3 ᠰᠠᠷ᠎ᠠ ᠶᠢᠨ 22 ᠤᠨ ᠡᠳᠦᠷ᠂ ᠦᠴᠦᠸᠠᠨ ᠰᠢᠶᠠᠨ ᠤ ᠤᠰᠤᠨ ᠤ ᠶᠠᠪᠤᠳᠠᠯ ᠤᠨ ᠲᠣᠪᠴᠢᠶ᠎ᠠ ︽ᠳᠡᠯᠡᠬᠡᠢ ᠶᠢᠨ | ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠣᠯᠠᠨ ᠨᠡᠶᠢᠲᠡ ᠶᠢᠨ ᠤᠰᠤᠨ ᠤ ᠡᠬᠢ ᠪᠠᠶᠠᠯᠢᠭ ᠤᠨ ᠴᠢᠬᠤᠯᠠ | ᠴᠢᠨᠠᠷ ᠤᠨ ᠲᠤᠬᠠᠢ ᠠᠩᠬᠠᠷᠤᠯ ᠢ ᠲᠠᠲᠠᠵᠤ᠂ ᠬᠥᠮᠥᠨ ᠨᠢᠭᠡᠪᠦᠷᠢ ᠴᠥᠮ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ | ᠤᠰᠤᠨ ᠤ ᠡᠬᠢ ᠪᠠᠶᠠᠯᠢᠭ ᠢ ᠬᠠᠮᠲᠤ ᠪᠠᠷ ᠬᠠᠮᠠᠭᠠᠯᠠᠵᠤ᠂ ᠳᠡᠯᠡᠬᠡᠢ ᠶᠢᠨ ᠪᠥᠮᠪᠥᠷᠴᠡᠭ ᠭᠡᠷ ᠣᠷᠣᠨ ᠢᠶᠠᠨ | ᠬᠠᠮᠠᠭᠠᠯᠠᠬᠤ ᠶᠢ ᠤᠷᠢᠶᠠᠯᠠᠬᠤ ᠶᠢᠨ ᠲᠥᠯᠥᠭᠡ ᠶᠤᠮ᠃ | | | | | | ᠠᠵᠢᠯᠯᠠᠭ᠎ᠠ ᠶᠢᠨ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ | ᠲᠠᠯᠠᠪᠤᠷ ᠲᠤ ᠲᠠᠶᠢᠯᠤᠮᠵᠢ ᠬᠢᠬᠦ᠂ ᠬᠥᠨᠳᠡᠯᠡᠨ ᠪᠢᠴᠢᠭᠡᠰᠦ ᠡᠯᠭᠦᠬᠦ ᠪᠠ ᠳᠡᠯᠭᠡᠨ ᠦᠵᠡᠭᠦᠯᠬᠦ ᠰᠠᠮᠪᠠᠷ᠎ᠠ ᠲᠠᠯᠪᠢᠬᠤ ᠵᠡᠷᠭᠡ | ᠬᠡᠯᠪᠡᠷᠢ ᠪᠠᠷ ᠳᠠᠮᠵᠢᠭᠤᠯᠤᠨ᠂ ᠰᠠᠭᠤᠭᠠᠯᠢ ᠠᠷᠠᠳ ᠲᠤ ᠤᠰᠤ ᠠᠷᠪᠢᠯᠠᠬᠤ ᠮᠡᠳᠡᠯᠭᠡ ᠪᠠ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠵᠦ᠂ ᠤᠰᠤᠨ ᠤ ᠡᠬᠢ ᠪᠠᠶᠠᠯᠢᠭ ᠤᠨ ᠣᠳᠣᠬᠢ ᠪᠠᠶᠢᠳᠠᠯ᠂ ᠤᠰᠤ ᠶᠢ | ᠠᠷᠪᠢᠯᠠᠵᠤ ᠬᠡᠷᠡᠭᠯᠡᠬᠦ ᠶᠢᠨ ᠠᠴᠢ ᠬᠤᠯᠪᠣᠭᠳᠠᠯ ᠪᠠ ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠦᠲᠦᠮᠵᠢᠲᠡᠶ ᠠᠷᠭ᠎ᠠ | ᠬᠡᠮᠵᠢᠶ᠎ᠡ ᠵᠡᠷᠭᠡ ᠶᠢ ᠤᠬᠠᠭᠤᠯᠤᠨ ᠲᠠᠶᠢᠯᠪᠤᠷᠢᠯᠠᠵᠤ᠂ ᠰᠠᠭᠤᠭᠠᠯᠢ ᠠᠷᠠᠳ ᠤᠨ ᠤᠰᠤ ᠶᠢ ᠠᠷᠪᠢᠯᠠᠵᠤ ᠬᠡᠷᠡᠭᠯᠡᠬᠦ ᠰᠠᠶᠢᠨ | ᠰᠠᠶᠢᠬᠠᠨ ᠳᠠᠳᠬᠠᠯ ᠲᠠᠢ ᠪᠣᠯᠬᠤ ᠶᠢ ᠰᠠᠨᠠᠭᠠᠴᠢᠯᠠᠵᠤ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ | ᠴᠢᠩᠭᠠᠳᠬᠠᠪᠠ᠃ | ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠪᠦᠬᠦ ᠰᠢᠶᠠᠨ ᠤ ᠳᠡᠭᠡᠳᠦ ᠳᠣᠣᠷᠠᠳᠤ ᠱᠠᠲᠤ ᠶᠢ | ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠤᠰᠤ ᠶᠢ ᠵᠠᠰᠠᠬᠤ᠂ ᠤᠰᠤ ᠶᠢ ᠴᠢᠩᠭ᠎ᠠ ᠬᠠᠮᠢᠶᠠᠷᠬᠤ᠂ | ᠰᠢᠨᠵᠢᠯᠡᠬᠦ ᠤᠬᠠᠭᠠᠨ ᠮᠡᠷᠭᠡᠵᠢᠯ ᠢᠶᠠᠷ ᠤᠰᠤ ᠶᠢ ᠬᠥᠭᠵᠢᠭᠦᠯᠬᠦ᠂ ᠤᠰᠤ ᠶᠢ ᠵᠣᠬᠢᠰᠲᠠᠢ ᠬᠡᠷᠡᠭᠯᠡᠬᠦ ᠰᠠᠶᠢᠨ ᠰᠠᠶᠢᠬᠠᠨ ᠬᠡᠪ | ᠰᠤᠷᠲᠠᠯ ᠢ ᠪᠤᠶ ᠪᠣᠯᠭᠠᠵᠤ᠂ ᠰᠠᠭᠤᠭᠠᠯᠢ ᠠᠷᠠᠳ ᠲᠤ ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ᠂ ᠤᠰᠤ ᠶᠢ | ᠬᠠᠮᠠᠭᠠᠯᠠᠬᠤ ᠤᠬᠠᠮᠰᠠᠷ ᠢ ᠲᠠᠰᠤᠷᠠᠯᠲᠠ ᠦᠭᠡᠢ ᠨᠡᠮᠡᠭᠳᠡᠭᠦᠯᠵᠦ᠂ ᠤᠯᠠᠨ ᠲᠦᠮᠡᠨ ᠤ ᠤᠰᠤᠨ ᠤ ᠡᠬᠢ ᠪᠠᠶᠠᠯᠢᠭ ᠢ | ᠬᠠᠮᠲᠤᠪᠠᠷ ᠠᠩᠬᠠᠷᠬᠤ ᠶᠢ ᠠᠬᠢᠭᠤᠯᠵᠤ᠂ ᠪᠦᠬᠦ ᠨᠡᠶᠢᠭᠡᠮ ᠤᠨ ᠤᠰᠤ ᠠᠷᠪᠢᠯᠠᠬᠤ ᠰᠢᠨ᠎ᠡ ᠬᠡᠪ ᠰᠤᠷᠲᠠᠯ ᠢ ᠪᠤᠢ | ᠪᠣᠯᠭᠠᠵᠤ᠂ ᠤᠯᠠᠨ ᠲᠦᠮᠡᠨ ᠳᠤ ᠤᠰᠤᠨ ᠤ ᠡᠬᠢ ᠪᠠᠶᠠᠯᠢᠭ ᠤᠨ ᠴᠢᠬᠤᠯᠠ ᠴᠢᠨᠠᠷ ᠢ ᠳᠠᠬᠢᠨ ᠲᠠᠨᠢᠭᠤᠯᠵᠤ᠂ ᠨᠡᠩ | ᠤᠯᠠᠨ ᠬᠥᠮᠥᠨ ᠢ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠤᠰᠤ ᠶᠢ ᠠᠷᠪᠢᠯᠠᠨ ᠬᠡᠷᠡᠭᠯᠡᠵᠦ᠂ ᠳᠡᠯᠡᠬᠡᠢ ᠶᠢᠨ | ᠪᠥᠮᠪᠥᠷᠴᠡᠭ ᠣᠷᠴᠢᠨ ᠲᠣᠭᠤᠷᠢᠨ ᠢ ᠬᠠᠶᠢᠷᠠᠯᠠᠨ ᠬᠠᠮᠠᠭᠠᠯᠠᠬᠤ ᠪᠣᠯᠭᠠᠪᠠ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |