ᠮᠠᠨ ᠤ ᠣᠷᠣᠨ ᠤ 7500 ᠭᠠᠷᠤᠢ ᠲᠦᠷᠭᠡᠨ ᠬᠦᠷᠭᠡᠭᠴᠢ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢ ᠭᠦᠷᠳᠡᠭᠦ ᠪᠣᠯᠣᠨ᠎ᠠ
ᠨᠡᠶᠢᠲᠡᠯᠡᠭᠰᠡᠨ ᠴᠠᠭ᠄
2024/3/20
     ᠰᠤᠷᠪᠤᠯᠵᠢᠯᠠᠬᠴᠢ ᠣᠶᠢᠷ᠎ᠠ ᠳᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠣᠶᠢᠯᠠᠭᠠᠭᠰᠠᠨ ᠢᠶᠠᠷ᠂ 2024 ᠣᠨ ᠤ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠶᠢᠨ ᠠᠵᠢᠯᠯᠠᠭ᠎ᠠ ᠨᠢᠭᠡᠨᠲᠡ ᠡᠬᠢᠯᠡᠵᠦ᠂ ᠡᠨᠡ ᠵᠢᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠤᠰᠬᠠᠶᠢᠯᠠᠨ ᠲᠦᠷᠭᠡᠨ ᠬᠦᠷᠭᠡᠭᠴᠢ ᠳᠤ ᠵᠣᠷᠢᠭᠤᠯᠤᠭᠰᠠᠨ ᠨᠢᠭᠡ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠡᠢ᠃ ᠡᠭᠦᠨ ᠳᠤ᠂ ᠪᠦᠭᠦ ᠣᠷᠣᠨ ᠤ ᠲᠦᠷᠭᠡᠨ ᠬᠦᠷᠭᠡᠭᠴᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠲᠠᠢ ᠮᠥᠷᠲᠡᠭᠡᠨ ᠬᠤᠲᠠ ᠪᠠᠯᠭᠠᠰᠤᠨ ᠤ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠢ ᠲᠤᠰᠢᠶᠠᠭᠰᠠᠨ ᠪᠠᠶᠢᠪᠠᠯ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠡᠳᠡᠨ ᠳᠤ ᠦᠨ᠎ᠡ ᠲᠥᠯᠥᠪᠦᠷᠢ ᠦᠭᠡᠢ ᠪᠠᠷ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠦᠷᠲᠡᠭᠡᠬᠦ ᠬᠠᠪᠰᠤᠷᠤᠯᠴᠠᠬᠤ ᠪᠠᠲᠤᠯᠠᠭ᠎ᠠ ᠶᠢ ᠭᠦᠷᠲᠡᠭᠦ ᠪᠣᠯᠣᠨ᠎ᠠ᠃      ᠣᠶᠢᠯᠠᠭᠠᠭᠰᠠᠨ ᠢᠶᠠᠷ᠂ ᠪᠦᠭᠦ ᠣᠷᠣᠨ ᠳᠤ 7500 ᠭᠠᠷᠤᠢ ᠲᠦᠷᠭᠡᠨ ᠬᠦᠷᠭᠡᠭᠴᠢ ᠲᠠᠢ᠃ ᠠᠵᠢᠯᠲᠠᠨ ᠠᠵᠢᠯᠴᠢᠨ ᠤ ᠡᠮᠨᠡᠯᠭᠡ ᠳᠤ ᠰᠠᠭᠤᠬᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠᠲᠤᠯᠠᠭ᠎ᠠ ᠳᠤ ᠤᠷᠤᠯᠴᠠᠬᠰᠠᠨ ᠲᠦᠷᠭᠡᠨ ᠬᠦᠷᠭᠡᠭᠴᠢ ᠪᠠᠲᠤᠯᠠᠭ᠎ᠠ ᠶᠢᠨ ᠬᠤᠭᠤᠴᠠᠭᠠᠨ ᠳᠤ ᠡᠮᠨᠡᠯᠭᠡ ᠳᠤ ᠰᠠᠭᠤᠬᠤ ᠵᠢᠴᠢ ᠡᠭᠦᠳᠡᠨ ᠡᠮᠨᠡᠯᠭᠡ ᠶᠢᠨ ᠣᠨᠴᠠᠭᠠᠢ ᠡᠪᠡᠳᠴᠢᠨ ᠡᠮᠭᠡᠭ ᠤᠨ ᠡᠮᠴᠢᠯᠡᠭᠡᠨ ᠤ ᠨᠥᠬᠦᠪᠦᠷᠢ ᠶᠢ ᠬᠦᠷᠲᠡᠵᠦ ᠪᠣᠯᠣᠨ᠎ᠠ᠃ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠶᠡᠭᠡ ᠲᠤᠭ᠎ᠠ ︵ᠬᠦᠨᠳᠦ ᠡᠪᠡᠳᠴᠢᠨ︶ ᠶᠢᠨ ᠨᠥᠬᠦᠪᠦᠷᠢ ᠡᠮ ᠡᠮᠨᠡᠯᠭᠡ ᠶᠢᠨ ᠳᠠᠭᠠᠳᠬᠠᠯ ᠵᠡᠷᠭᠡ ᠨᠢᠭᠡᠳᠦᠯᠲᠡᠢ ᠲᠥᠯᠥᠪᠯᠡᠨ ᠥᠭᠭᠦᠭᠰᠡᠨ ᠤ ᠳᠠᠷᠠᠭᠠᠬᠢ ᠥᠪᠡᠰᠦᠪᠠᠨ ᠲᠥᠯᠥᠬᠦ ᠬᠡᠰᠡᠭ ︵ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠠᠴᠠ ᠮᠠᠭᠠᠳᠯᠠᠨ ᠲᠣᠭᠲᠠᠭᠠᠭᠰᠠᠨ ᠥᠪᠡᠷ ᠤᠨ ᠵᠠᠷᠤᠳᠠᠯ ᠢ ᠪᠠᠭᠲᠠᠭᠠᠬᠤ ᠦᠭᠡᠢ︶ ᠲᠤ ᠨᠢᠭᠡ ᠤᠳᠠᠭ᠎ᠠ ᠡᠮᠨᠡᠯᠭᠡ ᠳᠤ ᠰᠠᠭᠤᠬᠤ ᠳᠤ ᠬᠡᠰᠡᠭ ᠬᠤᠪᠢᠶᠠᠨ ᠪᠤᠳᠤᠬᠤ ᠠᠷᠭ᠎ᠠ ᠪᠠᠷ ᠨᠥᠬᠦᠪᠦᠷᠢ ᠥᠭᠴᠦ᠂ ᠨᠢᠭᠡ ᠪᠠᠲᠤᠯᠠᠭ᠎ᠠ ᠶᠢᠨ ᠬᠤᠭᠤᠴᠠᠭᠠᠨ ᠤ ᠨᠥᠬᠦᠪᠦᠷᠢ ᠶᠢᠨ ᠬᠠᠮᠤᠭ ᠤᠨ ᠶᠡᠭᠡ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠪᠣᠯᠣᠨ᠎ᠠ᠃ ᠡᠭᠦᠨ ᠤ ᠬᠠᠮᠲᠤ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠰᠢᠰᠲ᠋ᠧᠮ ᠲᠠᠢ ᠡᠮ ᠡᠮᠨᠡᠯᠭᠡ ᠶᠢᠨ ᠳᠠᠭᠠᠳᠬᠠᠯ ᠢ ᠵᠣᠯᠭᠠᠭᠤᠯᠬᠤ ᠶᠢ ᠪᠡᠶᠡᠯᠡᠭᠦᠯᠵᠦ᠂ ᠣᠳᠣᠬᠠᠨ ᠳᠤ ᠵᠣᠯᠭᠠᠭᠤᠯᠬᠤ ᠠᠵᠢᠯ ᠶᠠᠭ ᠶᠠᠪᠤᠭᠳᠠᠵᠤ ᠪᠤᠶ᠃ ᠬᠤᠶᠢᠰᠢᠳᠠ ᠠᠵᠢᠯᠲᠠᠨ ᠠᠵᠢᠯᠴᠢᠨ ᠭᠡᠷ ᠠᠴᠠ ᠪᠠᠨ ᠭᠠᠷᠬᠤ ᠦᠭᠡᠢ ᠪᠠᠷ ᠭᠠᠷ ᠤᠲᠠᠰᠤ ᠳᠡᠭᠡᠷ᠎ᠡ ᠪᠠᠨ ᠡᠯᠧᠺᠲᠷᠣᠨ ᠭᠠᠷᠳᠠᠮ ᠭᠦᠢᠴᠡᠳᠬᠡᠪᠡᠯ ᠪᠣᠯᠴᠢᠬᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号