠠᠭᠠᠯᠠᠯᠲᠠ ᠶᠢᠨ ᠬᠥᠮᠥᠷᠭᠡ᠂ ᠮᠧᠬᠠᠨᠢᠭ ᠬᠦᠢᠲᠡᠨ ᠬᠥᠮᠥᠷᠭᠡ᠂ ᠬᠡᠢ ᠠᠭᠠᠷ ᠲᠣᠬᠢᠷᠠᠭᠤᠯᠬᠤ | ᠬᠠᠳᠠᠭᠠᠯᠠᠯᠲᠠ ᠶᠢᠨ ᠬᠥᠮᠥᠷᠭᠡ᠂ ᠤᠷᠢᠳᠴᠢᠯᠠᠨ ᠬᠥᠷᠥᠭᠡᠵᠦ ᠬᠥᠯᠳᠡᠭᠡᠬᠦ ᠵᠢᠴᠢ ᠲᠥᠬᠦᠷ ᠭᠠᠷᠤᠯᠲᠠ ᠶᠢᠨ ᠣᠷᠣᠨ ᠳᠤ | ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠵᠡᠷᠭᠡ ᠰᠢᠢᠳᠪᠦᠷᠢᠯᠡᠬᠦ ᠪᠡᠯᠡᠳᠬᠡᠮᠵᠢ ᠲᠥᠬᠦᠭᠡᠷᠦᠮᠵᠢ ᠶᠢ | ᠵᠦᠢ ᠵᠣᠬᠢᠰᠲᠠᠢ ᠪᠠᠶᠢᠭᠤᠯᠵᠤ᠂ ᠦᠷ᠎ᠡ ᠶᠢᠨ ᠲᠥᠮᠥᠰᠥ ᠪᠠ ᠲᠠᠸᠠᠷ ᠤᠨ ᠲᠥᠮᠥᠰᠥ ᠶᠢ ᠴᠢᠨᠠᠷ ᠰᠠᠶᠢᠲᠠᠢ | ᠬᠠᠳᠠᠭᠠᠯᠠᠬᠤ ᠶᠢ ᠨᠢ ᠪᠠᠲᠤᠯᠠᠨ᠎ᠠ᠃ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ ᠥᠪᠡᠰᠦᠪᠡᠨ ᠬᠡᠷᠡᠭᠯᠡᠬᠦ | ᠲᠥᠮᠥᠰᠥᠨ ᠤ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ ᠪᠡᠯᠡᠳᠬᠡᠮᠵᠢ ᠶᠢ | ᠰᠢᠨ᠎ᠡ ᠪᠠᠷ ᠪᠠᠶᠢᠭᠤᠯᠤᠭᠰᠠᠨ ᠪᠠᠶᠢᠪᠠᠯ᠂ ᠪᠡᠯᠡᠳᠭᠡᠮᠵᠢᠳᠤ ᠲᠠᠷᠢᠶᠠᠯᠠᠩ ᠤᠨ ᠳᠠᠭᠠᠯᠲᠠ ᠪᠡᠯᠡᠳᠬᠡᠮᠵᠢ ᠳᠤ ᠬᠡᠷᠡᠭᠯᠡᠬᠦ | ᠭᠠᠵᠠᠷ ᠤᠨ ᠬᠠᠮᠢᠶᠠᠷᠤᠯᠲᠠ ᠪᠠᠷ ᠬᠠᠮᠢᠶᠠᠷᠴᠤ᠂ ᠱᠠᠭᠠᠷᠳᠠᠯᠭ᠎ᠠ ᠶᠣᠰᠣᠭᠠᠷ ᠪᠦᠷᠢᠳᠬᠡᠨ ᠲᠠᠩᠰᠠᠯᠠᠵᠦ ᠬᠠᠮᠢᠶᠠᠷᠤᠨ᠎ᠠ︔ | ᠡᠵᠡᠩᠨᠡᠯᠲᠡ ᠶᠢᠨ ᠴᠢᠨᠠᠷᠲᠠᠢ ᠲᠥᠮᠥᠰᠥᠨ ᠤ ᠰᠢᠨ᠎ᠡ ᠰᠣᠷᠭᠤᠭ ᠢᠶᠠᠷ ᠬᠥᠮᠥᠷᠭᠡᠯᠡᠨ ᠬᠠᠳᠠᠭᠠᠯᠠᠬᠤ ᠣᠳᠣᠬᠢᠴᠢᠯᠠᠭᠰᠠᠨ | ᠪᠡᠯᠡᠳᠬᠡᠮᠵᠢ ᠶᠢ ᠪᠠᠶᠢᠭᠤᠯᠤᠭᠰᠠᠨ ᠪᠠᠶᠢᠪᠠᠯ᠂ ᠡᠩ ᠤᠨ ᠲᠠᠷᠢᠶᠠᠯᠠᠬᠤ ᠭᠠᠵᠠᠷ ᠢ ᠡᠵᠡᠯᠡᠨ ᠬᠡᠷᠡᠭᠯᠡᠭᠰᠡᠨ ᠳᠤ ᠨᠢ | ᠲᠠᠷᠢᠶᠠᠯᠠᠬᠤ ᠭᠠᠵᠠᠷ ᠤᠨ ︽ᠨᠡᠮᠡᠭᠳᠡᠯ ᠬᠠᠰᠤᠭᠳᠠᠯ ᠢ ᠲᠡᠩᠴᠡᠭᠦᠷᠢᠲᠡᠢ ᠪᠠᠶᠢᠯᠭᠠᠬᠤ︾ ᠪᠣᠳᠣᠯᠭ᠎ᠠ ᠶᠢ ᠤᠷᠢᠳ ᠢᠶᠠᠷ | ᠲᠣᠬᠢᠷᠠᠭᠤᠯᠤᠨ ᠨᠠᠶᠢᠳᠠᠪᠤᠷᠢᠵᠢᠭᠤᠯᠤᠨ᠎ᠠ᠃ ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠬᠥᠳᠡᠭᠡ | ᠲᠤᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠯᠤᠭ᠎ᠠ ᠵᠣᠯᠭᠠᠯᠳᠤᠭᠤᠯᠤᠭᠰᠠᠨ ᠨᠥᠬᠦᠪᠦᠷᠢ ᠪᠡᠯᠡ | ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠠᠰᠢᠭᠯᠠᠵᠤ ᠪᠠᠶᠢᠭᠠᠳ ᠲᠥᠮᠥᠰᠥᠨ ᠤ ᠬᠦᠢᠲᠡᠨ ᠬᠠᠳᠠᠭᠠᠯᠠᠯᠲᠠ ᠪᠠᠷ | ᠰᠢᠨ᠎ᠡ ᠰᠣᠷᠭᠤᠭ ᠢ ᠪᠠᠲᠤᠯᠠᠬᠤ ᠣᠳᠣᠬᠢᠴᠢ ᠪᠡᠯᠡᠳᠬᠡᠮᠵᠢ ᠪᠠᠶᠢᠭᠤᠯᠬᠤ ᠶᠢ ᠲᠡᠮᠵᠢᠵᠦ᠂ ᠤᠷᠢᠳ ᠢᠶᠠᠷ ᠪᠠᠶᠢᠭᠤᠯᠵᠤ | ᠲᠠᠷᠠᠭ᠎ᠠ ᠳᠤ ᠨᠢ ᠨᠥᠬᠦᠪᠦᠷᠢᠯᠡᠬᠦ ᠠᠷᠭ᠎ᠠ ᠮᠠᠶ᠋ᠢᠭ ᠢ ᠬᠡᠷᠡᠭᠯᠡᠨ᠂ ᠵᠢᠯ ᠪᠦᠷᠢ ᠲᠠᠷᠢᠶᠠᠴᠢᠨ ᠲᠠᠢ ᠬᠤᠯᠪᠣᠭᠠᠯᠠᠵᠤ | ᠲᠠᠷᠢᠶᠠᠴᠢᠨ ᠢ ᠳᠠᠶᠢᠴᠢᠯᠠᠬᠤ ᠴᠢᠳᠠᠪᠤᠷᠢ ᠪᠠᠷ ᠴᠢᠩᠭ᠎ᠠ ᠪᠣᠯᠬᠤᠶᠢᠴᠠ ᠨᠡᠮᠡᠭᠦᠷᠢ ᠬᠦᠷᠲᠡᠭᠡᠬᠦ ᠰᠢᠯᠢᠳᠡᠭ ᠡᠲᠡᠭᠡᠳ ᠢ | ᠰᠣᠩᠭᠤᠨ ᠲᠣᠭᠲᠠᠭᠠᠵᠤ᠂ ᠭᠠᠷᠤᠯᠲᠠ ᠶᠢᠨ ᠣᠷᠣᠨ ᠤ ᠲᠠᠷᠢᠮᠠᠯ ᠲᠠᠷᠢᠨᠨᠴᠢᠳ ᠬᠥᠮᠥᠷᠭᠡ ᠶᠢᠨ ᠪᠠᠭᠲᠠᠭᠠᠮᠵᠢ ᠨᠢ | 2000 ᠲᠣᠨ ᠠᠴᠠ ᠳᠡᠭᠡᠭᠰᠢᠬᠢ ᠬᠦᠢᠲᠡᠨ ᠬᠠᠳᠠᠭᠠᠯᠠᠯᠲᠠ ᠪᠠᠷ ᠰᠢᠨ᠎ᠡ ᠰᠣᠷᠭᠤᠭ ᠢ ᠪᠠᠲᠤᠯᠠᠬᠤ ᠣᠳᠣᠬᠢᠴᠢᠯᠠᠭᠰᠠᠨ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠨ ᠪᠠᠶᠢᠭᠤᠯᠤᠭᠰᠠᠨ ︵ᠬᠦᠢᠲᠡᠨ ᠬᠠᠳᠠᠭᠠᠯᠠᠯᠲᠠ ᠶᠢᠨ | ᠲᠤᠨᠤᠭ ᠲᠥᠬᠦᠭᠡᠷᠦᠮᠵᠢ ᠤᠭᠰᠠᠷᠠᠭᠰᠠᠨ ᠦᠭᠡᠢ ᠡᠩ ᠤᠨ ᠬᠠᠳᠠᠭᠠᠯᠠᠬᠤ ᠬᠥᠮᠥᠷᠭᠡ ᠶᠢ ᠥᠭᠡᠷᠡᠴᠢᠯᠡᠨ ᠰᠢᠨᠡᠳᠬᠡᠬᠦ ᠶᠢ | ᠵᠢᠭᠠᠨ᠎ᠠ︶ ᠪᠠᠶᠢᠪᠠᠯ᠂ ᠪᠦᠲᠦᠭᠡᠨ ᠪᠠᠶᠢᠭᠤᠯᠤᠯᠲᠠ ᠶᠢᠨ ᠪᠦᠭᠦ ᠦᠢᠯᠡᠳᠦᠭᠰᠡᠨ ᠦᠨ᠎ᠡ ᠶᠢᠨ 30%᠂ ᠲᠠᠩ | ᠴᠣᠭᠴᠠᠲᠤ ᠪᠡᠯᠡᠳᠬᠡᠮᠵᠢ ᠳᠤ ᠬᠠᠮᠤᠭ ᠤᠨ ᠠᠷᠪᠢᠨ ᠳᠤ ᠪᠠᠨ 100 ᠲᠦᠮᠡᠨ ᠲᠥᠭᠦᠷᠢᠭ ᠤᠨ ᠶᠣᠰᠣᠭᠠᠷ ᠨᠡᠮᠡᠭᠦᠷᠢ | ᠣᠯᠭᠤᠨ᠎ᠠ᠂ ᠥᠪᠡᠷᠲᠡᠭᠡᠨ ᠵᠠᠰᠠᠬᠤ ᠣᠷᠣᠨ ᠠᠴᠠ ᠨᠡᠮᠡᠭᠦᠷᠢ ᠣᠯᠭᠤᠭᠰᠠᠨ ᠰᠠᠭᠤᠷᠢᠨ ᠳᠡᠭᠡᠷ᠎ᠡ ᠠᠶᠢᠮᠠᠭ ᠬᠤᠲᠠ ᠪᠠ | ᠬᠤᠰᠢᠭᠤ ᠰᠢᠶᠠᠨ ︵ᠬᠤᠲᠠ᠂ ᠲᠣᠭᠤᠷᠢᠭ︶ ᠤ ᠡᠳ᠋ ᠤᠨ ᠵᠠᠰᠠᠭ ᠠᠴᠠ ᠵᠣᠬᠢᠮᠵᠢᠲᠠᠢ ᠪᠠᠷ ᠲᠠᠬᠢᠵᠦ ᠨᠡᠮᠡᠭᠦᠷᠢ | ᠣᠯᠭᠤᠬᠤ ᠶᠢ ᠵᠣᠷᠢᠭᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ | ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ | ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠨᠠᠶᠢᠳᠠᠪᠤᠷᠢᠵᠢᠭᠤᠯᠤᠨ᠎ᠠ︶ | ᠳᠥᠷᠪᠡ᠂ ᠲᠥᠮᠥᠰᠥᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ ᠢ ᠨᠡᠮᠡᠭᠳᠡᠭᠦᠯᠦᠨ᠎ᠡ | ᠲᠥᠮᠥᠰᠥᠨ ᠤ ᠠᠵᠤ ᠦᠢᠯᠡᠰ ᠤᠨ ᠨᠡᠷᠡᠳᠦ ᠲᠡᠮᠳᠡᠭ ᠢ ᠬᠥᠮᠥᠵᠢᠭᠦᠯᠦᠨ ᠪᠣᠶᠢᠵᠢᠭᠤᠯᠬᠤ ᠪᠠ ᠵᠠᠬ᠎ᠠ | ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ ᠬᠢᠬᠦ ᠶᠢ ᠲᠡᠮᠵᠢᠵᠦ᠂ ᠠᠵᠤ ᠠᠬᠤᠶᠢᠯᠠᠯ ᠤᠨ ᠪᠦᠲᠦᠭᠡᠭᠳᠡᠬᠦᠨ ᠤ ᠶᠠᠰᠤ | ᠴᠢᠨᠠᠷ ᠪᠠ ᠪᠠᠷᠢᠮᠵᠢᠶᠠᠵᠢᠭᠤᠯᠬᠤ ᠬᠢᠷᠢ ᠲᠦᠪᠰᠢᠨ ᠢᠶᠠᠨ ᠳᠡᠬᠡᠭᠰᠢᠯᠡᠬᠦᠯᠬᠦ ᠶᠢ ᠨᠢ ᠵᠣᠷᠢᠭᠵᠢᠭᠤᠯᠤᠨ᠂ ︽ᠥᠪᠥᠷ | ᠮᠣᠩᠭᠤᠯ︾ ᠨᠡᠷᠡᠮᠵᠢᠲᠦ ᠲᠡᠮᠳᠡᠭ ᠢᠶᠠᠷ ᠬᠥᠲᠥᠯᠥᠨ ᠳᠠᠭᠠᠭᠤᠯᠵᠤ ᠪᠠᠶᠢᠭᠠᠳ ᠨᠢᠭᠡᠳᠦᠯᠲᠡᠢ ᠪᠠᠷᠢᠮᠵᠢᠶ᠎ᠠ᠂ ᠨᠢᠭᠡᠳᠦᠯᠲᠡᠢ | ᠨᠡᠷᠡᠳᠦ ᠲᠡᠮᠳᠡᠭ᠂ ᠨᠢᠭᠡᠳᠦᠯᠲᠡᠢ ᠪᠣᠭᠤᠳᠠᠯ ᠪᠠᠭᠯᠠᠭ᠎ᠠ᠂ ᠨᠢᠭᠡᠳᠦᠯᠲᠡᠢ ᠰᠤᠷᠲᠠᠯ ᠤᠬᠠᠭᠤᠯᠭ᠎ᠠ᠂ ᠨᠢᠭᠡᠳᠦᠯᠲᠡᠢ | ᠡᠵᠡᠩᠨᠡᠯᠲᠡ ᠪᠣᠷᠤᠯᠠᠭᠤᠯᠭ᠎ᠠ ᠪᠠᠷ ᠥᠪᠥᠷ ᠮᠣᠩᠭᠤᠯ ᠤᠨ ᠲᠥᠮᠥᠰᠥᠨ ᠤ ᠣᠷᠣᠨ ᠪᠦᠰᠡ ᠶᠢᠨ ᠨᠡᠷᠡᠲᠦ ᠲᠡᠮᠳᠡᠭ ᠢ | ᠴᠣᠭᠴᠠᠯᠠᠨ᠎ᠠ᠃ ︽ᠥᠪᠥᠷ ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠭᠡ ᠶᠢ ᠠᠬᠢᠭᠤᠯᠵᠤ᠂ ︽ᠥᠪᠥᠷ | ᠮᠣᠩᠭᠤᠯ︾ ᠨᠡᠷᠡᠮᠵᠢᠳᠦ ᠲᠡᠮᠳᠡᠭ ᠤᠨ ᠭᠡᠷᠡᠴᠢᠯᠡᠯ ᠢ ᠣᠯᠣᠭᠰᠠᠨ ᠠᠵᠤ ᠠᠬᠤᠶᠢᠯᠠᠯ ᠳᠤ ᠰᠢᠯᠭᠠᠨ ᠪᠠᠶᠢᠴᠠᠭᠠᠵᠤ | ᠬᠡᠮᠵᠢᠨ ᠪᠠᠶᠢᠴᠠᠭᠠᠬᠤ᠂ ᠭᠡᠷᠡᠴᠢᠯᠡᠭᠡ ᠬᠢᠬᠦ ᠵᠡᠷᠭᠡ ᠵᠠᠷᠤᠳᠠᠯ ᠤᠨ ᠲᠠᠯ᠎ᠠ ᠳᠤ 5 ᠲᠦᠮᠡᠨ ᠲᠥᠭᠦᠷᠢᠭ ᠤᠨ ᠨᠡᠮᠡᠭᠦᠷᠢ | ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠲᠤᠰᠬᠤᠨ ᠮᠠᠯᠵᠢᠬᠤ ᠣᠷᠣᠨ ᠤ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠨᠠᠶᠢᠳᠠᠪᠤᠷᠢᠵᠢᠭᠤᠯᠤᠨ᠎ᠠ︶ | ᠲᠠᠪᠤ᠂ ᠲᠥᠮᠥᠰᠥᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠳᠬᠠᠨ᠎ᠠ | ᠲᠥᠮᠥᠰᠥᠨ ᠤ ᠲᠠᠯ᠎ᠠ ᠪᠠᠷ ᠬᠢ ᠡᠳ᠋ᠰᠢᠭᠦᠯᠦᠨ ᠪᠤᠯᠪᠠᠰᠤᠷᠠᠭᠤᠯᠬᠤ ᠪᠦᠲᠦᠭᠡᠭᠳᠡᠬᠦᠨ ᠰᠤᠳᠤᠯᠤᠨ ᠨᠡᠭᠡᠭᠡᠬᠦ ᠶᠢ | ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ | ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠭᠤᠷᠢ ᠮᠥᠩᠭᠦ ᠵᠡᠷᠭᠡ ᠳᠤ ᠲᠦᠰᠢᠭᠯᠡᠨ᠂ ᠠᠵᠤ ᠠᠬᠤᠶᠢᠯᠠᠯ ᠤᠨ | ᠬᠢᠨ ᠤ ᠴᠠᠷᠳᠠᠭᠤᠯ ᠤᠨ ᠰᠤᠩᠭᠠᠯ ᠬᠦᠷᠢᠶ᠎ᠡ ᠴᠠᠷᠠᠭ᠎ᠠ ᠵᠡᠷᠭᠡ ᠳᠠᠬᠢ ᠨᠠᠷᠢᠯᠢᠭ ᠭᠦᠨ ᠡᠳ᠋ᠰᠢᠭᠦᠯᠦᠭᠰᠡᠨ ᠪᠦᠲᠦᠭᠡᠭᠳᠡᠬᠦᠨ᠂ | ᠲᠥᠮᠥᠰᠥ ᠶᠢ ᠦᠬᠡᠷ ᠬᠤᠨᠢᠨ ᠮᠢᠬ᠎ᠠ ᠪᠠ ᠨᠣᠬᠠᠢ ᠶᠢᠨ ᠬᠤᠰᠢᠭᠤ ᠵᠡᠷᠭᠡ ᠢᠳᠡᠭᠡᠨ ᠲᠠᠢ ᠲᠣᠬᠢᠷᠠᠭᠤᠯᠤᠨ | ᠲᠡᠩᠨᠡᠭᠦᠯᠵᠦ ᠤᠷᠢᠳᠴᠢᠯᠠᠨ ᠬᠢᠭᠰᠡᠨ ᠵᠠᠭᠤᠰᠢ᠂ ᠰᠤᠯᠠ ᠢᠳᠡᠭᠡᠨ ᠵᠡᠷᠭᠡ ᠶᠢ ᠰᠤᠳᠤᠯᠤᠨ ᠨᠡᠭᠡᠭᠡᠬᠦ ᠡᠷᠴᠢᠮ ᠢᠶᠠᠨ | ᠴᠢᠩᠭᠠᠷᠠᠭᠤᠯᠬᠤ ᠶᠢ ᠭᠤᠣᠯᠳᠠᠯᠭ᠎ᠠ ᠲᠠᠢ ᠳᠡᠮᠵᠢᠨ᠎ᠠ᠃ ᠬᠤᠷᠢᠶᠠᠬᠤ ᠮᠠᠰᠢᠨ ᠮᠧᠬᠠᠨᠢᠭ ᠪᠠ ᠡᠳ᠋ᠰᠢᠭᠦᠯᠦᠨ | ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠶᠢ ᠰᠤᠳᠤᠯᠤᠨ ᠨᠡᠭᠡᠭᠡᠵᠦ ᠬᠡᠷᠡᠭᠯᠡᠬᠦ ᠶᠢ ᠲᠡᠮᠵᠢᠵᠦ᠂ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠰᠬᠠᠢ ᠪᠡᠯᠡ ᠮᠥᠩᠭᠦ ᠪᠠ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠠᠭᠤᠷᠢ ᠮᠥᠩᠭᠦᠨ ᠤ ᠦᠢᠯᠡᠳᠦᠯ ᠢ ᠭᠦᠢᠴᠡᠳ ᠪᠠᠳᠠᠷᠠᠭᠤᠯᠤᠨ᠂ ᠲᠥᠮᠥᠰᠥ ᠬᠤᠷᠢᠶᠠᠬᠤ | ᠮᠠᠰᠢᠨ ᠮᠧᠬᠠᠨᠢᠭ ᠪᠠ ᠡᠳ᠋ᠰᠢᠭᠦᠯᠦᠨ ᠪᠤᠯᠪᠠᠰᠤᠷᠠᠭᠤᠯᠬᠤ ᠲᠤᠨᠤᠭ ᠲᠥᠬᠦᠭᠡᠷᠦᠮᠵᠢ ᠰᠤᠳᠤᠯᠤᠨ ᠨᠡᠭᠡᠭᠡᠬᠦ ᠶᠢ | ᠤᠷᠢᠳ ᠢᠶᠠᠷ ᠲᠡᠮᠵᠢᠵᠦ᠂ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠤᠨ | ᠬᠠᠮᠲᠤᠷᠠᠨ ᠲᠥᠮᠥᠰᠥ ᠬᠤᠷᠢᠶᠠᠬᠤ ᠪᠠ ᠲᠡᠭᠦᠵᠦ ᠣᠭᠤᠳᠠᠯᠯᠠᠬᠤ᠂ ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ | ᠲᠤᠨᠤᠭ ᠲᠥᠬᠦᠭᠡᠷᠦᠮᠵᠢ ᠵᠡᠷᠭᠡ ᠶᠢ ᠰᠤᠳᠤᠯᠤᠨ ᠨᠡᠭᠡᠭᠡᠬᠦ ᠪᠠ ᠬᠡᠷᠡᠭᠯᠡᠬᠦ ᠶᠢ ᠨᠢ ᠲᠡᠮᠵᠢᠨ᠎ᠠ᠃ ᠳᠡᠭᠡᠳᠦ ᠲᠠᠰ | ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠰᠢᠨᠵᠢᠯᠡᠬᠦ ᠤᠬᠠᠭᠠᠨ ᠤ | ᠰᠤᠳᠤᠯᠤᠯ ᠤᠨ ᠬᠦᠷᠢᠶᠡᠯᠡᠩ ᠭᠠᠵᠠᠷ᠂ ᠲᠠᠷᠢᠶᠠᠯᠠᠩ ᠳᠤ ᠬᠤᠯᠪᠣᠭᠳᠠᠬᠤ ᠶᠡᠭᠡ ᠳᠡᠭᠡᠳᠦ ᠰᠤᠷᠭᠠᠭᠤᠯᠢ᠂ ᠠᠵᠤ | ᠠᠬᠤᠶᠢᠯᠠᠯ ᠵᠡᠷᠭᠡ ᠶᠢᠨ ᠲᠥᠮᠥᠰᠥᠨ ᠤ ᠪᠥᠬᠦ ᠬᠡᠯᠬᠢᠶ᠎ᠡ ᠶᠢᠨ ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ | ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠳᠡᠮᠵᠢᠨ᠂ ᠴᠢᠳᠠᠪᠤᠷᠢᠲᠠᠨ ᠢ ᠣᠷᠣᠭᠤᠯᠤᠨ | ᠠᠪᠴᠢᠷᠠᠬᠤ ᠳᠤ ᠲᠥᠷᠥ ᠶᠢᠨ ᠪᠣᠳᠣᠯᠭ᠎ᠠ ᠪᠠᠷ ᠲᠡᠳᠬᠦᠬᠦ᠂ ᠰᠤᠳᠤᠯᠤᠨ ᠨᠡᠭᠡᠭᠡᠬᠦ ᠨᠥᠬᠦᠴᠡᠯ ᠢ ᠳᠡᠭᠡᠭᠰᠢᠯᠡᠭᠦᠯᠬᠦ ᠵᠡᠷᠭᠡ | ᠲᠠᠯ᠎ᠠ ᠳᠤ ᠬᠡᠯᠪᠠᠶᠢᠯᠳᠡ ᠲᠠᠢ ᠪᠠᠶᠢᠯᠭᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ | ᠵᠢᠷᠭᠤᠭ᠎ᠠ᠂ ᠪᠦᠭᠦ ᠠᠵᠤ ᠦᠢᠯᠡᠰ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠷᠠᠭᠤᠯᠤᠨ᠎ᠠ | ᠲᠤᠰᠬᠠᠢ ᠵᠦᠢᠯ ᠤᠨ ᠮᠥᠩᠭᠦᠨ ᠭᠦᠢᠯᠭᠡᠭᠡᠨ ᠤ ᠨᠡᠷᠡᠳᠬᠦᠨ ᠭᠠᠷᠭᠠᠬᠤ ᠶᠢ ᠲᠡᠮᠵᠢᠵᠦ᠂ ᠪᠠᠩᠬᠢ ᠶᠢᠨ | ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠲᠥᠮᠥᠰᠥ ᠵᠢᠴᠢ ᠦᠷ᠎ᠡ ᠶᠢᠨ ᠲᠥᠮᠥᠰᠥ ᠶᠢ | ᠦᠢᠯᠡᠳᠪᠦᠷᠢᠯᠡᠨ ᠪᠣᠷᠣᠯᠠᠭᠤᠯᠬᠤ ᠦᠶᠡᠯᠡᠯ ᠤᠨ ᠣᠨᠴᠠᠯᠢᠭ ᠢ ᠦᠨᠳᠦᠰᠦᠯᠡᠨ᠂ ᠨᠢᠭᠡ ᠤᠳᠠᠭ᠎ᠠ ᠳᠤ ᠢᠲᠡᠭᠡᠮᠵᠢ | ᠣᠯᠭᠤᠬᠤ᠂ ᠠᠪᠤᠨ ᠵᠢᠭᠡᠯᠡᠵᠦ ᠪᠤᠴᠠᠭᠠᠬᠤ᠂ ᠡᠷᠭᠢᠯᠳᠦᠭᠦᠯᠦᠨ ᠬᠡᠷᠡᠭᠯᠡᠵᠦ ᠪᠣᠯᠬᠤ ᠢᠲᠡᠭᠡᠮᠵᠢᠲᠦ ᠵᠢᠭᠡᠯᠡᠯᠭᠡ ᠶᠢᠨ | ᠨᠡᠷᠡᠳᠬᠦᠨ ᠢ ᠳᠡᠯᠭᠡᠷᠡᠭᠦᠯᠵᠦ᠂ ᠦᠷ᠎ᠡ ᠶᠢᠨ ᠲᠥᠮᠥᠰᠥᠨ ᠤ ᠠᠵᠤ ᠠᠬᠤᠶᠢᠯᠠᠯ᠂ ᠲᠠᠷᠢᠮᠠᠯ ᠤᠨ ᠲᠣᠮᠣ ᠡᠷᠦᠬᠡ᠂ | ᠨᠠᠷᠢᠯᠢᠭ ᠭᠦᠨ ᠡᠳ᠋ᠰᠢᠭᠦᠯᠦᠨ ᠪᠤᠯᠪᠠᠰᠤᠷᠠᠭᠤᠯᠬᠤ ᠠᠵᠤ ᠠᠬᠤᠶᠢᠯᠠᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠤ ᠬᠢᠨ ᠲᠤᠰᠬᠠᠢ ᠵᠦᠢᠯ ᠤᠨ | ᠵᠢᠭᠡᠯᠡᠯᠭᠡ ᠶᠢᠨ ᠲᠡᠮᠳᠡᠭᠲᠦ ᠶᠢ ᠭᠤᠶᠤᠴᠢᠯᠠᠨ ᠬᠡᠷᠡᠭᠯᠡᠵᠦ ᠪᠠᠶᠢᠭᠠᠳ ᠠᠵᠤ ᠦᠢᠯᠡᠰ ᠤᠨ ᠬᠡᠯᠬᠢᠶᠡᠨ ᠤ | ᠬᠥᠭᠵᠢᠯᠲᠡ ᠪᠠᠨ ᠠᠬᠢᠭᠤᠯᠬᠤ ᠶᠢ ᠳᠡᠮᠵᠢᠨ᠎ᠡ᠃ ᠪᠡᠯᠡ ᠲᠣᠬᠢᠷᠠᠭᠤᠯᠬᠤ ᠳᠠᠭᠠᠭᠠᠯᠲᠠ ᠶᠢᠨ ᠪᠠᠶᠢᠭᠤᠯᠤᠮᠵᠢ ᠶᠢᠨ | ᠢᠲᠡᠭᠡᠮᠵᠢ ᠶᠢ ᠨᠡᠮᠡᠭᠳᠡᠭᠦᠯᠬᠦ ᠶᠢᠨ ᠳᠡᠮᠵᠢᠬᠦ ᠡᠷᠴᠢᠮ ᠢ ᠴᠢᠩᠭᠠᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠪᠡᠯᠡ | ᠲᠣᠬᠢᠷᠠᠭᠤᠯᠬᠤ ᠳᠠᠭᠠᠭᠠᠯᠲᠠ ᠶᠢᠨ ᠺᠣᠮᠫᠠᠨᠢ ᠵᠡᠷᠭᠡ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠂ ᠪᠡᠯᠡ ᠲᠣᠬᠢᠷᠠᠭᠤᠯᠬᠤ | ᠳᠠᠭᠠᠭᠠᠯᠲᠠ ᠶᠢᠨ ᠪᠠᠶᠢᠭᠤᠯᠤᠮᠵᠢ ᠠᠴᠠ ᠨᠥᠬᠦᠴᠡᠯ ᠳᠤ ᠨᠡᠶᠢᠴᠡᠭᠰᠡᠨ ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ | ᠠᠵᠤ ᠠᠬᠤᠶᠢᠯᠠᠯ ᠤᠨ ᠰᠢᠨ᠎ᠡ ᠪᠠᠷ ᠪᠠᠶᠢᠭᠤᠯᠬᠤ ᠪᠠ ᠦᠢᠯᠡᠳᠪᠦᠷᠢᠯᠡᠯ ᠢᠶᠠᠨ ᠥᠷᠭᠡᠳᠬᠡᠬᠦ᠂ ᠣᠷᠣᠭᠤᠯᠤᠨ | ᠠᠪᠴᠢᠷᠠᠭᠰᠠᠨ ᠲᠥᠮᠥᠰᠥᠨ ᠤ ᠲᠡᠷᠢᠭᠦᠨ ᠤ ᠮᠠᠰᠢᠨ ᠮᠧᠬᠠᠨᠢᠭ ᠢ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠠᠵᠤ | ᠠᠬᠤᠶᠢᠯᠠᠯ ᠵᠢᠴᠢ ᠲᠠᠷᠢᠮᠠᠯ ᠤᠨ ᠲᠣᠮᠣ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠬᠤᠷᠰᠢᠶ᠎ᠡ ᠵᠡᠷᠭᠡ | ᠲᠠᠷᠢᠶᠠᠯᠠᠩ ᠮᠠᠯ ᠠᠵᠤ ᠠᠬᠤᠢ ᠶᠢᠨ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠳᠤ ᠵᠢᠭᠡᠯᠡᠯᠭᠡ ᠶᠢᠨ | ᠳᠠᠭᠠᠭᠠᠯᠲᠠ ᠬᠠᠩᠭᠠᠬᠤ ᠶᠢ ᠲᠡᠮᠵᠢᠵᠦ᠂ ᠳᠠᠭᠠᠭᠠᠯᠲᠠ ᠬᠢᠬᠦ ᠵᠠᠷᠤᠳᠠᠯ ᠤᠨ ᠨᠣᠷᠮ᠎ᠠ ᠶᠢ ᠪᠠᠭᠤᠷᠠᠭᠤᠯᠤᠨ᠎ᠠ᠃ ᠡᠭᠦᠨ ᠤ | ᠬᠠᠮᠲᠤ᠂ ᠡᠯ᠎ᠡ ᠭᠠᠵᠠᠷ ᠣᠷᠣᠨ ᠤ ᠬᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ ᠳᠠᠮᠵᠢᠭᠤᠯᠤᠨ᠂ | ᠲᠥᠮᠥᠰᠥ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢᠨ ᠬᠠᠮᠲᠤ | ᠲᠡᠭᠦᠨ ᠳᠤ ᠵᠢᠭᠡᠯᠡᠯᠭᠡ ᠶᠢᠨ ᠳᠠᠭᠠᠭᠠᠯᠲᠠ ᠬᠠᠩᠭᠠᠬᠤ ᠶᠢ ᠵᠣᠷᠢᠭᠵᠢᠭᠤᠯᠤᠨ᠎ᠠ᠃ ᠬᠤᠭᠤᠴᠠᠭᠠᠲᠤ ᠪᠠᠷᠠᠭ᠎ᠠ ᠶᠢ | ᠵᠠᠬ᠎ᠠ ᠳᠤ ᠭᠠᠷᠭᠠᠨ ᠠᠷᠠᠯᠵᠢᠶᠠᠯᠠᠬᠤ ᠶᠢ ᠠᠬᠢᠭᠤᠯᠵᠤ᠂ ᠲᠥᠮᠥᠰᠥᠨ ᠤ ᠪᠡᠯᠡᠨ ᠪᠠᠷᠠᠭᠠᠨ ᠤ ᠰᠠᠭᠤᠷᠢ ᠨᠥᠬᠦᠴᠡᠯ ᠢ | ᠰᠠᠶᠢᠵᠢᠷᠠᠭᠤᠯᠤᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ ᠪᠠᠶᠢᠭᠤᠯᠤᠮᠵᠢ ᠶᠢ ᠪᠣᠶᠢᠵᠢᠭᠤᠯᠵᠤ᠂ ᠪᠡᠯᠡᠨ ᠪᠠᠷᠠᠭᠠᠨ ᠤ | ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ ᠲᠥᠮᠥᠰᠥᠨ ᠤ ᠬᠤᠭᠤᠴᠠᠭᠠᠲᠤ ᠪᠠᠷᠠᠭ᠎ᠠ ᠶᠢ ᠵᠠᠬ᠎ᠠ ᠳᠤ | ᠭᠠᠷᠭᠠᠨ ᠠᠷᠠᠯᠵᠢᠶᠠᠯᠠᠬᠤ ᠶᠢ ᠢᠳᠡᠪᠬᠢᠲᠡᠢ ᠠᠬᠢᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠢᠩᠬᠢᠮ᠂ ᠬᠤᠳᠠᠯᠳᠤᠭᠠᠨ ᠤ ᠶᠠᠪᠤᠳᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠤᠰᠬᠤᠨ ᠮᠠᠯᠵᠢᠬᠤ ᠣᠷᠣᠨ ᠤ ᠲᠢᠩᠬᠢᠮ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ | ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ | ᠠᠬᠤᠢ ᠶᠢᠨ ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠶᠢᠨ ᠬᠢᠵᠠᠭᠠᠷᠲᠤ ᠺᠣᠮᠫᠠᠨᠢ ᠡᠭᠦᠷᠭᠡ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠶᠣᠰᠣᠭᠠᠷ ᠨᠠᠶᠢᠳᠠᠪᠤᠷᠢᠵᠢᠭᠤᠯᠤᠨ᠎ᠠ︶ | ᠳᠡᠭᠡᠷ᠎ᠡ ᠳᠤᠷᠠᠳᠤᠭᠰᠠᠨ ᠲᠦᠷᠦ ᠶᠢᠨ ᠪᠣᠳᠣᠯᠭ᠎ᠠ ᠶᠢᠨ ᠬᠡᠷᠡᠭᠵᠢᠭᠦᠯᠬᠦ ᠴᠠᠭ ᠬᠤᠭᠤᠴᠠᠭ᠎ᠠ ᠶᠢ 2023 | ᠣᠨ ᠠᠴᠠ 2025 ᠣᠨ ᠬᠡᠮᠡᠨ ᠲᠦᠷ ᠲᠣᠭᠲᠠᠭᠠᠵᠤ᠂ ᠬᠡᠷᠡᠭᠵᠢᠭᠦᠯᠦᠯᠲᠡ ᠶᠢᠨ ᠪᠠᠶᠢᠳᠠᠯ ᠢ ᠦᠨᠳᠦᠰᠦᠯᠡᠵᠦ | ᠲᠣᠬᠢᠷᠠᠭᠤᠯᠤᠯᠲᠠ ᠬᠢᠨ᠎ᠡ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠳᠡᠮᠵᠢᠯᠭᠡ ᠶᠢ ᠰᠢᠨ᠎ᠡ ᠪᠠᠷ | ᠨᠡᠮᠡᠭᠳᠡᠭᠦᠯᠬᠦ ᠪᠤᠶᠤ ᠲᠡᠭᠦᠨ ᠳᠤ ᠲᠣᠬᠢᠷᠠᠭᠤᠯᠤᠯᠲᠠ ᠬᠢᠬᠦ ᠲᠠᠢ ᠬᠤᠯᠪᠣᠭᠳᠠᠪᠠᠯ᠂ ᠡᠯ᠎ᠡ ᠬᠠᠷᠢᠭᠤᠴᠠᠯᠭᠠᠲᠤ ᠰᠠᠯᠠᠭ᠎ᠠ | ᠮᠥᠴᠢᠷ ᠨᠢᠭᠡᠴᠢ ᠨᠢ ᠪᠡᠯᠡ ᠮᠥᠩᠭᠦᠨ ᠤ ᠬᠠᠮᠢᠶᠠᠷᠤᠯᠲᠠ ᠪᠠ ᠠᠵᠢᠯ ᠤᠨ ᠦᠷ᠎ᠡ ᠪᠦᠳᠦᠮᠵᠢ ᠶᠢ ᠰᠢᠯᠭᠠᠨ ᠬᠢᠨᠠᠬᠤ | ᠠᠷᠭ᠎ᠠ ᠳᠤ ᠪᠠᠨ ᠵᠣᠬᠢᠬᠤ ᠲᠣᠬᠢᠷᠠᠭᠤᠯᠤᠯᠲᠠ ᠬᠢᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠶᠢᠵᠢᠨ | ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠡᠯ᠎ᠡ ᠲᠦᠷᠦᠭᠦᠯᠡᠨ ᠬᠢᠬᠦ ᠰᠠᠯᠠᠭ᠎ᠠ ᠮᠥᠴᠢᠷ ᠨᠢ | ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠪᠠ ᠦᠷ᠎ᠡ ᠪᠦᠳᠦᠮᠵᠢ ᠶᠢ ᠴᠠᠭ ᠲᠤᠬᠠᠢ ᠳᠤ | ᠨᠢ ᠳ᠋ᠦᠩᠨᠡᠵᠦ᠂ ᠪᠠᠶᠢᠳᠠᠯ ᠢᠶᠠᠨ ᠦᠨᠳᠦᠰᠦᠯᠡᠨ ᠲᠦᠷᠦ ᠶᠢᠨ ᠪᠣᠳᠣᠯᠭ᠎ᠠ ᠳᠤ ᠬᠥᠳᠡᠯᠦᠩᠭᠦᠢ ᠲᠣᠬᠢᠷᠠᠭᠤᠯᠤᠯᠲᠠ ᠬᠢᠵᠦ | ᠰᠢᠯᠢᠳᠡᠭᠵᠢᠭᠦᠯᠬᠦ ᠲᠣᠭᠲᠠᠴᠠ ᠶᠢ ᠪᠠᠶᠢᠭᠤᠯᠤᠨ᠂ ᠳᠡᠮᠵᠢᠯᠭᠡ ᠶᠢᠨ ᠠᠷᠭ᠎ᠠ ᠬᠡᠮᠵᠢᠶ᠎ᠡ ᠶᠢᠨ ᠴᠠᠭ ᠲᠤ ᠨᠢ ᠲᠣᠬᠢᠷᠠᠭᠤᠯᠵᠤ | ᠲᠣᠬᠢᠷᠠᠭᠤᠯᠤᠯᠲᠠ ᠬᠢᠬᠦ ᠬᠡᠷᠡᠭᠲᠡᠢ᠃ | | | 2023 ᠣᠨ ᠤ 9 ᠳ᠋ᠦ᠋ᠭᠡᠷ ᠰᠠᠷ᠎ᠠ ᠶᠢᠨ 6 ᠤ ᠡᠳᠦᠷ | ︵ᠲᠤᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | |