ᠥᠰᠦᠭ ᠪᠢᠴᠢᠭ ᠤᠨ ᠲᠠᠶᠢᠯᠤᠮᠵᠢ᠄ ︽ᠦᠴᠦᠸᠠᠨ ᠰᠢᠶᠠᠨ ᠤ ᠡᠯᠡᠰᠦ ᠶᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠠᠵᠢᠯ ᠤᠨ ᠲᠥᠰᠥᠯ︾ ᠤᠨ ᠲᠠᠶᠢᠯᠤᠮᠵᠢ
ᠨᠡᠶᠢᠲᠡᠯᠡᠭᠰᠡᠨ ᠴᠠᠭ᠄
2024/3/21
     ᠨᠢᠭᠡ᠂ ᠠᠬᠤᠢ ᠪᠠᠶᠢᠳᠠᠯ ᠤᠨ ᠦᠨᠳᠦᠰᠦᠯᠡᠯ      ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠪᠣᠯᠣᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠳᠣᠷᠬᠠᠶᠢᠯᠠᠭᠰᠠᠨ ᠬᠠᠷᠠᠯᠲᠠ ᠡᠭᠦᠷᠭᠡ ᠶᠢᠨ ᠶᠣᠰᠣᠭᠠᠷ᠂ ᠣᠨᠴᠣᠭᠤᠶᠢᠯᠠᠨ ᠲᠣᠰ ᠲᠥᠰᠥᠯ ᠢ ᠲᠣᠭᠲᠠᠭᠠᠪᠠ᠃      ᠬᠤᠶᠠᠷ᠂ ᠬᠠᠷᠠᠯᠲᠠ ᠡᠭᠦᠷᠭᠡ      ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ 2025 ᠣᠨ ᠪᠣᠯᠬᠤ ᠳᠤ᠂ ᠪᠦᠬᠦ ᠰᠢᠶᠠᠨ ᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ 550 ᠲᠦᠮᠡᠨ ᠺᠢᠯᠣᠸᠠᠲ ᠲᠤ ᠬᠦᠷᠭᠡᠵᠦ᠂ ᠦᠢᠯᠡᠳᠬᠦᠨ ᠤ ᠦᠷᠳᠡᠭ ᠢ 46 ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠶᠢᠯᠢ ᠶᠢᠨ ᠣᠷᠣᠯᠭ᠎ᠠ ᠶᠢ 5 ᠳ᠋ᠦᠩᠰᠢᠭᠤᠷ ᠲᠥᠭᠦᠷᠢᠭ ᠲᠤ ᠬᠦᠷᠭᠡᠨ᠎ᠡ᠃ ᠡᠭᠦᠨ ᠤ ᠬᠠᠮᠲᠤ᠂ ᠴᠠᠬᠢᠯᠭᠠᠨ ᠬᠦᠴᠦᠨ ᠤ ᠪᠦᠲᠦᠴᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠪᠣᠬᠢᠷᠲᠤᠯ ᠦᠭᠡᠢ ᠴᠠᠬᠢᠯᠭᠠᠨ ᠤ ᠰᠢᠩᠭᠡᠭᠡᠯᠲᠡ ᠶᠢ ᠠᠯᠬᠤᠮ ᠠᠯᠬᠤᠮ ᠢᠶᠠᠷ ᠪᠠᠶᠢᠭᠤᠯᠵᠤ᠂ ᠣᠷᠣᠨ ᠤ ᠲᠥᠪ ᠤᠨ ᠴᠢᠬᠤᠯᠠ ᠴᠡᠪᠡᠷ ᠡᠨᠧᠷᠭᠢ ᠭᠠᠷᠭᠠᠬᠤ ᠰᠠᠭᠤᠷᠢᠨ ᠭᠠᠵᠠᠷ ᠢ ᠲᠣᠭᠲᠠᠭᠤᠨ ᠢᠶᠠᠷ ᠪᠠᠶᠢᠭᠤᠯᠤᠨ᠎ᠠ᠃      ᠭᠤᠷᠪᠠ᠂ ᠭᠤᠣᠯ ᠠᠭᠤᠯᠭ᠎ᠠ      ︵ᠨᠢᠭᠡ︶ ᠰᠠᠯᠬᠢᠨ ᠬᠦᠴᠦᠨ ᠤ ᠴᠠᠬᠢᠯᠭᠠᠨ᠂ ᠬᠡᠷᠡᠯ ᠴᠡᠨᠡᠭ ᠤᠨ ᠬᠠᠮᠵᠢᠯᠴᠠᠨ ᠬᠥᠭᠵᠢᠬᠦ ᠶᠢ ᠲᠦᠷᠭᠡᠳᠬᠡᠨ ᠠᠬᠢᠭᠤᠯᠵᠤ᠂ ᠡᠨᠧᠷᠭᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠰᠲ᠋ᠧᠮᠵᠢ ᠶᠢ ᠪᠠᠶᠢᠭᠤᠯᠤᠨ᠎ᠠ᠃      1. ᠵᠠᠭᠤᠨ ᠲᠦᠮᠡᠨ ᠺᠢᠯᠣᠸᠠᠲ ᠤᠨ ᠲᠠᠰ ᠤᠨ ᠥᠩᠭᠡ ᠦᠵᠡᠮᠵᠢ ᠶᠢᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠤᠨ᠎ᠠ᠃      2. ᠡᠨᠧᠷᠭᠢ ᠬᠠᠳᠠᠭᠠᠯᠠᠵᠤ ᠤᠷᠬᠢᠯ ᠢ ᠲᠣᠬᠢᠷᠠᠭᠤᠯᠬᠤ ᠴᠠᠬᠢᠯᠭᠠᠨ ᠥᠷᠳᠡᠭᠡ ᠶᠢ ᠲᠦᠷᠭᠡᠳᠬᠡᠨ ᠪᠠᠶᠢᠭᠤᠯᠤᠨ᠎ᠠ᠃      3. ᠴᠠᠬᠢᠯᠭᠠᠨ ᠤ ᠲᠣᠣᠷ ᠤᠨ ᠲᠣᠣᠷ ᠤᠨ ᠪᠦᠲᠦᠴᠡ ᠶᠢ ᠪᠥᠬᠦ ᠲᠠᠯ᠎ᠠ ᠪᠠᠷ ᠰᠢᠯᠢᠳᠡᠭᠵᠢᠭᠦᠯᠦᠨ᠎ᠡ᠃      ︵ᠬᠤᠶᠠᠷ︶ ᠡᠨᠧᠷᠭᠢ ᠶᠢᠨ ᠬᠠᠩᠭᠠᠯᠭ᠎ᠠ ᠪᠠ ᠬᠡᠷᠡᠭᠯᠡᠭᠡᠨ ᠤ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ ᠴᠠᠬᠢᠯᠭᠠᠨ ᠬᠦᠴᠦᠨ ᠤ ᠰᠢᠩᠭᠡᠭᠡᠯᠲᠡ ᠶᠢᠨ ᠰᠠᠭᠤᠷᠢᠨ ᠭᠠᠵᠠᠷ ᠢ ᠪᠠᠶᠢᠭᠤᠯᠤᠨ᠎ᠠ᠃      4. ᠵᠠᠬ᠎ᠠ ᠳᠡᠯᠭᠡᠭᠦᠷᠴᠢᠯᠡᠭᠰᠡᠨ ᠰᠢᠨ᠎ᠡ ᠡᠨᠧᠷᠭᠢ ᠶᠢᠨ ᠰᠢᠩᠭᠡᠭᠡᠯᠲᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠴᠢᠷᠮᠠᠶᠢᠨ ᠬᠢᠨ᠎ᠡ᠃      5. ᠨᠡᠭᠦᠷᠡᠰᠦᠲᠥ᠋ᠷᠥᠭᠴᠢ ᠦᠭᠡᠢ ᠦᠢᠯᠡᠳᠪᠦᠷᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠦᠨ᠎ᠡ᠃      6. ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠬᠡᠷᠡᠭᠯᠡᠭᠡ ᠶᠢ ᠥᠷᠭᠡᠳᠬᠡᠨ᠎ᠡ᠃      7. ᠪᠦᠬᠦ ᠰᠢᠶᠠᠨ ᠤ ᠱᠠᠲᠤᠨ ᠤ ᠰᠢᠨ᠎ᠡ ᠡᠨᠧᠷᠭᠢ ᠪᠠᠷ ᠳᠤᠯᠠᠭᠠᠯᠠᠭ᠎ᠠ ᠬᠠᠩᠭᠠᠬᠤ ᠲᠤᠷᠰᠢᠯᠲᠠ ᠶᠢᠨ ᠵᠢᠱᠢᠶ᠎ᠡ ᠦᠵᠡᠭᠦᠯᠬᠦ ᠲᠥᠷᠥᠯ ᠵᠦᠢᠯ ᠢ ᠪᠠᠶᠢᠭᠤᠯᠤᠨ᠎ᠠ᠃      ︵ᠭᠤᠷᠪᠠ︶ ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠦᠨᠡᠮᠯᠡᠯ ᠤᠨ ᠠᠷᠠᠯᠵᠢᠶ᠎ᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠬᠥᠭᠵᠢᠯᠲᠡ ᠶᠢᠨ ᠠᠮᠢ ᠠᠬᠤᠢ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃      8. ᠪᠣᠬᠢᠷᠲᠤᠯ ᠦᠭᠡᠢ ᠴᠠᠬᠢᠯᠭᠠᠨ ᠪᠣᠬᠢᠷᠲᠤᠯ ᠦᠭᠡᠢ ᠦᠨᠡᠮᠯᠡᠯ ᠤᠨ ᠠᠷᠠᠯᠵᠢᠶ᠎ᠠ ᠶᠢᠨ ᠦᠢᠯᠡᠴᠢᠯᠡᠭᠡᠨ ᠢ ᠥᠷᠨᠢᠭᠦᠯᠦᠨ᠎ᠡ᠃      9. ᠣᠯᠠᠨ ᠠᠷᠭ᠎ᠠ ᠵᠠᠮ ᠢᠶᠠᠷ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ ᠪᠠᠭᠤᠷᠠᠭᠤᠯᠬᠤ ᠶᠢ ᠠᠬᠢᠭᠤᠯᠤᠨ᠎ᠠ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ᠰᠦᠨ ᠱᠣᠣ ᠴᠧᠩ ᠱᠦᠵᠢ ᠶᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠯ ᠠᠴᠠ ᠲᠣᠬᠢᠷᠠᠭᠤᠯᠤᠨ ᠪᠠᠶᠢᠷᠢᠯᠠᠭᠤᠯᠤᠭᠰᠠᠨ ︽ᠵᠢᠷᠭᠤᠭᠠᠨ ᠢᠨᠵᠧᠨᠧᠷᠢᠩ︾ ᠢ ᠴᠢᠩᠭ᠎ᠠ ᠠᠳᠬᠤᠨ ᠲᠦᠷᠭᠡᠨ ᠡᠷᠬᠢᠯᠡᠵᠦ᠂ ᠨᠠᠶᠢᠳᠠᠪᠤᠷᠢᠵᠢᠭᠤᠯᠤᠯᠲᠠ ᠶᠢ ᠴᠢᠨᠠᠷ ᠰᠠᠶᠢᠲᠠᠢ ᠰᠠᠶᠢᠲᠤᠷ ᠠᠳᠬᠤᠵᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠪᠣᠯᠣᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠦᠴᠦᠸᠠᠨ ᠰᠢᠶᠠᠨ ᠤ ︽ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ︾ ᠢ ᠠᠬᠢᠭᠤᠯᠬᠤ ᠠᠵᠢᠯ ᠤᠨ ᠲᠤᠰᠬᠠᠢ ᠠᠩᠭᠢ ᠪᠠᠶᠢᠭᠤᠯᠬᠤ ᠪᠠᠷ ᠲᠣᠭᠲᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号