ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠨᠡᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/3/21
     ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠲᠦᠷᠦᠭᠦᠬᠡᠨ ︽ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠨᠠᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠠᠵᠢᠯᠯᠠᠭ᠎ᠠ ᠶᠢᠨ ᠲᠥᠰᠥᠯ︾ ︵ᠳᠣᠷᠣᠭᠰᠢ ︽ᠠᠵᠢᠯᠯᠠᠭ᠎ᠠ ᠶᠢᠨ ᠲᠥᠰᠥᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃ ︽ᠠᠵᠢᠯᠯᠠᠭ᠎ᠠ ᠶᠢᠨ ᠲᠥᠰᠥᠯ︾ ᠳᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠣᠷᠤᠯᠴᠠᠬᠤ᠂ ᠳᠤᠮᠳᠠᠳᠤ ᠤᠯᠤᠰ ᠤᠨ ᠠᠵᠤ ᠠᠬᠤᠢ ᠪᠣᠯᠣᠨ ᠳᠡᠯᠡᠬᠡᠢ ᠶᠢᠨ ᠠᠵᠤ ᠠᠬᠤᠢ ᠶᠢᠨ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠴᠢᠬᠤᠯᠠ ᠬᠦᠴᠦᠨ ᠮᠥᠨ᠂ ᠨᠠᠩ ᠶᠡᠭᠡ ᠡᠷᠴᠢᠮ ᠢᠶᠠᠷ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠳᠤ ᠡᠷᠬᠡᠪᠰᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠵᠤ᠂ ᠭᠠᠳᠠᠭᠠᠳᠤ ᠪᠡᠯᠡ ᠶᠢᠨ ᠳᠤᠮᠳᠠᠳᠤ ᠤᠯᠤᠰ ᠲᠠᠬᠢ ᠬᠥᠭᠵᠢᠯᠲᠡ ᠶᠢᠨ ᠢᠲᠡᠭᠡᠯ ᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ︽ᠠᠵᠢᠯᠯᠠᠭ᠎ᠠ ᠶᠢᠨ ᠲᠥᠰᠥᠯ︾ ᠳᠤ 5 ᠲᠠᠯ᠎ᠠ ᠶᠢᠨ 24 ᠵᠦᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠵᠠᠬ᠎ᠠ ᠳᠡᠯᠭᠡᠭᠦᠷ   ᠲᠤ ᠣᠷᠣᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠴᠢᠯᠦᠭᠡᠵᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠣᠷᠣᠬᠤ ᠶᠢ ᠵᠥᠪᠰᠢᠶᠡᠷᠡᠬᠦ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠵᠦᠢ ᠵᠣᠬᠢᠰᠲᠠᠢ ᠪᠠᠷ ᠪᠠᠭᠠᠰᠬᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠨ ᠳᠠᠬᠢ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠣᠷᠣᠬᠤ ᠵᠥᠪᠰᠢᠶᠡᠷᠡᠯ ᠢ ᠠᠭᠤᠵᠢᠭᠤ ᠪᠤᠯᠭᠠᠬᠤ ᠲᠤᠷᠰᠢᠯᠲᠠ ᠶᠢ ᠥᠷᠨᠢᠭᠦᠯᠵᠦ᠂ ᠪᠠᠩᠬᠢ ᠳᠠᠭᠠᠳᠬᠠᠯ ᠤᠨ ᠬᠦᠷᠢᠶᠡᠨ ᠳᠠᠬᠢ ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠣᠷᠣᠬᠤ ᠵᠥᠪᠰᠢᠶᠡᠷᠡᠯ ᠤᠨ ᠬᠡᠪᠴᠢᠶ᠎ᠡ ᠶᠢ ᠥᠷᠭᠡᠳᠬᠡᠵᠦ᠂ ᠭᠠᠳᠠᠭᠠᠳᠤ ᠪᠡᠯᠡ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠤᠯᠤᠰ ᠤᠨ ᠳᠣᠲᠣᠭᠠᠳᠤ ᠶᠢᠨ ᠵᠢᠭᠡᠯᠡᠯᠭᠡ ᠶᠢᠨ ᠲᠡᠮᠳᠡᠭᠲᠦ ᠶᠢᠨ ᠵᠠᠬ᠎ᠠ ᠳᠡᠯᠭᠡᠭᠦᠷ ᠲᠤ ᠣᠷᠤᠯᠴᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠶᠢ ᠥᠷᠭᠡᠳᠬᠡᠵᠦ᠂ ᠬᠢᠷᠢ ᠲᠡᠩᠴᠡᠭᠰᠡᠨ ᠬᠢᠯᠢ ᠶᠢᠨ ᠭᠠᠳᠠᠨᠠᠬᠢ ᠬᠢᠵᠠᠭᠠᠷᠲᠤ ᠬᠤᠷᠰᠢᠭᠴᠢ ᠶᠢᠨ ᠬᠢᠯᠢ ᠶᠢᠨ ᠳᠣᠲᠣᠷ᠎ᠠ ᠪᠡᠯᠡ ᠣᠷᠣᠭᠤᠯᠬᠤ ᠲᠤᠷᠰᠢᠯᠲᠠ ᠶᠢ ᠭᠦᠨᠵᠡᠭᠡᠢ ᠬᠡᠷᠡᠭᠵᠢᠭᠦᠯᠦᠨ᠎ᠡ᠃ ᠬᠤᠶᠠᠷ ᠲᠤ᠂ ᠲᠦᠷᠦ ᠶᠢᠨ ᠪᠣᠳᠣᠯᠭ᠎ᠠ ᠶᠢᠨ ᠡᠷᠴᠢᠮ ᠢ ᠴᠢᠩᠭᠠᠷᠠᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠢ ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠬᠤ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ ᠪᠠ ᠭᠠᠳᠠᠭᠠᠳᠤ ᠪᠡᠯᠡ ᠶᠢᠨ ᠲᠦᠷᠦᠯ ᠵᠦᠢᠯ ᠤᠨ ᠨᠠᠷᠢᠨ ᠳᠠᠩᠰᠠ ᠶᠢ ᠥᠷᠭᠡᠳᠬᠡᠵᠦ᠂ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠨ᠂ ᠳᠤᠮᠳᠠ ᠬᠡᠰᠡᠭ ᠪᠠᠷᠠᠭᠤᠨ ᠣᠷᠣᠨ ᠪᠠ ᠵᠡᠭᠦᠨ ᠬᠤᠶᠢᠲᠤ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠶᠢ ᠳᠡᠮᠵᠢᠨ᠎ᠡ᠃ ᠭᠤᠷᠪᠠ ᠳᠤ᠂ ᠡᠷᠬᠡ ᠲᠡᠭᠰᠢ ᠪᠠᠷ ᠥᠷᠢᠰᠦᠯᠳᠦᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠳᠤ ᠰᠠᠶᠢᠲᠤᠷ ᠦᠢᠯᠡᠴᠢᠯᠡᠨ᠎ᠡ᠃ ᠡᠷᠬᠡ ᠲᠡᠭᠰᠢ ᠪᠠᠷ ᠥᠷᠢᠰᠦᠯᠳᠦᠬᠦ ᠵᠠᠷᠴᠢᠮ ᠠᠴᠠ ᠵᠥᠷᠢᠴᠡᠭᠰᠡᠨ ᠦᠢᠯᠡ ᠠᠵᠢᠯᠯᠠᠭ᠎ᠠ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠢᠯᠭᠠᠷᠠᠭᠤᠯᠵᠤ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠦᠷᠢᠮ ᠢ ᠲᠡᠭᠦᠯᠳᠡᠷᠵᠢᠭᠦᠯᠦᠨ᠂ ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠡᠷᠬᠡ ᠲᠡᠭᠰᠢ ᠪᠠᠷ ᠣᠷᠣᠯᠴᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠨᠵᠢᠯᠡᠬᠦ ᠤᠬᠠᠭᠠᠨᠴᠢᠯᠠᠭᠰᠠᠨ ᠲᠦᠪᠰᠢᠨ ᠢ ᠳᠡᠭᠡᠭᠰᠢᠯᠡᠭᠦᠯᠦᠨ᠂ ︽ᠳᠤᠮᠳᠠᠳᠤ ᠤᠯᠤᠰ ᠲᠤ ᠪᠡᠯᠡ ᠣᠷᠣᠭᠤᠯᠬᠤ︾ᠲᠦᠷᠦᠯ ᠲᠡᠮᠳᠡᠭ ᠢ ᠦᠷᠭᠦᠯᠵᠢᠯᠡᠨ ᠡᠭᠦᠳᠴᠦ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠦᠢᠯᠡᠴᠢᠯᠡᠭᠡ ᠶᠢ ᠴᠢᠩᠭᠠᠳᠬᠠᠨ᠎ᠠ᠃ ᠳᠥᠷᠪᠡ ᠳᠤ᠂ ᠰᠢᠨ᠎ᠡ ᠶᠢ ᠡᠭᠦᠳᠬᠦ ᠡᠯᠧᠮᠧᠨ᠋ᠲ ᠤᠨ ᠰᠢᠯᠵᠢᠯᠲᠡ ᠶᠢ ᠰᠢᠯᠤᠭᠤᠳᠬᠠᠵᠤ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠠᠬᠢᠭᠤᠯᠤᠨ᠎ᠠ᠃ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠬᠢᠭᠡᠳ ᠶᠡᠷᠦᠩᠬᠡᠢ ᠬᠡᠯᠲᠡᠰ ᠤᠨ ᠲᠤᠭ᠎ᠠ ᠪᠠᠷᠢᠮᠲᠠ ᠶᠢᠨ ᠰᠢᠯᠵᠢᠯᠲᠡ ᠶᠢ ᠳᠡᠮᠵᠢᠵᠦ᠂ ᠣᠯᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠠᠵᠢᠯᠲᠠᠨ ᠤ ᠶᠠᠪᠤᠯᠴᠠᠭ᠎ᠠ ᠳᠤ ᠲᠥᠭᠦᠮ ᠦᠵᠡᠭᠦᠯᠦᠨ᠂ ᠭᠠᠳᠠᠭᠠᠳᠤ ᠶᠢᠨ ᠬᠥᠮᠥᠨ ᠤ ᠳᠤᠮᠳᠠᠳᠤ ᠤᠯᠤᠰ ᠲᠤ ᠠᠵᠢᠯᠯᠠᠬᠤ ᠪᠠ ᠣᠷᠣᠰᠢᠨ ᠰᠠᠭᠤᠬᠤ ᠵᠥᠪᠰᠢᠶᠡᠷᠡᠯ ᠤᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠭᠤᠯᠤᠮᠵᠢ ᠶᠢᠨ ᠬᠠᠮᠲᠤᠷᠠᠯᠴᠠᠨ ᠰᠢᠨ᠎ᠡ ᠶᠢ ᠡᠭᠦᠳᠬᠦ ᠶᠢ ᠳᠡᠮᠵᠢᠨ᠎ᠡ᠃ ᠲᠠᠪᠤ ᠳᠤ᠂ ᠤᠯᠤᠰ ᠤᠨ ᠳᠣᠲᠣᠭᠠᠳᠤ ᠶᠢᠨ ᠳᠦᠷᠢᠮ ᠢ ᠲᠡᠭᠦᠯᠳᠡᠷᠵᠢᠭᠦᠯᠵᠦ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ  ᠲᠠᠢ ᠨᠠᠩ ᠰᠠᠶᠢᠲᠤᠷ ᠵᠣᠯᠭᠠᠭᠤᠯᠤᠨ᠎ᠠ᠃ ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠬᠢᠯᠢ ᠠᠯᠤᠰᠯᠠᠨ ᠰᠢᠯᠵᠢᠭᠦ ᠳᠦᠷᠢᠮ ᠢ ᠪᠦᠷᠢᠨᠰᠢᠭᠦᠯᠵᠦ᠂ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠵᠥᠪᠯᠡᠯᠴᠡᠭᠡ ᠬᠡᠯᠡᠯᠴᠡᠭᠡ ᠵᠢᠴᠢ ᠬᠡᠷᠡᠭᠵᠢᠭᠦᠯᠦᠯᠲᠡ ᠶᠢ ᠢᠳᠡᠪᠬᠢᠲᠡᠢ ᠠᠬᠢᠭᠤᠯᠵᠤ᠂ ᠣᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠲᠤᠷᠰᠢᠯᠲᠠ ᠶᠢᠨ ᠴᠡᠭ ᠤᠨ ᠡᠷᠴᠢᠮ ᠢ ᠴᠢᠩᠭᠠᠷᠠᠭᠤᠯᠤᠨ᠎ᠠ᠃      ︽ᠠᠵᠢᠯᠯᠠᠭ᠎ᠠ ᠶᠢᠨ ᠲᠥᠰᠥᠯ︾ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ  ᠠᠴᠠ ᠪᠠᠨ ᠠᠵᠢᠯᠯᠠᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠢ᠃ ᠡᠯ᠎ᠡ ᠭᠠᠵᠠᠷ ᠣᠷᠣᠨ ᠨᠢ ᠣᠷᠴᠢᠨ ᠨᠥᠬᠦᠴᠡᠯ ᠢ ᠪᠤᠶ ᠪᠤᠯᠭᠠᠬᠤ᠂ ᠦᠢᠯᠡᠴᠢᠯᠡᠭᠡ ᠶᠢ ᠰᠠᠶᠢᠵᠢᠷᠠᠭᠤᠯᠬᠤ ᠲᠠᠯ᠎ᠠ ᠪᠠᠷ ᠨᠠᠩ ᠶᠡᠭᠡ ᠬᠦᠴᠦ ᠣᠷᠣᠭᠤᠯᠵᠤ᠂ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠪᠣᠳᠠᠲᠠᠢ ᠠᠰᠠᠭᠤᠳᠠᠯ ᠢᠶᠠᠷ ᠰᠢᠪᠲᠤᠯᠤᠯᠲᠠ ᠶᠢᠨ ᠴᠡᠭ ᠪᠤᠯᠭᠠᠵᠤ᠂ ᠰᠢᠨ᠎ᠡ ᠶᠢ ᠡᠭᠦᠳᠬᠦ ᠰᠡᠳᠬᠢᠬᠦᠢ ᠪᠠᠷ ᠵᠥᠷᠢᠴᠡᠯ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠤᠳ ᠡᠯ᠎ᠡ ᠵᠦᠢᠯ ᠤᠨ ᠡᠭᠦᠷᠭᠡ ᠶᠢ ᠱᠠᠯᠠᠪᠳᠠᠨ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠭᠲᠠᠭᠠᠨ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠵᠢᠯᠣᠭᠤᠳᠤᠯᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠮᠥᠷᠳᠡᠨ ᠦᠨᠡᠯᠡᠨ ᠵᠢᠱᠢᠵᠦ᠂ ᠴᠠᠭ ᠲᠤᠨᠢ ᠲᠣᠬᠢᠷᠠᠭᠤᠯᠤᠨ ᠲᠤᠷᠰᠢᠯᠭ᠎ᠠ ᠪᠠᠨ ᠳ᠋ᠦᠩᠨᠡᠨ᠂ ᠵᠢᠷᠤᠮᠯᠠᠨ ᠳᠠᠭᠠᠵᠤ ᠳᠡᠯᠭᠡᠷᠡᠭᠦᠯᠬᠦ ᠬᠡᠷᠡᠭᠲᠡᠢ ᠭᠡᠵᠦ ᠱᠠᠭᠠᠷᠳᠠᠪᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 19 ᠤ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号