3 ᠰᠠᠷ᠎ᠠ ᠶᠢᠨ 17 ᠤ ᠡᠳᠦᠷ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ | ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠰᠢᠷᠢᠰ ᠠᠵᠢᠯᠯᠠᠭ᠎ᠠ ᠵᠢᠴᠢ ᠪᠦᠭᠦ ᠣᠷᠣᠨ ᠤ 2024 ᠣᠨ ᠤ ᠶᠡᠭᠡ | ᠳᠡᠭᠡᠳᠦ ᠰᠤᠷᠭᠠᠭᠤᠯᠢ ᠲᠡᠭᠦᠰᠦᠭᠰᠡᠳ ᠤᠨ ᠬᠠᠪᠤᠷ ᠤᠨ ᠤᠯᠠᠷᠢᠯ ᠤᠨ ᠠᠵᠢᠯᠲᠠᠨ ᠤᠷᠢᠨ ᠡᠯᠰᠡᠬᠦ ᠴᠤᠭᠯᠠᠭᠠᠨ | ᠭᠦᠭᠡᠬᠤᠲᠡ ᠳᠠᠬᠢ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠳᠤ ᠶᠠᠪᠤᠭᠳᠠᠪᠠ᠃ | ᠴᠤᠭᠯᠠᠭᠠᠨ ᠳᠤ᠂ ᠥᠪᠥᠷ ᠮᠣᠩᠭᠤᠯ᠂ ᠪᠡᠭᠡᠵᠢᠩ᠂ ᠾᠧᠪᠧᠢ᠂ ᠵᠧᠵᠢᠶᠠᠩ ᠵᠡᠷᠭᠡ 8 ᠮᠤᠵᠢ ︵ᠬᠤᠲᠠ᠂ ᠲᠣᠭᠤᠷᠢᠭ︶ | ᠣᠷᠣᠨ ᠤ 230 ᠠᠵᠤ ᠠᠬᠤᠶᠢᠯᠠᠯ ᠰᠦᠯᠵᠢᠶᠡᠨ ᠳᠡᠭᠡᠷ᠎ᠡ ᠪᠤᠶᠤ ᠪᠣᠳᠠᠲᠤ ᠴᠣᠭᠴᠠ ᠪᠠᠷ ᠣᠷᠣᠯᠴᠠᠵᠦ᠂ | 14172 ᠠᠵᠢᠯ ᠤᠨ ᠪᠠᠶᠢᠷᠢ ᠬᠠᠩᠭᠠᠵᠠᠢ᠃ ᠡᠭᠦᠨ ᠳᠤ᠂ ᠮᠠᠨ ᠤ ᠣᠷᠣᠨ ᠤ 206 ᠠᠵᠤ ᠠᠬᠤᠶᠢᠯᠠᠯ ᠣᠷᠣᠯᠴᠠᠵᠤ᠂ | 11 ᠠᠶᠢᠮᠠᠭ ᠬᠤᠲᠠ ᠶᠢ ᠬᠠᠮᠤᠷᠪᠠ᠃ | ᠲᠣᠰ ᠤᠳᠠᠭᠠᠨ ᠤ ᠠᠵᠢᠯᠲᠠᠨ ᠤᠷᠢᠨ ᠡᠯᠰᠡᠬᠦ ᠴᠤᠭᠯᠠᠭᠠᠨ ᠳᠤ ᠤᠷᠤᠯᠴᠠᠬᠰᠠᠨ ᠠᠵᠤ ᠠᠬᠤᠶᠢᠯᠠᠯ ᠨᠢ | ᠦᠢᠯᠡᠳᠬᠦ ᠦᠢᠯᠡᠰ᠂ ᠲᠠᠷᠢᠶᠠᠯᠠᠩ᠂ ᠠᠭᠤᠷᠬᠠᠢ ᠶᠢᠨ ᠦᠢᠯᠡᠰ᠂ ᠮᠥᠩᠭᠦᠨ ᠭᠦᠢᠯᠭᠡᠭᠡ᠂ ᠰᠣᠶᠣᠯ ᠪᠡᠶ᠎ᠡ ᠶᠢᠨ ᠲᠠᠮᠢᠷ᠂ ᠭᠡᠷ | ᠭᠠᠵᠠᠷ ᠤᠨ ᠬᠥᠷᠥᠩᠭᠡ᠂ ᠵᠠᠮ ᠬᠠᠷᠢᠯᠴᠠᠭ᠎ᠠ ᠲᠡᠭᠡᠭᠡᠪᠦᠷᠢ᠂ ᠪᠠᠷᠢᠯᠭ᠎ᠠ᠂ ᠰᠤᠷᠭᠠᠨ ᠬᠥᠮᠦᠵᠢᠯ᠂ ᠮᠡᠳᠡᠭᠡ ᠵᠠᠩᠭᠢ ᠶᠢᠨ | ᠳᠠᠮᠵᠢᠭᠤᠯᠭ᠎ᠠ᠂ ᠺᠤᠮᠫᠢᠦ᠋ᠲ᠋ᠧᠷ ᠤᠨ ᠦᠢᠯᠡᠴᠢᠯᠡᠭᠡ᠂ ᠲᠣᠭᠠᠴᠢᠯᠠᠭᠰᠠᠨ ᠠᠵᠤ ᠠᠬᠤᠢ ᠵᠡᠷᠭᠡ 21 ᠠᠵᠢᠯ ᠲᠥᠷᠥᠯ ᠤᠨ | ᠬᠦᠷᠢᠶ᠎ᠡ ᠴᠠᠷᠠᠭ᠎ᠠ ᠳᠤ ᠬᠤᠯᠪᠤᠬᠳᠠᠪᠠ᠃ ᠤᠷᠢᠨ ᠡᠯᠰᠡᠬᠦ ᠦᠢᠯᠡᠴᠢᠯᠡᠭᠡ᠂ ᠰᠦᠯᠵᠢᠶᠡᠨ ᠳᠡᠭᠡᠷᠡᠬᠢ ᠰᠢᠭᠤᠳ | ᠨᠡᠪᠲᠡᠷᠡᠭᠦᠯᠭᠡ ᠪᠠ ᠠᠵᠢᠯ ᠤᠨ ᠪᠠᠶᠢᠷᠢ ᠶᠢᠨ ᠬᠥᠲᠥᠯᠥᠨ ᠳᠠᠭᠠᠭᠤᠯᠭ᠎ᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ᠂ | ᠠᠵᠢᠯ ᠣᠯᠭᠤᠬᠤ ᠵᠢᠯᠣᠭᠤᠳᠤᠯᠭ᠎ᠠ᠂ ᠦᠢᠯᠡᠰ ᠪᠣᠰᠬᠠᠬᠤ ᠦᠢᠯᠡᠴᠢᠯᠡᠭᠡ᠂ ᠠᠵᠢᠯ ᠮᠡᠷᠭᠡᠵᠢᠯ ᠤᠨ ᠤᠷ᠎ᠠ ᠴᠢᠳᠠᠪᠤᠷᠢ | ᠵᠡᠷᠭᠡ ᠵᠢᠷᠭᠤᠭᠠᠨ ᠵᠦᠢᠯ ᠤᠨ ᠭᠤᠣᠯ ᠰᠡᠳᠦᠪᠲᠦ ᠲᠤᠰᠬᠠᠢ ᠪᠤᠯᠤᠩ ᠭᠠᠷᠭᠠᠵᠤ᠂ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠲᠤ ᠠᠵᠢᠯ ᠣᠯᠬᠤ ᠪᠠ ᠦᠢᠯᠡᠰ ᠪᠣᠰᠬᠠᠬᠤ ᠦᠢᠯᠡᠴᠢᠯᠡᠭᠡ ᠶᠢ ᠲᠥᠪᠯᠡᠷᠡᠭᠦᠯᠦᠨ ᠬᠠᠩᠭᠠᠵᠠᠢ᠃ | ᠲᠤᠰ ᠤᠳᠠᠭᠠᠨ ᠤ ᠠᠵᠢᠯᠲᠠᠨ ᠤᠷᠢᠨ ᠡᠯᠰᠡᠬᠦ ᠴᠤᠭᠯᠠᠭᠠᠨ ᠨᠢ ︽ᠤᠮᠠᠷᠠᠲᠤ ᠬᠢᠯᠢ ᠳᠤ ᠬᠦᠰᠡᠯ ᠵᠡᠭᠦᠳᠦ ᠪᠠᠨ | ᠲᠡᠷᠭᠡᠯᠰᠢᠭᠦᠯᠵᠦ ᠢᠷᠡᠭᠡᠳᠦᠢ ᠪᠠᠨ ᠴᠣᠭᠴᠠᠯᠠᠶ᠎ᠠ︾ ᠭᠡᠬᠦ ᠭᠤᠣᠯ ᠰᠡᠳᠦᠪ ᠤᠨ ᠲᠣᠭᠤᠷᠢᠨ ᠳᠤ ᠶᠠᠪᠤᠭᠳᠠᠵᠤ᠂ | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠪ ᠬᠠᠮᠲᠤ ᠵᠠᠯᠠᠭᠤᠴᠤᠳ ᠤᠨ | ᠡᠪᠯᠡᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠠᠴᠠ ᠭᠤᠣᠯᠯᠠᠨ ᠡᠷᠭᠢᠯᠡᠪᠡ᠃ | | | |