3 ᠰᠠᠷ᠎ᠠ ᠶᠢᠨ 18 ᠤ ᠡᠳᠦᠷ᠂︽ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ︾ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ︱ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠲᠠᠬᠢ ᠳ᠋ᠠᠶᠢᠲ᠋ᠠ ᠶᠢᠨ | ᠲᠥᠪ ᠤᠨ ᠲᠥᠷᠥᠯ ᠵᠦᠢᠯ ᠳᠤ ᠰᠠᠭᠤᠷᠢ ᠲᠠᠯᠪᠢᠪᠠ᠃ | ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠷᠢᠨᠭᠡᠷ | ᠰᠢᠨ᠎ᠡ ᠲᠣᠭᠤᠷᠢᠭ ᠲᠠᠬᠢ ᠳ᠋ᠠᠶᠢᠲ᠋ᠠ ᠶᠢᠨ ᠲᠥᠪ ᠤᠨ ᠲᠥᠷᠥᠯ ᠵᠦᠢᠯ ᠢ ᠬᠤᠷᠢᠨᠭᠡᠷ ᠰᠢᠨ᠎ᠡ ᠲᠣᠭᠤᠷᠢᠭ ᠤᠨ ᠡᠭᠦᠯᠡᠨ | ᠬᠥᠨᠳᠡᠢ ᠲᠣᠭᠤᠷᠢᠭ ᠲᠤ ᠨᠠᠶᠢᠳᠠᠪᠤᠷᠢᠵᠢᠭᠤᠯᠵᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 100 | ᠳ᠋ᠦᠩᠰᠢᠭᠤᠷ ᠲᠥᠭᠦᠷᠢᠭ᠂ ᠶᠡᠷᠦᠩᠬᠡᠢ ᠲᠠᠯᠠᠪᠠᠶ ᠨᠢ 569 ᠮᠦ᠂ ᠲᠥᠯᠥᠪᠵᠢᠭᠦᠯᠦᠭᠰᠡᠨ ᠪᠠᠷᠢᠯᠭ᠎ᠠ ᠶᠢᠨ ᠲᠠᠯᠠᠪᠠᠶ ᠨᠢ | 52 ᠲᠦᠮᠡᠨ ᠲᠡᠭᠰᠢ ᠳᠥᠷᠪᠡᠯᠵᠢᠨ ᠮᠧᠲᠷ᠂ ᠬᠤᠶᠠᠷ ᠬᠤᠭᠤᠴᠠᠭ᠎ᠠ ᠬᠤᠪᠢᠶᠠᠨ ᠪᠦᠲᠦᠭᠡᠨ ᠪᠠᠶᠢᠭᠤᠯᠤᠨ᠎ᠠ᠃ ᠡᠬᠢᠯᠡᠵᠦ | ᠪᠠᠶᠢᠭᠤᠯᠤᠭᠰᠠᠨ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠳᠤ 37.5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠵᠤ᠂ ᠪᠠᠷᠢᠯᠭ᠎ᠠ ᠶᠢᠨ ᠲᠠᠯᠠᠪᠠᠶ ᠨᠢ 19.06 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ | ᠪᠠᠶᠢᠭᠤᠯᠵᠤ ᠳᠠᠭᠤᠰᠤᠭᠰᠠᠨ ᠤ ᠳᠠᠷᠠᠭ᠎ᠠ 10 ᠲᠦᠮᠡᠨ ᠦᠢᠯᠡᠴᠢᠯᠡᠭᠡᠨ ᠤ ᠮᠠᠰᠢᠨ ᠪᠠᠶᠢᠷᠢᠯᠠᠭᠤᠯᠬᠤ ᠬᠡᠷᠡᠭᠴᠡᠭᠡ ᠶᠢ | ᠬᠠᠩᠭᠠᠵᠤ᠂ ᠲᠥᠷᠥᠯ ᠵᠦᠢᠯ ᠢ ᠪᠦᠭᠦᠨ ᠢ ᠪᠠᠶᠢᠭᠤᠯᠵᠤ ᠳᠠᠭᠤᠰᠤᠭᠰᠠᠨ ᠤ ᠳᠠᠷᠠᠭ᠎ᠠ ᠦᠢᠯᠡᠴᠢᠯᠡᠭᠡᠨ ᠤ ᠮᠠᠰᠢᠨ | ᠪᠠᠶᠢᠷᠢᠯᠠᠭᠤᠯᠬᠤ ᠴᠢᠳᠠᠪᠤᠷᠢ ᠨᠢ 30 ᠲᠦᠮᠡ ᠳᠤ ᠬᠦᠷᠴᠦ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ | ᠳ᠋ᠠᠶᠢᠲ᠋ᠠ ᠶᠢᠨ ᠲᠥᠪ ᠤᠨ ᠪᠥᠭᠡᠮᠨᠡᠷᠡᠯ ᠤᠨ ᠪᠠᠶᠢᠷᠢᠯᠠᠭᠤᠯᠤᠯᠲᠠ ᠶᠢᠨ ᠲᠥᠯᠦᠪᠵᠢᠭᠦᠯᠭᠡ ᠶᠢ ᠪᠦᠬᠦᠯᠢ ᠴᠣᠭᠴᠠ ᠶᠢᠨ | ᠲᠠᠯ᠎ᠠ ᠠᠴᠠ ᠲᠡᠭᠦᠯᠳᠡᠷᠵᠢᠭᠦᠯᠵᠦ᠂ ᠲᠣᠭᠠᠴᠢᠯᠠᠭᠰᠠᠨ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠤᠨ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠣᠯᠣᠨ᠎ᠠ᠃ | ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠨᠢ ᠬᠤᠷᠢᠨᠭᠡᠷ ᠰᠢᠨ᠎ᠡ ᠲᠣᠭᠤᠷᠢᠭ ᠤᠨ ︽ᠵᠡᠭᠦᠨ | ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ ᠪᠤᠳᠤᠬᠤ︾ ᠪᠣᠬᠢᠷᠳᠤᠯ ᠦᠭᠡᠢ ᠪᠣᠳᠣᠯᠭ᠎ᠠ ᠶᠢᠨ ᠬᠦᠴᠦᠨ ᠤ | ᠲᠥᠪ ᠤᠨ ᠪᠣᠳᠣᠯᠭ᠎ᠠ ᠶᠢᠨ ᠬᠦᠴᠦᠨ ᠤ ᠰᠠᠭᠤᠷᠢ ᠶᠢ ᠪᠠᠬᠢᠵᠢᠭᠦᠯᠵᠦ᠂ ᠣᠷᠣᠨ ᠤ ᠲᠥᠪ ᠤᠨ ᠣᠷᠣᠨ ᠪᠦᠰᠡ ᠶᠢᠨ | ᠮᠥᠩᠭᠦᠨ ᠭᠦᠢᠯᠭᠡᠭᠡᠨ ᠤ ᠲᠥᠪ ᠪᠠᠶᠢᠭᠤᠯᠬᠤ ᠳᠤ ᠬᠦᠴᠦᠨ ᠨᠡᠮᠡᠷᠢᠯᠡᠵᠦ᠂ ︽ᠳᠤᠮᠳᠠᠳᠤ ᠤᠯᠤᠰ ᠤᠨ ᠡᠭᠦᠯᠡᠨ ᠬᠥᠨᠳᠡᠢ︾ | ︽ᠮᠥᠩᠭᠦᠨ ᠭᠦᠢᠯᠭᠡᠭᠡᠨ ᠤ ᠡᠭᠦᠯᠡᠨ ᠬᠥᠨᠳᠡᠢ︾ ᠶᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠪᠠᠶᠢᠵᠤ᠂ ᠥᠪᠡᠷᠲᠡᠭᠡᠨ ᠵᠠᠰᠠᠬᠤ ᠣᠷᠣᠨ ᠤ ᠪᠣᠳᠣᠯᠭ᠎ᠠ ᠶᠢᠨ ᠬᠦᠴᠦᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢᠨ | ᠲᠠᠪᠠᠯᠳᠠᠳᠤ ᠮᠠᠶ᠋ᠢᠭ ᠤᠨ ᠲᠠᠰ ᠳᠡᠪᠰᠢᠬᠦ ᠶᠢ ᠲᠦᠯᠬᠢᠨ ᠠᠬᠢᠭᠤᠯᠵᠤ᠂ ᠤᠯᠤᠰ ᠤᠨ ᠲᠠᠰ ᠤᠨ ᠮᠥᠩᠭᠦᠨ ᠭᠦᠢᠯᠭᠡᠭᠡᠨ ᠤ | ᠳ᠋ᠠᠶᠢᠲ᠋ᠠ ᠶᠢᠨ ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠳᠤ ᠢᠳᠡᠪᠬᠢᠲᠡᠢ ᠦᠢᠯᠡᠳᠦᠯ | ᠪᠠᠳᠠᠷᠠᠭᠤᠯᠬᠤ ᠪᠣᠯᠣᠨ᠎ᠠ᠃ | | | |