ᠦᠴᠦᠸᠠᠨ ᠰᠢᠶᠠᠨ ᠤ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠮᠠᠰᠲ᠋ᠧᠷ ᠳ᠋ᠣᠺᠲ᠋ᠣᠷ ᠤᠨ ᠰᠤᠳᠤᠯᠬᠤ ᠰᠣᠷᠣᠭᠴᠢ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠤ ᠱᠠᠩᠨᠠᠯ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/3/20
     ︽︿ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ﹀ ᠤᠨ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠨ ᠠᠪᠴᠢᠷᠠᠭᠰᠠᠨ ᠮᠠᠰᠲ᠋ᠧᠷ ᠳ᠋ᠣᠺᠲ᠋ᠣᠷ ᠤᠨ ᠰᠤᠳᠤᠯᠬᠤ ᠰᠣᠷᠣᠭᠴᠢ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠢ ᠱᠠᠩᠨᠠᠨ ᠬᠥᠬᠢᠭᠦᠯᠬᠦ ᠠᠯᠪᠠᠨ ᠵᠠᠷ︾ ᠤᠨ ᠮᠡᠳᠡᠭᠳᠡᠯ ︵ᠬᠥᠬᠡᠬᠤᠲᠠ ᠨᠡᠶᠢᠭᠡᠮ ᠲᠠᠷᠬᠠᠭᠠᠭᠰᠠᠨ ﹇2023﹈ 95 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠦᠴᠦᠸᠠᠨ ᠰᠢᠶᠠᠨ ᠳᠤ ᠳᠠᠩᠰᠠᠯᠠᠭᠤᠯᠤᠭᠰᠠᠨ ︽ᠵᠢᠷᠭᠤᠭᠠᠨ ᠶᠡᠭᠡ ᠠᠵᠤ ᠦᠢᠯᠡᠰ ᠤᠨ ᠪᠦᠯᠦᠭᠯᠡᠯ︾ ᠤᠨ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠤᠨ ᠣᠷᠣᠭᠤᠯᠤᠨ ᠠᠪᠴᠢᠷᠠᠭᠰᠠᠨ ᠮᠠᠰᠲ᠋ᠧᠷ ᠳ᠋ᠣᠺᠲ᠋ᠣᠷ ᠤᠨ ᠰᠤᠳᠤᠯᠬᠤ ᠰᠣᠷᠣᠭᠴᠢ ᠬᠠᠤᠯᠢ ᠶᠣᠰᠣᠭᠠᠷ 5 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠲᠤᠰᠢᠶᠠᠭᠰᠠᠨ ᠳᠤ᠂ 1 ᠵᠢᠯ ᠠᠵᠢᠯᠯᠠᠭᠰᠠᠨ ᠤ ᠳᠠᠷᠠᠭ᠎ᠠ ᠮᠠᠰᠲ᠋ᠧᠷ ᠤᠨ ᠰᠤᠳᠤᠯᠬᠤ ᠰᠣᠷᠣᠭᠴᠢ ᠳᠤ 2 ᠲᠦᠮᠡᠨ ᠲᠥᠭᠦᠷᠢᠭ᠂ ᠳ᠋ᠣᠺᠲ᠋ᠣᠷ ᠤᠨ ᠰᠤᠳᠤᠯᠬᠤ ᠰᠣᠷᠣᠭᠴᠢ ᠳᠤ 5 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠴᠢᠳᠠᠪᠤᠷᠢᠲᠠᠨ ᠤ ᠱᠠᠩᠨᠠᠯ ᠣᠯᠭᠤᠨ᠎ᠠ᠃ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠮᠡᠳᠡᠭᠦᠯᠦᠭᠰᠡᠨ ᠬᠥᠮᠥᠰ ᠤᠨ ᠮᠠᠲ᠋ᠧᠷᠢᠶᠠᠯ ᠢ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠳᠤ ᠰᠤᠷᠤᠯᠭ᠎ᠠ ᠶᠢᠨ ᠨᠠᠮᠲᠠᠷ᠂ ᠬᠥᠳᠡᠯᠮᠦᠷᠢ ᠶᠢᠨ ᠳᠠᠩᠰᠠᠯᠠᠯᠲᠠ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠵᠡᠷᠭᠡ ᠶᠢ ᠬᠢᠨᠠᠨ ᠬᠠᠷᠭᠤᠭᠤᠯᠬᠤ ᠪᠠᠷ ᠳᠡᠮᠵᠢᠨ᠂ ᠣᠲᠣ ᠪᠠᠶᠢᠭ᠎ᠠ 1 ᠠᠵᠤ ᠠᠬᠤᠶᠢᠯᠠᠯ ᠤᠨ 4 ᠠᠵᠢᠯ ᠣᠯᠣᠭᠰᠠᠳ ᠨᠥᠬᠦᠪᠦᠷᠢ ᠥᠭᠬᠦ ᠨᠥᠬᠦᠴᠡᠯ ᠳᠤ ᠨᠡᠶᠢᠴᠡᠨ᠎ᠡ︔ ᠡᠳᠦᠭᠡ ᠨᠢᠭᠡ ᠤᠳᠠᠭ᠎ᠠ ᠶᠢᠨ ᠴᠢᠨᠠᠷᠲᠠᠢ ᠱᠠᠩᠨᠠᠬᠤ ᠨᠥᠬᠦᠴᠡᠯ ᠳᠤ ᠨᠡᠶᠢᠴᠡᠬᠦ ᠪᠠᠷ ᠭᠤᠶᠤᠴᠢᠯᠠᠭᠰᠠᠨ ᠠᠵᠤ ᠠᠬᠤᠶᠢᠯᠠᠯ ᠤᠨ ᠨᠡᠷᠡᠰ ᠪᠣᠯᠣᠨ ᠠᠵᠢᠯ ᠣᠯᠣᠭᠰᠠᠳ ᠤᠨ ᠮᠡᠳᠡᠭᠡ ᠵᠠᠩᠭᠢ ᠶᠢ ᠢᠯᠡ ᠨᠡᠶᠢᠲᠡᠯᠡᠨ᠎ᠡ᠃      ᠵᠠᠷᠯᠠᠨ ᠨᠡᠶᠢᠲᠡᠯᠡᠬᠦ ᠴᠠᠭ᠄ 2024 ᠣᠨ ᠤ 3 ᠰᠠᠷ᠎ᠠ ᠶᠢᠨ 20 ᠤ ᠡᠳᠦᠷ ᠠᠴᠠ 2024 ᠣᠨ ᠤ 3 ᠰᠠᠷ᠎ᠠ ᠶᠢᠨ 26 ᠤ ᠡᠳᠦᠷ ᠪᠣᠯᠲᠠᠯ᠎ᠠ᠃      ᠬᠡᠷᠪᠡ ᠠᠰᠠᠭᠤᠳᠠᠯ ᠪᠠ ᠰᠠᠨᠠᠯ ᠲᠠᠢ ᠪᠣᠯ ᠴᠠᠭ ᠲᠤᠬᠠᠢ ᠳᠤᠨᠢ ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠲᠤᠰᠬᠠᠵᠤ᠂ ᠠᠰᠠᠭᠤᠳᠠᠯ ᠢ ᠲᠤᠰᠬᠠᠬᠤ ᠳᠠᠭᠠᠨ ᠦᠨᠡᠨ ᠠᠴᠠ ᠵᠥᠪ ᠢ ᠡᠷᠢᠬᠦ ᠬᠡᠷᠡᠭᠲᠡᠢ᠂ ᠤᠲᠠᠰᠤ ᠪᠠᠷ ᠲᠤᠰᠬᠠᠬᠤ ᠳᠠᠭᠠᠨ ᠦᠨᠡᠨ ᠨᠡᠷ᠎ᠡ ᠪᠠᠨ ᠬᠡᠯᠡᠵᠦ ᠥᠭᠬᠦ ᠬᠡᠷᠡᠭᠲᠡᠢ᠃      ᠬᠢᠨᠠᠯᠲᠠ ᠲᠠᠯᠪᠢᠬᠤ ᠤᠲᠠᠰᠤ᠄ 0471-8812622  0471-8820278     ᠳᠠᠭᠠᠯᠳᠤᠭᠤᠯᠤᠯ᠄ ᠬᠤᠸᠠ ᠨᠧᠩ ᠠᠵᠤ ᠠᠬᠤᠶᠢᠯᠠᠯ ᠤᠨ ᠰᠢᠨ᠎ᠡ ᠪᠠᠷ ᠣᠷᠣᠭᠤᠯᠤᠭᠰᠠᠨ ᠮᠠᠰᠲ᠋ᠧᠷ ᠳ᠋ᠣᠺᠲ᠋ᠣᠷ ᠤᠨ ᠰᠤᠳᠤᠯᠬᠤ ᠰᠣᠷᠣᠭᠴᠢ ᠶᠢᠨ ᠨᠡᠷ᠎ᠡ      ᠦᠴᠦᠸᠠᠨ ᠰᠢᠶᠠᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ      2024 ᠣᠨ ᠤ 3 ᠰᠠᠷ᠎ᠠ ᠶᠢᠨ 20 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号