︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠤᠬᠠᠢ ᠵᠠᠷᠯᠢᠭ
ᠨᠡᠶᠢᠲᠡᠯᠡᠭᠰᠡᠨ ᠴᠠᠭ᠄
2024/3/20
     2024 ᠣᠨ ᠳᠤ ᠪᠦᠭᠦ ᠣᠷᠣᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠴᠦᠯᠯᠡᠷᠭᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠤᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠠ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠰᠠᠶᠢᠲᠤᠷ ᠬᠢᠵᠦ᠂ 1500 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠶᠢ ᠴᠢᠨᠠᠷ ᠰᠠᠶᠢᠲᠠᠢ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 1320 ᠲᠦᠮᠡᠨ ᠺᠢᠯᠣᠸᠠᠲ ᠰᠢᠨ᠎ᠡ ᠪᠠᠷ ᠨᠡᠮᠡᠭᠳᠡᠭᠦᠯᠵᠦ᠂ 230 ᠲᠦᠮᠡᠨ ᠮᠦ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠠᠵᠢᠯ ᠢ ᠢᠵᠢ ᠪᠦᠷᠢᠳᠦᠭᠦᠯᠦᠨ ᠪᠡᠶᠡᠯᠡᠭᠦᠯᠵᠦ᠂ ᠪᠠᠲᠤ ᠪᠠᠬᠢ ᠡᠪᠳᠡᠷᠡᠰᠢ ᠦᠭᠡᠢ ᠤᠮᠠᠷᠠᠲᠤ ᠬᠢᠯᠢ ᠶᠢᠨ ᠪᠣᠬᠢᠷᠳᠤᠯ ᠦᠭᠡᠢ ᠤᠷᠲᠤ ᠴᠠᠭᠠᠨ ᠬᠡᠷᠡᠮ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠴᠣᠭᠴᠠᠯᠠᠵᠤ᠂ ᠦᠨᠡᠨ ᠪᠣᠳᠠᠲᠠᠢ ᠵᠠᠰᠠᠯᠲᠠ ᠶᠢᠨ ᠦᠷ᠎ᠡ ᠪᠦᠲᠦᠮᠵᠢ ᠪᠠᠷ ᠶᠡᠷᠦᠩᠬᠡᠢ ᠱᠦᠵᠢ ᠰᠢ ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠳᠠᠬᠢ ᠬᠠᠶᠢᠷ᠎ᠠ ᠬᠠᠯᠠᠮᠵᠢ ᠶᠢ ᠬᠠᠷᠢᠭᠤᠯᠬᠤ ᠬᠡᠷᠡᠭᠲᠡᠢ᠃      ᠨᠢᠭᠡ᠂ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯᠣᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠢᠯᠠᠯᠲᠠ ᠶᠢ ᠣᠯᠬᠤ ᠠᠵᠢᠯ ᠢ ᠰᠠᠶᠢᠲᠤᠷ ᠬᠢᠬᠦ ᠡᠭᠦᠷᠭᠡ ᠬᠠᠷᠢᠭᠤᠴᠠᠯᠭ᠎ᠠ ᠪᠠᠨ ᠡᠷᠡᠰ ᠪᠠᠲᠤ ᠡᠭᠦᠷᠭᠡᠯᠡᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠭᠤᠣᠯᠳᠠᠯᠭ᠎ᠠ ᠲᠠᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠬᠤ ᠬᠡᠷᠡᠭᠲᠡᠢ᠃ ᠡᠯ᠎ᠡ ᠱᠠᠲᠤᠨ ᠤ ᠤᠢ ᠰᠢᠭᠤᠢ ᠶᠢᠨ ᠳᠠᠷᠤᠭ᠎ᠠ ᠶᠢᠨ ᠠᠯᠪᠠᠨ ᠭᠡᠷ ᠤᠨ ᠬᠢᠨ ᠶᠡᠷᠦᠩᠬᠡᠶᠢᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠪᠦᠷᠢᠯᠳᠦᠭᠦᠨ ᠨᠢᠭᠡᠴᠢ ᠲᠠᠢ ᠢᠵᠢᠯᠢ ᠰᠡᠳᠦᠪ ᠢ ᠬᠠᠮᠲᠤ ᠪᠠᠷ ᠬᠠᠷᠢᠭᠤᠯᠵᠤ᠂ ᠢᠵᠢᠯᠢ ᠳᠠᠪᠲᠠᠮᠵᠢ  ᠪᠠᠷ ᠤᠷᠤᠭᠰᠢᠯᠠᠵᠤ᠂ ᠢᠵᠢᠯᠢ ᠴᠢᠭᠯᠡᠯ ᠢᠶᠠᠷ ᠬᠦᠴᠦᠯᠡᠵᠦ᠂ ᠣᠨ ᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃      ᠬᠤᠶᠠᠷ᠂ ᠠᠵᠢᠯ ᠢᠶᠠᠨ ᠪᠦᠭᠦ ᠲᠠᠯ᠎ᠠ ᠪᠠᠷ ᠡᠬᠢᠯᠡᠭᠦᠯᠵᠦ᠂ ᠪᠦᠲᠦᠭᠡᠨ ᠪᠠᠶᠢᠭᠤᠯᠤᠯᠲᠠ ᠪᠠᠨ ᠲᠦᠷᠭᠡᠳᠬᠡᠬᠦ ᠬᠡᠷᠡᠭᠲᠡᠢ᠃ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 3 ᠰᠠᠷ᠎ᠠ ᠶᠢᠨ 20 ᠠᠴᠠ ᠡᠮᠦᠨ᠎ᠡ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠲᠤᠬᠠᠢ ᠶᠢᠨ ᠲᠠᠯᠠᠪᠠᠶ ᠳᠤ ᠠᠵᠢᠯ ᠡᠬᠢᠯᠡᠭᠦᠯᠬᠦ ᠶᠢ ᠠᠬᠢᠭᠤᠯᠵᠤ᠂ ᠪᠦᠭᠦ ᠲᠠᠯ᠎ᠠ ᠪᠠᠷ ᠬᠥᠳᠡᠯᠦᠯᠴᠡᠨ᠂ ᠠᠵᠢᠯ ᠢᠶᠠᠨ ᠥᠷᠨᠢᠭᠦᠯᠬᠦ ᠬᠡᠷᠡᠭᠲᠡᠢ᠃ ᠳᠠᠷᠤᠢ ᠲᠦᠷᠭᠡᠨ ᠬᠥᠳᠡᠯᠦᠯᠴᠡᠵᠦ᠂ ᠱᠠᠯᠠᠪᠳᠠᠨ ᠠᠳᠬᠤᠵᠤ ᠲᠦᠷᠭᠡᠨ ᠬᠢᠵᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠢᠯᠡᠭᠦᠦ ᠬᠢᠵᠦ ᠲᠡᠶᠢᠯᠪᠡᠯ ᠢᠯᠡᠭᠦᠦ ᠬᠢᠵᠦ᠂ ᠡᠳᠦᠷ ᠪᠦᠷᠢ ᠠᠬᠢᠴᠠ ᠲᠠᠢ᠂ ᠭᠠᠷᠠᠭ ᠪᠦᠷᠢ ᠬᠤᠪᠢᠷᠠᠯᠲᠠ ᠲᠠᠢ ᠪᠠᠶᠢᠬᠤ ᠶᠢ ᠦᠨᠡᠨ ᠬᠦ ᠪᠠᠲᠤᠯᠠᠵᠤ᠂ ᠪᠦᠭᠦ ᠣᠷᠣᠨ ᠤ ᠬᠠᠷᠠᠯᠲᠠ ᠡᠭᠦᠷᠭᠡ ᠪᠠᠨ ᠪᠡᠶᠡᠯᠡᠭᠦᠯᠬᠦ ᠳᠤ ᠨᠡᠩ ᠤᠯᠠᠨ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠬᠤ ᠬᠡᠷᠡᠭᠲᠡᠢ᠃      ᠭᠤᠷᠪᠠ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ ᠬᠡᠷᠡᠭᠲᠡᠢ᠃ ᠡᠯ᠎ᠡ ᠭᠠᠵᠠᠷ ᠤᠨ ᠬᠢᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠨ ᠰᠡᠷᠭᠦᠭᠡᠬᠦ ᠱᠠᠭᠠᠷᠳᠠᠯᠭ᠎ᠠ ᠶᠣᠰᠣᠭᠠᠷ᠂ ᠬᠥᠮᠥᠨ ᠤ ᠬᠦᠴᠦ ᠪᠠᠷ ᠰᠡᠷᠭᠦᠭᠡᠬᠦ ᠪᠠ ᠠᠶᠠᠨᠳᠠᠭᠠᠨ ᠰᠡᠷᠭᠦᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠵᠦᠷᠢᠶᠡᠴᠢᠯᠡᠭᠰᠡᠨ ᠵᠠᠭᠪᠤᠷ ᠢ ᠬᠡᠷᠡᠭᠯᠡᠨ᠂ ᠲᠤᠷᠤᠭ ᠮᠣᠳᠣ ᠳᠠᠷᠢᠬᠤ ᠳᠤ ᠲᠣᠬᠢᠷᠠᠮᠵᠢᠲᠠᠢ ᠪᠣᠯ ᠲᠤᠷᠤᠭ ᠮᠣᠳᠣ ᠳᠠᠷᠢᠵᠤ᠂ ᠪᠤᠲᠠ ᠮᠣᠳᠣ ᠳᠠᠷᠢᠬᠤ ᠳᠤ ᠲᠣᠬᠢᠷᠠᠮᠵᠢᠲᠠᠢ ᠪᠣᠯ ᠪᠤᠲᠠ ᠮᠣᠳᠣ ᠳᠠᠷᠢᠵᠤ᠂ ᠡᠪᠡᠰᠦ ᠳᠠᠷᠢᠬᠤ ᠳᠤ ᠲᠣᠬᠢᠷᠠᠮᠵᠢᠲᠠᠢ ᠪᠣᠯ ᠡᠪᠡᠰᠦ ᠳᠠᠷᠢᠵᠤ᠂ ᠣᠶ ᠮᠣᠳᠣ ᠡᠪᠡᠰᠦ ᠤᠷᠭᠤᠮᠠᠯ ᠤᠨ ᠬᠤᠴᠢᠯᠭ᠎ᠠ ᠶᠢᠨ ᠲᠥᠷᠥᠯ ᠭᠡᠯᠪᠡᠷᠢ ᠪᠠ ᠨᠢᠭᠲᠠᠴᠠ ᠶᠢ ᠵᠦᠢ ᠵᠣᠬᠢᠰᠲᠠᠢ ᠲᠣᠬᠢᠷᠠᠭᠤᠯᠵᠤ᠂ ᠭᠠᠩ ᠬᠠᠭᠰᠠᠷᠠᠭᠠᠨ ᠳᠤ ᠲᠡᠰᠪᠦᠷᠢᠲᠡᠢ᠂ ᠲᠠᠴᠢᠷ ᠭᠠᠵᠠᠷ ᠳᠠᠭᠠᠭᠠᠴᠠᠲᠠᠢ᠂ ᠡᠯᠡᠰᠦ ᠰᠢᠭᠤᠷᠭ᠎ᠠ ᠶᠢ ᠡᠰᠡᠷᠭᠦᠴᠡᠬᠦ ᠨᠤᠲᠤᠭ ᠤᠨ ᠮᠣᠳᠣᠨ ᠤ ᠲᠦᠷᠦᠯ ᠡᠪᠡᠰᠦᠨ ᠤ ᠲᠦᠷᠦᠯ ᠢ ᠢᠳᠡᠪᠬᠢᠲᠡᠢ ᠰᠣᠩᠭᠤᠨ ᠬᠡᠷᠡᠭᠯᠡᠵᠦ᠂ ᠭᠤᠣᠯ ᠪᠤᠯᠬᠤ ᠰᠠᠯᠬᠢ ᠡᠯᠡᠰᠦᠨ ᠤ ᠠᠮᠠ᠂ ᠡᠯᠡᠰᠦᠨ ᠤ ᠡᠬᠢ ᠶᠢᠨ ᠣᠷᠣᠨ ᠪᠠ ᠥᠩᠭᠡᠷᠡᠬᠦ ᠵᠠᠮ ᠤᠨ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ ᠳᠠᠪᠬᠤᠷ ᠳᠠᠪᠬᠤᠷ ᠰᠡᠷᠭᠡᠶᠢᠯᠡᠯᠲᠡ ᠬᠢᠵᠦ᠂ ᠠᠯᠬᠤᠮ ᠠᠯᠬᠤᠮ ᠢᠶᠠᠷ ᠤᠷᠤᠭᠰᠢᠯᠠᠵᠤ᠂ ᠤᠯᠠᠨ ᠲᠡᠰ ᠳᠠᠪᠬᠤᠷᠭ᠎ᠠ ᠶᠢᠨ᠂ ᠪᠦᠭᠦ ᠲᠠᠯ᠎ᠠ ᠶᠢᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠴᠢᠷᠮᠠᠶᠢᠨ ᠪᠤᠢ ᠪᠤᠯᠭᠠᠵᠤ᠂ ᠡᠯᠡᠰᠦ ᠰᠢᠭᠤᠷᠭ᠎ᠠ ᠶᠢᠨ ᠬᠥᠨᠥᠭᠡᠯ ᠢ ᠦᠨᠡᠨ ᠬᠦ ᠪᠠᠭᠠᠰᠬᠠᠬᠤ ᠬᠡᠷᠡᠭᠲᠡᠢ᠃      ᠳᠥᠷᠪᠡ᠂ ᠶᠠᠰᠤ ᠴᠢᠨᠠᠷ ᠢ ᠪᠠᠲᠤᠯᠠᠵᠤ᠂ ᠭᠢᠯᠠᠰ ᠴᠡᠭ ᠢ ᠴᠣᠭᠴᠠᠯᠠᠬᠤ ᠬᠡᠷᠡᠭᠲᠡᠢ᠃ ᠡᠯ᠎ᠡ ᠭᠠᠵᠠᠷ ᠤᠨ ᠬᠢᠨ ᠶᠠᠰᠤ ᠴᠢᠨᠠᠷ ᠤᠨ ᠤᠬᠠᠮᠰᠠᠷ ᠢᠶᠠᠨ ᠴᠢᠩᠭᠠᠳᠬᠠᠵᠤ᠂ ᠵᠢᠷᠤᠵᠤ ᠲᠥᠯᠥᠪᠯᠡᠬᠦ ᠪᠣᠭᠤᠮᠲᠠ᠂ ᠪᠠᠷᠢᠯᠭ᠎ᠠ ᠪᠠᠷᠢᠬᠤ ᠪᠣᠭᠤᠮᠲᠠ᠂ ᠰᠢᠯᠭᠠᠨ ᠠᠪᠬᠤ ᠪᠣᠭᠤᠮᠲᠠ ᠶᠢ ᠴᠢᠩᠭ᠎ᠠ ᠰᠠᠬᠢᠵᠤ᠂ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠦᠭᠦ ᠶᠠᠪᠤᠴᠠ ᠳᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠨᠢᠭᠡ ᠬᠡᠰᠡᠭ ᠭᠠᠵᠠᠷ ᠢ ᠵᠠᠰᠠᠪᠠᠯ᠂ ᠨᠢᠭᠡ ᠬᠡᠰᠡᠭ ᠭᠠᠵᠠᠷ  ᠲᠤ ᠦᠷ᠎ᠡ ᠪᠦᠲᠦᠮᠵᠢ ᠭᠠᠷᠭᠠᠵᠤ᠂ ᠨᠢᠭᠡ ᠬᠡᠰᠡᠭ ᠭᠠᠵᠠᠷ ᠢ ᠨᠣᠭᠤᠭᠠᠷᠠᠭᠤᠯᠬᠤ ᠶᠢ ᠪᠠᠲᠤᠯᠠᠵᠤ᠂ ︽ᠬᠠᠭᠠᠰ ᠳᠤᠲᠠᠭᠤ ᠤᠷᠭᠢᠬᠰᠠᠨ︾ ᠪᠠᠷᠢᠯᠭ᠎ᠠ ᠶᠢ ᠡᠷᠡᠰ ᠬᠤᠷᠢᠭᠯᠠᠬᠤ ᠬᠡᠷᠡᠭᠲᠡᠢ᠃ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠡᠰᠡᠭ ᠣᠷᠣᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠪᠦᠰᠡ ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠵᠠᠰᠠᠬᠤ ᠶᠢ ᠴᠢᠩᠭᠠᠳᠬᠠᠵᠤ᠂ ᠨᠢᠭᠡ ᠪᠦᠯᠦᠭ ᠭᠢᠯᠠᠰ ᠴᠡᠭ ᠪᠣᠯᠬᠤᠶᠢᠴᠠ ᠢᠨᠵᠧᠨᠧᠷᠢᠩ ᠢ ᠬᠦᠴᠦᠯᠡᠨ ᠪᠠᠶᠢᠭᠤᠯᠬᠤ ᠬᠡᠷᠡᠭᠲᠡᠢ᠃      ᠲᠠᠪᠤ᠂ ᠤᠯᠠᠨ ᠲᠠᠯ᠎ᠠ ᠠᠴᠠ ᠪᠡᠯᠡ ᠣᠷᠣᠭᠤᠯᠵᠤ᠂ ᠪᠦᠭᠦ ᠬᠥᠮᠥᠰ ᠢ ᠣᠷᠣᠯᠴᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠥᠪ ᠤᠨ ᠪᠡᠯᠡ ᠣᠷᠣᠭᠤᠯᠤᠯᠲᠠ ᠶᠢ ᠢᠳᠡᠪᠬᠢᠲᠡᠢ ᠴᠢᠷᠮᠠᠶᠢᠨ ᠣᠯᠵᠤ᠂ ᠡᠯ᠎ᠡ ᠭᠠᠵᠠᠷ ᠤᠨ ᠬᠢᠨ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠭᠤᠯᠤᠯᠲᠠ ᠶᠢ ᠵᠦᠢ ᠵᠣᠬᠢᠰᠲᠠᠢ ᠲᠣᠬᠢᠷᠠᠭᠤᠯᠵᠤ᠂ ᠵᠠᠰᠠᠭ ᠤᠨ ᠣᠷᠳᠣᠨ ᠤ ᠪᠡᠯᠡ ᠮᠥᠩᠭᠦ ᠶᠢᠨ ᠬᠥᠰᠢᠵᠦ ᠬᠥᠳᠡᠯᠭᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠤᠨ ᠠᠵᠤ ᠠᠬᠤᠶᠢᠯᠠᠯ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠣᠨ ᠨᠡᠶᠢᠭᠡᠮ ᠤᠨ ᠬᠥᠷᠥᠩᠭᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠤᠯᠴᠠᠬᠤ ᠶᠢ ᠬᠥᠲᠥᠯᠥᠨ ᠵᠢᠯᠤᠭᠤᠳᠴᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠡᠯᠡᠰᠦᠷᠬᠡᠭᠵᠢᠯ ᠢ ᠵᠠᠰᠠᠬᠤ ᠪᠠ ᠨᠢᠭᠦᠯᠡᠰᠦᠩᠭᠦᠢ ᠶᠢᠨ ᠲᠤᠰᠠᠯᠠᠮᠵᠢ ᠦᠵᠡᠭᠦᠯᠭᠦ ᠶᠢ ᠵᠣᠷᠢᠭᠵᠢᠭᠤᠯᠵᠤ᠂ ᠲᠣᠭᠲᠠᠭᠤᠨ ᠪᠥᠭᠡᠳ ᠦᠷᠭᠦᠯᠵᠢᠯᠡᠬᠦ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠵᠠᠰᠠᠯᠲᠠ ᠶᠢᠨ ᠡᠭᠦᠷᠭᠡ ᠶᠢ ᠡᠭᠦᠷᠭᠡᠯᠡᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠢᠯᠠᠩᠭᠤᠶ᠎ᠠ ᠬᠤᠯᠪᠣᠭᠳᠠᠯ ᠪᠦᠬᠦᠢ ᠱᠠᠩᠨᠠᠯ ᠪᠠ ᠨᠥᠬᠦᠪᠦᠷᠢ ᠶᠢᠨ ᠪᠡᠯᠡ ᠮᠥᠩᠭᠦ ᠶᠢ ᠣᠯᠭᠤᠵᠤ ᠬᠡᠷᠡᠭᠯᠡᠭᠦᠯᠬᠦ ᠠᠷᠭ᠎ᠠ ᠮᠠᠶ᠋ᠢᠭ ᠢ ᠨᠢᠭᠡᠳᠦᠯᠲᠡᠢ ᠲᠥᠯᠥᠪᠯᠡᠨ ᠰᠠᠶᠢᠵᠢᠷᠠᠭᠤᠯᠵᠤ᠂ ︽ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ︾ ᠶᠢ ᠢᠳᠡᠪᠬᠢᠲᠡᠢ ᠠᠬᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠮᠠᠯᠴᠢᠨ ᠲᠠᠷᠢᠶᠠᠴᠢᠳ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃      ᠵᠢᠷᠭᠤᠭ᠎ᠠ᠂ ᠡᠯᠧᠮᠧᠨ᠋ᠲ ᠢ ᠨᠢᠭᠡᠳᠦᠯᠲᠡᠢ ᠲᠥᠯᠥᠪᠯᠡᠵᠦ᠂ ᠪᠠᠲᠤᠯᠠᠭ᠎ᠠ ᠶᠢ ᠴᠢᠩᠭᠠᠷᠠᠭᠤᠯᠬᠤ ᠬᠡᠷᠡᠭᠲᠡᠢ᠃ ᠡᠯ᠎ᠡ ᠭᠠᠵᠠᠷ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢ ᠬᠠᠮᠢᠶᠠᠷᠤᠨ ᠡᠵᠡᠮᠳᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠭᠠᠵᠠᠷ ᠬᠡᠰᠡᠭ ᠤᠨ ᠴᠢᠭᠯᠡᠯᠲᠦ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠰᠢᠷᠣᠢ ᠶᠢᠨ ᠬᠢᠨᠠᠨ ᠵᠦᠪᠰᠢᠶᠡᠷᠡᠯᠳᠡ ᠶᠢᠨ ᠠᠯᠬᠤᠮ ᠳᠠᠷᠠᠭ᠎ᠠ ᠶᠢ ᠣᠨᠣᠴᠠᠲᠠᠢ ᠪᠤᠯᠭᠠᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ ᠶᠢ ᠰᠠᠶᠢᠲᠤᠷ ᠠᠳᠬᠤᠵᠤ᠂ ᠬᠡᠷᠡᠭᠯᠡᠬᠦ ᠭᠠᠵᠠᠷ ᠤᠨ ᠬᠠᠩᠭᠠᠯᠭ᠎ᠠ ᠶᠢ ᠪᠠᠲᠤᠯᠠᠬᠤ ᠬᠡᠷᠡᠭᠲᠡᠢ᠃ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠡᠷᠴᠢᠮ ᠢᠶᠠᠨ ᠨᠡᠮᠡᠭᠳᠡᠭᠦᠯᠵᠦ᠂ ᠰᠢᠯᠢᠳᠡᠭ ᠦᠷ᠎ᠡ ᠡᠳ᠋ ᠤᠨ ᠡᠬᠢ ᠪᠠᠶᠠᠯᠢᠭ ᠢ ᠰᠣᠩᠭᠤᠨ ᠪᠣᠶᠢᠵᠢᠭᠤᠯᠬᠤ᠂ ᠡᠯ᠎ᠡ ᠵᠦᠢᠯ ᠤᠨ ᠠᠵᠢᠯᠯᠠᠭᠠᠨ ᠤ ᠮᠠᠰᠢᠨ ᠵᠡᠷᠭᠡ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠶᠢ ᠲᠣᠭᠲᠠᠭᠠᠵᠤ᠂ ᠤᠰᠤᠨ ᠤ ᠬᠡᠮᠵᠢᠶ᠎ᠡ ᠪᠠᠷ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠠᠷᠪᠢᠯᠠᠭᠰᠠᠨ ᠤᠰᠤ ᠪᠣᠷᠣᠭᠠᠨ ᠢᠶᠠᠷ ᠣᠶ ᠰᠢᠭᠤᠢ ᠡᠪᠡᠰᠦ ᠶᠢ ᠤᠮᠳᠠᠯᠠᠵᠤ ᠬᠥᠭᠵᠢᠭᠦᠯᠬᠦ ᠬᠡᠷᠡᠭᠲᠡᠢ᠃ ᠲᠤᠰ ᠭᠠᠵᠠᠷ ᠣᠷᠣᠨ ᠤ ᠣᠶ ᠰᠢᠭᠤᠢ ᠡᠪᠡᠰᠦᠨ ᠦᠷ᠎ᠡ ᠴᠢᠬᠢ ᠶᠢᠨ ᠦᠢᠯᠡᠳᠪᠦᠷᠢᠯᠡᠯ ᠤᠨ ᠴᠢᠳᠠᠪᠤᠷᠢ ᠶᠢ ᠲᠣᠳᠣᠷᠬᠠᠢ ᠣᠶᠢᠯᠠᠭᠠᠵᠤ᠂ ᠬᠠᠮᠢᠶ᠎ᠠ ᠪᠦᠬᠦᠢ ᠦᠢᠯᠡᠳᠪᠦᠷᠢᠯᠡᠯ ᠤᠨ ᠭᠤᠣᠯ ᠴᠣᠭᠴᠠ ᠶᠢ ᠬᠥᠲᠥᠯᠥᠨ ᠵᠢᠯᠤᠭᠤᠳᠴᠤ ᠪᠠᠶᠢᠭᠠᠳ ᠦᠢᠯᠡᠳᠪᠦᠷᠢᠯᠡᠬᠦ ᠴᠢᠳᠠᠪᠤᠷᠢ ᠶᠢ  ᠨᠢ ᠵᠣᠬᠢᠬᠤ ᠬᠡᠮᠵᠢᠶ᠎ᠡ ᠪᠠᠷ ᠤᠷᠢᠳᠴᠢᠯᠠᠨ ᠨᠡᠮᠡᠭᠳᠡᠭᠦᠯᠵᠦ᠂ ᠦᠷ᠎ᠡ ᠪᠣᠶᠢᠵᠢᠭᠤᠯᠬᠤ ᠪᠦᠲᠦᠴᠡ ᠳᠤ ᠲᠣᠬᠢᠷᠠᠭᠤᠯᠤᠯᠲᠠ ᠬᠢᠵᠦ᠂ ᠲᠣᠣᠷ ᠬᠦᠷᠢᠶ᠎ᠡ᠂ ᠡᠯᠡᠰᠦᠨ ᠤ ᠬᠠᠯᠬᠠᠪᠴᠢ᠂ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠲᠣᠨᠤᠭ ᠲᠥᠬᠦᠭᠡᠷᠦᠮᠵᠢ ᠵᠢᠴᠢ ᠤᠭᠰᠠᠷᠠᠭ᠎ᠠ ᠲᠣᠨᠤᠭ ᠵᠡᠷᠭᠡ ᠡᠳ᠋ ᠪᠣᠳᠠᠰ ᠤᠨ ᠪᠡᠯᠡᠳᠬᠡᠯ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠪᠦᠭᠦ ᠲᠠᠯ᠎ᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠠᠷᠪᠢᠯᠠᠬᠤ ᠡᠷᠴᠢᠮᠵᠢᠭᠦᠯᠬᠦ ᠵᠠᠷᠴᠢᠮ ᠶᠣᠰᠣᠭᠠᠷ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ ᠲᠣᠬᠢᠷᠠᠭᠤᠯᠭ᠎ᠠ ᠡᠵᠡᠮᠳᠡᠯ ᠤᠨ ᠡᠷᠴᠢᠮ ᠢᠶᠠᠨ ᠴᠢᠩᠭᠠᠷᠠᠭᠤᠯᠵᠤ᠂ ᠠᠷᠭ᠎ᠠ ᠪᠦᠭᠦᠨ ᠢ ᠰᠦᠪᠡᠭᠴᠢᠯᠡᠨ ᠪᠡᠯᠡ ᠣᠷᠣᠭᠤᠯᠤᠯᠲᠠ ᠶᠢᠨ ᠥᠪᠡᠷ ᠤᠨ ᠦᠷᠳᠡᠭ ᠢ ᠪᠠᠭᠤᠷᠠᠭᠤᠯᠬᠤ ᠬᠡᠷᠡᠭᠲᠡᠢ᠃      ᠳᠣᠯᠤᠭ᠎ᠠ᠂ ᠥᠷᠭᠡᠨ ᠳᠡᠯᠭᠡᠷ ᠤᠬᠠᠭᠤᠯᠭ᠎ᠠ ᠬᠢᠵᠦ᠂ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠪᠦᠭᠦ ᠲᠠᠯ᠎ᠠ ᠪᠠᠷ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠠᠵᠢᠯ ᠤᠨ ᠤᠬᠠᠭᠤᠯᠤᠨ ᠮᠡᠳᠡᠭᠡᠯᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠲᠡᠷᠢᠭᠦᠨ ᠤ ᠬᠢ ᠶᠢ ᠰᠣᠩᠭᠤᠵᠤ᠂ ᠨᠡᠶᠢᠲᠡᠯᠢᠭ ᠵᠢᠱᠢᠶ᠎ᠡ ᠶᠢ ᠱᠤᠭᠤᠵᠤ᠂ ᠲᠤᠷᠰᠢᠯᠭ᠎ᠠ ᠶᠢ ᠳᠡᠯᠭᠡᠷᠡᠭᠦᠯᠦᠨ᠂ ᠦᠷ᠎ᠡ ᠪᠦᠲᠦᠮᠵᠢ ᠶᠢ ᠳᠡᠯᠭᠡᠨ ᠦᠵᠡᠭᠦᠯᠵᠦ᠂ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ᠂ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠪᠣᠯᠣᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠤᠨ᠂ ᠪᠦᠭᠦ ᠣᠷᠣᠨ ᠳᠠᠶᠠᠭᠠᠷ ᠤᠨ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠡᠭᠦᠷᠭᠡᠯᠡᠬᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠤᠳᠠᠭᠠᠨ ᠳᠠᠭᠠᠭᠠᠮᠠᠭᠠᠢ ᠵᠢᠳᠬᠦᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠰᠢᠨ᠎ᠡ ᠴᠠᠭ ᠦᠶ᠎ᠡ ᠶᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠭᠰᠠᠨ ᠰᠢᠨ᠎ᠡ ᠭᠠᠶᠢᠬᠠᠮᠰᠢᠭ ᠢ ᠴᠢᠷᠮᠠᠶᠢᠨ ᠡᠭᠦᠳᠬᠦ ᠬᠡᠷᠡᠭᠲᠡᠢ᠃      ᠡᠭᠦᠨ ᠤ ᠲᠤᠯᠠ ᠵᠠᠷᠯᠢᠭ ᠪᠠᠭᠤᠯᠭᠠᠪᠠ᠃      ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠶᠡᠷᠦᠩᠬᠡᠢ ᠳᠠᠷᠤᠭ᠎ᠠ᠄  ᠰᠦᠨ ᠱᠤᠤ ᠴᠧᠩ   ᠸᠠᠩ ᠯᠢ ᠰᠢᠶᠠ      2024  ᠣᠨ ᠤ 3 ᠰᠠᠷ᠎ᠠ ᠶᠢᠨ 18 ᠤ ᠡᠳᠦᠷ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号