ᠪᠠᠶᠠᠷ ᠤᠨ ᠴᠢᠮᠡᠭᠡ︕ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠰᠤᠷᠭᠠᠭᠤᠯᠢ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/3/22
     ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠨᠠᠩ ᠰᠠᠶᠢᠨ ᠤᠯᠠᠮᠵᠢᠯᠠᠨ ᠵᠠᠯᠭᠠᠮᠵᠢᠯᠠᠵᠤ᠂ ᠰᠤᠷᠭᠠᠭᠤᠯᠢ  ᠶᠢᠨ ᠣᠨᠴᠠᠯᠢᠭ ᠢ ᠪᠣᠶ ᠪᠣᠯᠭᠠᠵᠤ᠂ ᠰᠤᠷᠤᠭᠴᠢᠳ ᠲᠤ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠮᠡᠳᠡᠷᠡᠭᠦᠯᠵᠦ᠂ ᠰᠤᠷᠤᠭᠴᠢᠳ ᠤᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠬᠥᠳᠡᠯᠮᠦᠷᠢ ᠶᠢᠨ ᠪᠥᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠨᠢ ᠠᠷᠠᠳ ᠤᠨ ᠤᠷᠠᠯᠢᠭ ᠠᠨᠰᠠᠢ ᠪᠦᠮᠪᠤᠷ ᠪᠥᠵᠢᠭ ᠢ ᠬᠢᠴᠢᠶᠡᠯ ᠤᠨ ᠲᠠᠩᠬᠢᠮ ᠳᠤ ᠠᠪᠴᠢᠷᠠᠭᠰᠠᠨ ᠶᠤᠮ᠂ ᠲᠡᠷᠡ ᠨᠢ ᠨᠢᠭᠡ ᠵᠦᠢᠯ ᠤᠨ ᠥᠪᠡᠷᠮᠢᠴᠡ ᠰᠣᠶᠣᠯ ᠤᠨ ᠲᠡᠮᠳᠡᠭ ᠪᠣᠯᠤᠭᠰᠠᠨ ᠤ ᠬᠤᠪᠢ ᠳᠤ ᠪᠥᠬᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠠᠭᠠᠰᠢᠶᠠᠯ ᠢ ᠣᠯᠣᠭᠰᠠᠨ ᠪᠠᠶᠢᠨ᠎ᠠ᠃ ᠣᠶᠢᠷ᠎ᠠ ᠳᠤ᠂ ᠡᠨᠡ ᠬᠦ ᠠᠵᠢᠯᠯᠠᠭ᠎ᠠ ᠨᠢ ᠳᠡᠭᠡᠳᠦ ᠱᠠᠲᠤᠨ ᠤ ᠲᠠᠭᠠᠰᠢᠶᠠᠯ ᠢ ᠣᠯᠵᠤ᠂ ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ  ᠨᠢ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠰᠤᠷᠭᠠᠭᠤᠯᠢ ᠪᠠᠷ ᠦᠨᠡᠯᠡᠭᠳᠡᠭᠰᠡᠨ ᠪᠠᠶᠢᠨ᠎ᠠ᠃
     ᠠᠨᠰᠠᠢ ᠪᠦᠮᠪᠤᠷ ᠪᠥᠵᠢᠭ ᠥᠨᠢ ᠤᠳᠠᠭᠠᠨ ᠤᠯᠠᠮᠵᠢᠯᠠᠯ ᠲᠠᠢ᠂ ᠳᠤᠮᠳᠠᠳᠤ ᠶᠢᠨ ᠪᠣᠯᠪᠠᠰᠤᠨ ᠤ ᠭᠦᠨ ᠵᠤᠵᠠᠭᠠᠨ ᠠᠭᠤᠯᠭ᠎ᠠ ᠪᠠ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠠᠴᠢᠶᠠᠯᠠᠵᠤ ᠪᠠᠶᠢᠳᠠᠭ᠃ ᠠᠨᠰᠠᠢ ᠪᠦᠮᠪᠤᠷ ᠪᠥᠵᠢᠭ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠨᠢᠭᠡᠳᠦᠭᠡᠷ ᠪᠦᠯᠦᠭ ᠤᠨ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠵᠢᠭᠰᠠᠭᠠᠭᠳᠠᠵᠤ᠂ ᠥᠨᠢ ᠤᠳᠠᠭᠠᠨ ᠲᠡᠦᠬᠡ ᠲᠠᠢ᠂ ᠥᠪᠡᠷᠮᠢᠴᠡ ᠣᠨᠴᠠᠯᠢᠭ ᠲᠠᠢ ᠪᠠᠶᠢᠵᠤ᠂ ᠠᠷᠠᠳ ᠤᠨ ᠵᠡᠪᠰᠡᠭ ᠤᠨ ᠡᠷᠳᠡᠮ ᠪᠠ ᠶᠠᠩᠭᠠᠷ ᠪᠥᠵᠢᠭ ᠤᠨ ᠬᠥᠳᠡᠯᠭᠡᠭᠡᠨ ᠢ ᠠᠭᠤᠰᠬᠠᠭᠰᠠᠨ ᠠᠴᠠ ᠴᠢᠯᠦᠭᠡᠲᠡᠢ᠂ ᠠᠮᠢᠳᠤᠯᠢᠭ᠂ ᠡᠮᠬᠢ ᠳᠢᠭᠯᠢᠮ ᠲᠠᠢ᠂ ᠰᠦᠷ ᠵᠢᠪᠬᠤᠭ᠎ᠠ ᠲᠠᠢ᠂ ᠢᠳᠡᠷᠡᠭᠦᠨ ᠳᠣᠷᠪᠢᠲᠠᠢ ᠪᠠᠶᠢᠳᠠᠭ᠃ ᠰᠤᠷᠭᠠᠭᠤᠯᠢ ᠠᠴᠠ ᠪᠠᠰᠠ ᠠᠨᠰᠠᠢ ᠪᠦᠮᠪᠤᠷ ᠪᠥᠵᠢᠭ ᠤᠨ ᠨᠢᠭᠡᠳᠦᠭᠡᠷ ᠳᠡᠰ ᠤᠨ ᠳᠠᠰᠬᠠᠯᠵᠢᠭᠤᠯᠤᠭᠴᠢ ᠸᠠᠩ ᠱᠢ ᠬᠤ᠋ ᠪᠠᠭᠰᠢ ᠶᠢ ᠲᠤᠰᠬᠠᠶᠢᠯᠠᠨ ᠤᠷᠢᠵᠤ ᠵᠢᠭᠠᠨ ᠵᠢᠯᠣᠭᠤᠳᠤᠯᠭ᠎ᠠ ᠶᠢᠨ ᠪᠣᠯᠪᠠᠰᠤᠷᠠᠯ ᠬᠢᠯᠭᠡᠪᠡ᠃
     ᠰᠤᠷᠤᠭᠴᠢᠳ ᠤᠨ ᠤᠷᠮ᠎ᠠ ᠵᠣᠷᠢᠭ ᠣᠷᠭᠢᠯᠤᠨ ᠪᠠᠳᠠᠷᠠᠵᠤ᠂ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠠᠩᠬ᠎ᠠ ᠤᠳᠠᠭ᠎ᠠ ᠠᠨᠰᠠᠢ ᠪᠦᠮᠪᠤᠷ ᠲᠠᠢ ᠣᠶᠢᠷᠠᠲᠤᠭᠰᠠᠨ ᠠᠴᠠ ᠠᠪᠤᠭᠠᠳ ᠬᠠᠮᠤᠭ ᠦᠨᠳᠦᠰᠦᠨ ᠠᠨᠰᠠᠢ ᠪᠦᠮᠪᠤᠷ ᠤᠨ ᠡᠭᠦᠷᠬᠦ ᠠᠷᠭ᠎ᠠ ᠶᠢ ᠰᠤᠷᠤᠯᠴᠠᠭᠰᠠᠨ ᠬᠦᠷᠲᠡᠯ᠎ᠡ᠂ ᠳᠠᠬᠢᠭᠠᠳ ᠬᠡᠩᠭᠡᠷᠭᠡ ᠶᠢᠨ ᠰᠢᠳᠠᠮ ᠤᠨ ᠪᠠᠷᠢᠬᠤ ᠠᠷᠭ᠎ᠠ ᠶᠢ ᠰᠠᠶᠢᠨ ᠰᠣᠷᠣᠭᠰᠠᠨ ᠬᠦᠷᠲᠡᠯ᠎ᠡ᠂ ᠬᠠᠮᠤᠭ ᠰᠡᠬᠦᠯ ᠳᠤᠨᠢ ᠬᠡᠩᠭᠡᠷᠭᠡ ᠳᠡᠯᠡᠳᠬᠦ ᠴᠡᠭ ᠪᠠ ᠦᠨᠳᠦᠰᠦᠨ ᠴᠣᠬᠢᠬᠤ ᠠᠷᠭ᠎ᠠ ᠶᠢ ᠡᠵᠡᠮᠰᠢᠭᠰᠡᠨ ᠬᠦᠷᠲᠡᠯ᠎ᠡ᠂ ᠰᠤᠷᠤᠭᠴᠢᠳ ᠰᠢᠷᠭᠠᠭᠤ ᠬᠠᠲᠠᠭᠤᠵᠢᠯᠲᠠᠢ ᠪᠣᠯᠪᠠᠰᠤᠷᠠᠭᠰᠠᠭᠠᠷ ᠪᠠᠶᠢᠯ᠎ᠠ᠃
     ᠰᠤᠷᠭᠠᠭᠤᠯᠢ ᠶᠢᠨ ᠴᠢᠷᠮᠠᠶᠢᠯᠭ᠎ᠠ ᠪᠠ ᠰᠤᠷᠤᠭᠴᠢᠳ ᠤᠨ ᠴᠢᠷᠮᠠᠶᠢᠯᠭ᠎ᠠ ᠪᠠᠷ ᠳᠡᠮᠵᠢᠨ᠂ ᠠᠨᠰᠠᠢ ᠪᠦᠮᠪᠤᠷ ᠪᠥᠵᠢᠭ ᠤᠨ ᠰᠣᠶᠣᠯ ᠤᠯᠠᠮᠵᠢᠯᠠᠭᠳᠠᠨ ᠪᠠᠳᠠᠷᠠᠬᠤ ᠪᠣᠯᠣᠨ᠎ᠠ᠂ ᠠᠨᠰᠠᠢ ᠪᠦᠮᠪᠤᠷ ᠪᠥᠵᠢᠭ ᠢ ᠰᠤᠷᠤᠯᠴᠠᠬᠤ ᠪᠠᠷ ᠳᠠᠮᠵᠢᠨ ᠰᠤᠷᠤᠭᠴᠢᠳ ᠤᠨ ᠪᠡᠶ᠎ᠡ ᠮᠠᠬᠠᠪᠤᠳ ᠤᠨ ᠪᠣᠯᠪᠠᠰᠤᠷᠠᠯ ᠢ ᠴᠢᠩᠭᠠᠳᠬᠠᠵᠤ᠂ ᠪᠡᠶ᠎ᠡ ᠰᠡᠳᠬᠢᠯ ᠢ ᠪᠠᠶᠠᠰᠬᠠᠵᠤ᠂ ᠬᠠᠮᠲᠤ ᠰᠤᠷᠤᠭᠴᠢᠳ ᠤᠨ ᠬᠠᠮᠲᠤᠴᠢ ᠦᠵᠡᠯ ᠤᠨ ᠵᠣᠷᠢᠭ ᠰᠠᠨᠠᠭ᠎ᠠ ᠶᠢ ᠴᠢᠩᠭᠠᠳᠬᠠᠵᠤ᠂ ᠪᠦᠯᠬᠦᠮᠳᠡᠨ ᠬᠠᠮᠵᠢᠯᠴᠠᠬᠤ ᠤᠬᠠᠮᠰᠠᠷ ᠢ ᠳᠡᠭᠡᠭᠰᠢᠯᠡᠭᠦᠯᠬᠦ ᠶᠢᠨ ᠬᠠᠮᠲᠤ ᠪᠠᠰᠠ ᠰᠤᠷᠤᠭᠴᠢᠳ ᠤᠨ ᠢᠲᠡᠭᠡᠯ ᠵᠣᠷᠢᠭ ᠢ ᠨᠡᠮᠡᠭᠳᠡᠭᠦᠯᠵᠦ᠂ ᠠᠨᠰᠠᠢ ᠪᠦᠮᠪᠤᠷ ᠪᠥᠵᠢᠭ ᠤᠨ ᠬᠢᠵᠠᠭᠠᠯᠠᠰᠢ ᠦᠭᠡᠢ ᠷᠢᠳᠢ ᠰᠢᠳᠢ ᠶᠢ ᠮᠡᠳᠡᠷᠡᠭᠦᠯᠦᠭᠰᠡᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号