ᠪᠦᠬᠦ ᠰᠢᠶᠠᠨ ᠤ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/22
     3 ᠰᠠᠷ᠎ᠠ ᠶᠢᠨ 20  ᠤ ᠡᠳᠦᠷ᠂ ᠦᠴᠦᠸᠠᠨ ᠰᠢᠶᠠᠨ ᠤ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠷᠠᠯ ᠠᠴᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠢᠳᠤᠨᠤᠨ ᠤ ᠠᠵᠢᠯ ᠢᠶᠠᠨ ᠡᠷᠭᠢᠴᠡᠭᠦᠯᠦᠨ ᠳ᠋ᠦᠩᠨᠡᠵᠦ᠂ ᠡᠨᠡ ᠵᠢᠯ ᠤᠨ ᠡᠭᠦᠷᠭᠡ ᠶᠢ ᠰᠤᠳᠤᠯᠤᠨ ᠪᠠᠶᠢᠷᠢᠯᠠᠭᠤᠯᠵᠤ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠴᠢᠨᠠᠭᠰᠢᠳᠠ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃ ᠰᠢᠶᠠᠨ ᠤ ᠤᠳᠤᠷᠢᠳᠤᠯᠭ᠎ᠠ ᠶᠢᠨ ᠱᠣᠸ ᠯᠢᠨ᠂ ᠸᠠᠩ ᠳ᠋ᠦᠩ ᠸᠧᠨ᠂ ᠯᠢ ᠮᠢᠨ᠂ ᠬᠦᠶ ᠭᠦᠸᠧ ᠰᠢᠨ ᠵᠢᠴᠢ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠴᠠᠩ ᠶᠤᠸᠠᠢ ᠱᠸᠦ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠱᠣᠣ ᠯᠢᠨ ᠪᠦᠬᠦ ᠰᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠠᠵᠢᠯ ᠢ ᠳ᠋ᠦᠩᠨᠡᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ᠂ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠮᠢᠨ ᠪᠦᠬᠦ ᠰᠢᠶᠠᠨ ᠤ ᠰᠤᠷᠲᠠᠯ ᠤᠬᠠᠭᠤᠯᠭ᠎ᠠ ᠰᠣᠶᠣᠯ ᠤᠨ ᠠᠵᠢᠯ ᠢ ᠳ᠋ᠦᠩᠨᠡᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠸᠥ᠋ᠨ ᠪᠦᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠢ ᠳ᠋ᠦᠩᠨᠡᠨ ᠪᠠᠶᠢᠷᠢᠯᠠᠭᠤᠯᠪᠠ᠃      ᠬᠤᠷᠠᠯ ᠠᠴᠠ᠂ ᠨᠠᠮ ᠤᠨ ᠪᠠᠶᠢᠭᠤᠯᠤᠯᠲᠠ ᠶᠢᠨ ᠠᠵᠢᠯ ᠪᠣᠯ ᠠᠯᠢᠪᠠ ᠠᠵᠢᠯ ᠤᠨ ᠰᠠᠭᠤᠷᠢ ᠪᠠ ᠤᠷᠢᠲᠠᠯ ᠮᠥᠨ᠂ ᠶᠠᠮᠠᠷᠪᠠ ᠠᠵᠢᠯ ᠢ ᠰᠠᠶᠢᠲᠤᠷ ᠬᠢᠬᠦ ᠳᠤ ᠴᠥᠮ ᠨᠠᠮ ᠤᠨ ᠪᠠᠶᠢᠭᠤᠯᠤᠯᠲᠠ ᠶᠢᠨ ᠵᠢᠯᠣᠭᠤᠳᠤᠯᠭ᠎ᠠ ᠠᠴᠠ ᠰᠠᠯᠵᠤ ᠴᠢᠳᠠᠬᠤ ᠦᠭᠡᠢ ᠶᠤᠮ᠃ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠥᠷᠥ ᠬᠠᠤᠯᠢ ᠴᠠᠭᠠᠵᠠ ᠶᠢᠨ ᠠᠵᠢᠯ ᠪᠣᠯ ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠦᠢᠯᠡᠳᠦᠯ ᠨᠢ ᠴᠢᠬᠤᠯᠠ᠂ ᠪᠠᠶᠢᠷᠢ ᠰᠠᠭᠤᠷᠢ ᠨᠢ ᠣᠨᠴᠠᠭᠠᠢ᠂ ᠬᠠᠷᠢᠭᠤᠴᠠᠯᠭ᠎ᠠ ᠨᠢ ᠬᠦᠨᠳᠦ ᠶᠡᠭᠡ ᠤᠴᠢᠷ ᠠᠴᠠ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠶᠢᠷᠢ ᠲᠣᠭᠲᠠᠭᠠᠯᠲᠠ ᠪᠠᠨ ᠣᠨᠣᠪᠴᠢᠲᠠᠢ ᠣᠯᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠬᠤ ᠪᠠᠨ ᠴᠢᠩᠭᠠᠳᠬᠠᠵᠤ᠂ ᠤᠨᠤᠯ ᠢᠶᠠᠷ ᠵᠡᠪᠰᠡᠭᠯᠡᠬᠦ ᠪᠠᠨ ᠴᠢᠩᠭᠠᠳᠬᠠᠵᠤ᠂ ᠭᠤᠣᠯ ᠠᠵᠢᠯ ᠲᠠᠢ ᠨᠢᠭᠲᠠ ᠤᠶᠠᠯᠳᠤᠭᠤᠯᠵᠤ᠂ ᠡᠭᠦᠨ ᠤ ᠤᠯᠠᠮ ᠠᠴᠠ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠦᠵᠡᠯ ᠰᠠᠨᠠᠭᠠᠨ ᠤ ᠰᠠᠭᠤᠷᠢ ᠪᠠᠨ ᠦᠨᠡᠨᠬᠦ ᠪᠠᠲᠤᠳᠬᠠᠵᠤ᠂ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠪᠠᠶᠢᠭᠤᠯᠤᠯᠲᠠ ᠶᠢ ᠠᠳᠬᠤᠬᠤ ᠠᠷᠭ᠎ᠠ ᠬᠡᠮᠵᠢᠶ᠎ᠡ ᠪᠠᠨ ᠦᠨᠡᠨᠬᠦ ᠲᠣᠳᠣᠷᠬᠠᠶᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ︽ᠨᠢᠭᠡ ᠬᠥᠯᠭᠡ ᠰᠢᠲᠠᠷ᠎ᠠ︾ ᠶᠢᠨ ᠤᠬᠠᠮᠰᠠᠷ ᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠳᠠᠷᠤᠯᠲᠠ ᠥᠭᠴᠦ᠂ ᠢᠳᠡᠪᠬᠢᠲᠡᠢ ᠪᠠᠷ ᠠᠵᠢᠯᠯᠠᠬᠤ ᠪᠠᠷ ᠪᠠᠷᠠᠬᠤ ᠦᠭᠡᠢ ᠪᠠᠰᠠ ᠣᠯᠣᠯᠴᠠᠭ᠎ᠠ ᠰᠣᠯᠢᠯᠴᠠᠭ᠎ᠠ᠂ ᠬᠠᠷᠢᠯᠴᠠᠨ ᠲᠡᠮᠵᠢᠵᠦ ᠬᠠᠮᠵᠢᠯᠴᠠᠬᠤ ᠪᠠᠨ ᠴᠢᠩᠭᠠᠳᠬᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠡᠭᠦᠷᠭᠡᠯᠡᠨ ᠠᠵᠢᠯᠯᠠᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ᠂ ᠲᠤᠯᠭᠠᠭᠤᠷᠢᠯᠠᠯ ᠪᠣᠯᠵᠤ᠂ ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠬᠤ ᠬᠡᠷᠡᠭᠲᠡᠢ᠃ ᠤᠬᠠᠭᠤᠯᠬᠤ ᠰᠠᠯᠠᠭ᠎ᠠ ᠮᠥᠴᠢᠷ ᠤᠨ ᠬᠢᠨ ᠦᠴᠦᠸᠠᠨ ᠰᠢᠶᠠᠨ ᠤ ᠬᠥᠭᠵᠢᠯᠲᠡ ᠶᠢ ᠶᠡᠭᠡ ᠪᠠᠷ ᠠᠳᠬᠤᠬᠤ᠂ ᠶᠡᠭᠡ ᠦᠢᠯᠡᠰ ᠢ ᠪᠦᠲᠦᠭᠡᠵᠦ ᠳᠡᠶᠢᠯᠬᠦ ᠰᠠᠶᠢᠨ ᠪᠠᠶᠢᠳᠠᠯ ᠢ ᠰᠠᠶᠢᠲᠤᠷ ᠤᠬᠠᠭᠤᠯᠵᠤ᠂ ᠦᠴᠦᠸᠠᠨ ᠤ ᠰᠠᠶᠢᠨ ᠳᠦᠷᠢ ᠲᠥᠷᠬᠦ ᠶᠢ ᠦᠨᠡᠨᠬᠦ ᠱᠤᠭᠤᠵᠤ᠂ ᠰᠠᠶᠢᠨ ᠨᠡᠷ᠎ᠡ ᠠᠯᠳᠠᠷ ᠢ ᠦᠨᠡᠨᠬᠦ ᠳᠠᠭᠤᠷᠢᠰᠬᠠᠵᠤ᠂ ᠦᠵᠡᠯ ᠰᠠᠨᠠᠭ᠎ᠠ ᠪᠠᠷ ᠬᠥᠲᠥᠯᠥᠨ ᠳᠠᠭᠠᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠤᠯᠠᠨ ᠲᠦᠮᠡᠨ ᠤ ᠪᠤᠳᠤᠵᠤ ᠰᠠᠨᠠᠵᠤ ᠪᠠᠶᠢᠭ᠎ᠠ ᠵᠦᠢᠯ ᠢ ᠴᠠᠭ ᠲᠤᠬᠠᠢ ᠳᠤᠨᠢ ᠣᠶᠢᠯᠠᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠠᠷᠢᠶ᠎ᠠ ᠬᠡᠯᠡᠯᠴᠡᠭᠡ ᠶᠢ ᠰᠠᠶᠢᠲᠤᠷ ᠬᠥᠲᠥᠯᠥᠨ ᠵᠢᠯᠣᠭᠤᠳᠴᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠰᠠᠶᠢᠲᠤᠷ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠤᠷᠤᠭᠤ ᠦᠵᠡᠯ ᠰᠠᠨᠠᠭ᠎ᠠ᠂ ᠪᠤᠷᠤᠭᠤ ᠦᠵᠡᠯᠲᠡ᠂ ᠪᠤᠷᠤᠭᠤ ᠦᠭᠡ ᠶᠠᠷᠢᠶ᠎ᠠ ᠶᠢ ᠲᠤᠭ ᠲᠡᠮᠳᠡᠭ ᠲᠣᠳᠣᠷᠬᠠᠢ ᠪᠠᠷ ᠡᠰᠡᠷᠭᠦᠴᠡᠨ ᠬᠤᠷᠢᠭᠯᠠᠬᠤ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠲᠦᠷᠦᠯ ᠤᠨ ᠠᠵᠢᠯ ᠳᠤ ᠲᠤᠭᠤᠰᠢᠯᠠᠭᠤᠯᠬᠤ ᠡᠭᠦᠷᠭᠡ ᠬᠠᠷᠢᠭᠤᠴᠠᠯᠭ᠎ᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠮᠠᠨ ᠤ ᠰᠢᠶᠠᠨ ᠤ ᠭᠤᠣᠯ ᠰᠢᠵᠢᠮ ᠢ ᠪᠠᠲᠤ ᠴᠣᠭᠴᠠᠯᠠᠬᠤ ᠪᠢᠴᠢᠭ ᠮᠠᠲᠧᠷᠢᠶᠠᠯ ᠢ ᠱᠠᠯᠠᠪᠳᠠᠨ ᠨᠡᠶᠢᠲᠡᠯᠡᠵᠦ᠂ ᠠᠵᠢᠯ ᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ  ᠬᠢᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠵᠦ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠤᠯᠭ᠎ᠠ ᠶᠢᠨ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠠᠲᠤᠯᠠᠬᠤ᠂ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠰᠢᠯᠢᠳᠡᠭᠵᠢᠭᠦᠯᠬᠦ᠂ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠳᠤᠮᠳᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠡᠩᠨᠡᠭᠡ ᠳᠤ ᠪᠤᠢ᠂ ᠰᠤᠷᠲᠠᠯ ᠳᠤ ᠪᠤᠢ᠂ ᠲᠥᠪ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠨᠠᠭᠰᠢᠳᠠ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠨᠠᠮ ᠤᠨ ᠬᠤᠷᠢᠶ᠎ᠠ ᠶᠢᠨ ᠡᠯ᠎ᠡ ᠱᠤᠭᠤᠮ ᠤᠨ ᠠᠵᠢᠯ ᠤᠨ ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠪᠦᠬᠦ ᠰᠢᠶᠠᠨ ᠤ ᠡᠯ᠎ᠡ ᠰᠠᠯᠠᠭ᠎ᠠ ᠮᠥᠴᠢᠷ᠂ ᠡᠯ᠎ᠡ ᠰᠢᠶᠠᠩ ᠪᠠᠯᠭᠠᠰᠤ᠂ ᠡᠯ᠎ᠡ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠨᠠᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠬᠠᠮᠤᠭ ᠤᠨ ᠶᠡᠭᠡ ᠠᠵᠢᠯ ᠤᠨ ᠪᠦᠲᠦᠮᠵᠢ ᠪᠣᠯᠬᠤ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠤᠬᠠᠭᠤᠯᠭ᠎ᠠ᠂ ᠨᠢᠭᠡᠳᠦᠮᠡᠯ ᠹᠷᠣᠨᠲ᠂ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠵᠢᠯ ᠢ ᠦᠨᠡᠨᠬᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠡᠯ᠎ᠡ ᠵᠦᠢᠯ ᠤᠨ ᠭᠤᠣᠯ ᠠᠵᠢᠯ ᠲᠠᠢ ᠬᠠᠮᠲᠤᠪᠠᠷ ᠲᠥᠯᠥᠪᠵᠢᠭᠦᠯᠵᠦ᠂ ᠬᠠᠮᠲᠤᠪᠠᠷ ᠪᠠᠶᠢᠷᠢᠯᠠᠭᠤᠯᠵᠤ᠂ ᠬᠠᠮᠲᠤᠪᠠᠷ ᠱᠠᠯᠠᠪᠳᠠᠭᠤᠯᠵᠤ᠂ ᠬᠠᠮᠲᠤᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠤᠨ ᠳᠡᠰ ᠳᠡᠪᠰᠢᠬᠦ᠂ ᠰᠢᠯᠢᠳᠡᠭ ᠪᠣᠯᠬᠤ ᠪᠠᠷ ᠮᠡᠷᠡᠶᠢᠨ ᠴᠢᠷᠮᠠᠶᠢᠬᠤ ᠶᠢ ᠴᠢᠷᠮᠠᠶᠢᠨ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号