ᠮᠠᠨ ᠤ ᠣᠷᠣᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ 6 ᠲᠤᠰᠬᠠᠢ ᠠᠵᠢᠯᠯᠠᠭ᠎ᠠ ᠥᠷᠨᠢᠭᠦᠯᠦᠨ᠎ᠡ
ᠨᠡᠶᠢᠲᠡᠯᠡᠭᠰᠡᠨ ᠴᠠᠭ᠄
2024/3/21
     ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ︵ᠳᠣᠷᠣᠭᠰᠢ ︽ᠲᠥᠰᠥᠯ︾ ᠭᠡᠵᠦ ᠲᠣᠪᠴᠢᠯᠠᠨ᠎ᠠ︶︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠴᠢᠨᠠᠭᠰᠢᠳᠠ ᠰᠢᠯᠢᠳᠡᠭᠵᠢᠭᠦᠯᠦᠨ᠎ᠡ᠃      ᠳᠤᠰ ︽ᠲᠥᠰᠥᠯ︾ ᠳᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ᠂ ᠲᠤᠰᠬᠠᠢ ᠠᠵᠢᠯᠯᠠᠭ᠎ᠠ ᠥᠷᠨᠢᠭᠦᠯᠬᠦ᠂ ᠠᠵᠢᠯ ᠤᠨ ᠱᠠᠭᠠᠷᠳᠠᠯᠭ᠎ᠠ ᠵᠡᠷᠭᠡ ᠳᠥᠷᠪᠡᠨ ᠲᠠᠯ᠎ᠠ ᠠᠴᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠡᠯ᠎ᠡ ᠵᠦᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠡᠨᠴᠢ ᠢᠲᠡᠭᠡᠮᠵᠢ ᠶᠢ ᠠᠬᠢᠭᠤᠯᠬᠤ ᠵᠢᠷᠭᠤᠭᠠᠨ ᠲᠤᠰᠬᠠᠢ ᠠᠵᠢᠯᠯᠠᠭ᠎ᠠ ᠶᠢ ᠭᠤᠣᠯᠳᠠᠯᠭ᠎ᠠ ᠲᠠᠢ ᠲᠣᠬᠢᠷᠠᠭᠤᠯᠤᠨ ᠪᠠᠶᠢᠷᠢᠯᠠᠭᠤᠯᠵᠠᠢ᠃ ᠨᠢᠭᠡ ᠳᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠬᠦᠷᠢᠶᠡᠨ ᠳᠠᠬᠢ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠵᠢᠷᠤᠮ ᠢ ᠦᠷᠭᠦᠯᠵᠢᠯᠡᠨ ᠢᠯᠭᠠᠷᠠᠭᠤᠯᠤᠨ ᠴᠡᠭᠴᠡᠯᠡᠵᠦ᠂ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠦᠨᠡᠨᠴᠢ ᠢᠲᠡᠭᠡᠮᠵᠢᠲᠡᠢ ᠪᠠᠷ ᠬᠠᠤᠯᠢ ᠶᠢ ᠰᠠᠬᠢᠬᠤ ᠤᠬᠠᠮᠰᠠᠷ ᠢ ᠴᠢᠩᠭᠠᠳᠬᠠᠨ᠎ᠠ᠃ ᠬᠤᠶᠠᠷ ᠲᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠢᠯᠲᠠᠨ ᠤ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠢ ᠪᠠᠶᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠦᠨᠡᠨᠴᠢ ᠢᠲᠡᠭᠡᠮᠵᠢ ᠶᠢᠨ ᠳᠠᠩᠰᠠ ᠡᠪᠬᠡᠮᠡᠯ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠢᠲᠡᠭᠡᠮᠵᠢ ᠲᠠᠢ ᠪᠠᠶᠢᠬᠤ ᠶᠢ ᠵᠣᠷᠢᠭᠵᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠶᠢ ᠴᠢᠩᠭᠠᠳᠬᠠᠵᠤ᠂ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠤ ᠦᠨᠡᠨᠴᠢ ᠢᠲᠡᠭᠡᠮᠵᠢᠲᠡᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃  ᠭᠤᠷᠪᠠ ᠳᠤ᠂ ᠭᠦᠳᠡᠯᠮᠦᠷᠢ ᠬᠦᠴᠦ ᠬᠡᠷᠡᠭᠯᠡᠬᠦ ᠬᠦᠷᠢᠶᠡᠨ ᠳᠠᠬᠢ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠭᠦᠳᠡᠯᠮᠦᠷᠢ ᠶᠢᠨ ᠭᠡᠷ᠎ᠡ ᠶᠢᠨ ᠪᠣᠯᠵᠤᠭ᠎ᠠ ᠠᠴᠠ ᠵᠥᠷᠢᠴᠡᠬᠦ᠂ ᠴᠠᠯᠢᠩ ᠥᠷᠢᠲᠦᠬᠦ ᠵᠡᠷᠭᠡ ᠬᠠᠤᠯᠢ ᠠᠴᠠ ᠵᠥᠷᠢᠴᠡᠨ ᠠᠵᠢᠯᠴᠢᠨ ᠬᠡᠷᠡᠭᠯᠡᠬᠦ ᠦᠢᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠭᠦᠳᠡᠯᠮᠦᠷᠢ ᠶᠢᠨ ᠪᠠᠲᠤᠯᠠᠭ᠎ᠠ ᠶᠢᠨ ᠢᠲᠡᠭᠡᠮᠵᠢ ᠶᠢᠨ ᠵᠡᠷᠭᠡ ᠳᠡᠰ ᠤᠨ ᠦᠨᠡᠯᠡᠯᠲᠡ ᠶᠢ ᠪᠠᠶᠢᠭᠤᠯᠤᠨ᠂ ᠬᠥᠮᠥᠨ ᠬᠡᠷᠡᠭᠯᠡᠬᠦ ᠨᠢᠭᠡᠴᠢ ᠶᠢᠨ ᠥᠪᠡᠷ ᠢ ᠪᠠᠨ ᠵᠢᠷᠤᠮᠵᠢᠭᠤᠯᠬᠤ᠂ ᠥᠪᠡᠷ ᠢ ᠪᠠᠨ ᠬᠢᠵᠠᠭᠠᠷᠯᠠᠬᠤ᠂ ᠦᠨᠡᠨᠴᠢ ᠢᠲᠡᠭᠡᠮᠵᠢᠲᠡᠢ ᠡᠵᠡᠩᠨᠡᠬᠦ᠂ ᠤᠬᠠᠮᠰᠠᠷ ᠠᠴᠠ ᠪᠠᠨ ᠬᠠᠤᠯᠢ ᠶᠢ ᠰᠠᠬᠢᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠳᠥᠷᠪᠡ ᠳᠤ᠂ ᠨᠡᠶᠢᠭᠡᠮ ᠤᠨ ᠳᠠᠭᠠᠳᠬᠠᠯ ᠤᠨ ᠣᠯᠭᠤᠮᠵᠢ ᠭᠤᠶᠤᠴᠢᠯᠠᠨ ᠠᠪᠬᠤ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ  ᠥᠷᠨᠢᠭᠦᠯᠦᠨ᠎ᠡ᠃ ᠳᠠᠭᠠᠳᠬᠠᠯ ᠢ ᠮᠡᠬᠡᠯᠡᠨ ᠠᠪᠬᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠣᠯᠠᠨ ᠵᠦᠢᠯ ᠤᠨ ᠭᠡᠯᠪᠡᠷᠢ ᠶᠢᠨ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠮᠡᠬᠡᠯᠡᠯ ᠢ ᠡᠰᠡᠷᠭᠦᠴᠡᠬᠦ ᠤᠬᠠᠭᠤᠯᠭ᠎ᠠ ᠪᠠ ᠰᠡᠷᠡᠮᠵᠢᠯᠡᠭᠦᠯᠭᠦ ᠬᠥᠮᠦᠵᠢᠯ ᠢ ᠥᠷᠨᠢᠭᠦᠯᠵᠦ᠂ ᠠᠷᠠᠳ ᠣᠯᠠᠨ ᠤ ︽ᠨᠠᠰᠤᠵᠢᠯ ᠤᠨ ᠠᠰᠠᠷᠠᠮᠵᠢ ᠶᠢᠨ ᠮᠥᠩᠭᠦ︾᠂ ︽ᠠᠮᠢ ᠠᠪᠤᠷᠠᠬᠤ ᠮᠥᠩᠭᠦ︾ ᠶᠢ ᠰᠠᠶᠢᠲᠤᠷ ᠰᠠᠬᠢᠨ ᠬᠠᠮᠠᠭᠠᠯᠠᠨ᠎ᠠ᠃ ᠲᠠᠪᠤ ᠳᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠦᠨᠡᠨᠴᠢ ᠢᠲᠡᠭᠡᠮᠵᠢ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠯᠡᠯᠲᠡ ᠶᠢᠨ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠷ ᠰᠠᠭᠤᠷᠢ ᠪᠤᠯᠭᠠᠬᠰᠠᠨ ᠢᠲᠡᠭᠡᠮᠵᠢ ᠶᠢᠨ ᠱᠠᠩᠨᠠᠵᠤ ᠲᠣᠷᠭᠠᠬᠤ ᠲᠣᠭᠲᠠᠴᠠ ᠶᠢ ᠪᠠᠶᠢᠭᠤᠯᠵᠤ᠂ ᠢᠲᠡᠭᠡᠮᠵᠢ ᠠᠯᠳᠠᠭᠰᠠᠳ ᠢ ᠪᠤᠴᠠᠭᠠᠨ ᠭᠠᠷᠭᠠᠬᠤ ᠲᠣᠭᠲᠠᠴᠠ ᠶᠢ ᠲᠣᠳᠣᠷᠬᠠᠶᠢᠯᠠᠵᠤ᠂ ᠢᠲᠡᠭᠡᠮᠵᠢ ᠶᠢᠨ ᠲᠠᠰ ᠬᠤᠪᠢᠶᠠᠨ ᠬᠢᠨᠠᠨ ᠬᠠᠮᠢᠶᠠᠷᠬᠤ ᠳᠦᠷᠢᠮ ᠢ ᠬᠡᠷᠡᠭᠵᠢᠭᠦᠯᠵᠦ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠨᠡᠯᠡᠯᠲᠡ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠵᠢᠷᠭᠤᠭ᠎ᠠ ᠳᠤ᠂ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠠᠮᠠᠯᠠᠯᠲᠠ ᠶᠢᠨ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠠᠷᠠᠭᠠᠰᠤ ᠠᠴᠠ ᠡᠭᠦᠰᠦᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ︽ᠨᠢᠭᠡ ᠶᠠᠪᠤᠳᠠᠯ ᠢ ᠥᠨᠳᠥᠷ ᠪᠦᠲᠦᠮᠵᠢᠲᠡᠶ ᠪᠠᠷ ᠭᠦᠢᠴᠡᠳᠬᠡᠬᠦ︾ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠰᠤᠷᠲᠠᠯ᠂ ᠵᠠᠰᠠᠭ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ᠂ ᠠᠮᠠᠯᠠᠭᠰᠠᠨ ᠢᠶᠠᠨ ᠪᠣᠳᠠᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ  ᠳᠡᠭᠡᠭᠰᠢᠯᠡᠭᠦᠯᠦᠨ᠎ᠡ᠃      ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠬᠥᠮᠥᠨ ᠤ ᠬᠦᠴᠦᠨ ᠤ   ᠡᠬᠢ  ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ︽ᠲᠥᠰᠥᠯ︾ ᠤᠨ ᠱᠠᠭᠠᠷᠳᠠᠯᠭ᠎ᠠ ᠶᠣᠰᠣᠭᠠᠷ᠂ ᠦᠨᠡᠨᠴᠢ  ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ  ᠵᠣᠬᠢᠶᠠᠨ  ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠨ᠂ ᠠᠰᠠᠭᠤᠳᠠᠯ ᠢ ᠰᠢᠢᠳᠪᠦᠷᠢᠯᠡᠬᠦ ᠪᠠᠷ ᠭᠠᠷᠳᠠᠴᠠ ᠪᠤᠯᠭᠠᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠬᠢ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠪᠣᠭᠤᠮᠲᠠ ᠰᠢᠪᠲᠤᠯᠬᠤ ᠶᠢ ᠴᠢᠩᠭ᠎ᠠ ᠠᠩᠬᠠᠷᠴᠤ᠂ ᠠᠯᠢ ᠣᠯᠠᠨ ᠪᠣᠳᠠᠲᠠᠢ ᠶᠢ ᠡᠷᠬᠢᠮᠯᠡᠭᠰᠡᠨ ᠪᠥᠭᠡᠳ ᠲᠤᠰᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠦᠭᠦ ᠰᠢᠰᠲ᠋ᠧᠮ ᠤᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ᠂ ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ᠂ ᠨᠡᠶᠢᠭᠡᠮ ᠤᠨ ᠦᠨᠡᠨᠴᠢ ᠢᠲᠡᠭᠡᠮᠵᠢ᠂ ᠬᠠᠤᠯᠢ ᠴᠠᠭᠠᠵᠠ ᠶᠢᠨ ᠣᠯᠠᠨ ᠨᠡᠶᠢᠲᠡ ᠶᠢᠨ ᠢᠲᠡᠭᠡᠮᠵᠢ ᠶᠢᠨ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号