ᠡᠷᠡᠭᠦᠯ ᠮᠡᠨᠳᠦ ᠨᠢ ᠬᠥᠮᠥᠨ ᠨᠢᠭᠡᠪᠦᠷᠢ ᠲᠠᠢ ᠨᠢᠭᠲᠠ ᠬᠤᠯᠪᠣᠭ᠎ᠠ ᠲᠠᠢ᠂ ᠬᠡᠦᠬᠡᠳ ᠤᠨ ᠡᠷᠡᠭᠦᠯ ᠢᠶᠠᠷ ᠦᠰᠦᠨ | ᠪᠣᠶᠢᠵᠢᠬᠤ ᠨᠢ ᠨᠠᠩ ᠴᠤ ᠭᠡᠷ ᠪᠦᠯᠢ ᠨᠢᠭᠡᠪᠦᠷᠢ ᠶᠢ ᠨᠥᠯᠥᠭᠡᠯᠡᠵᠦ ᠪᠠᠶᠢᠳᠠᠭ᠂ ᠬᠡᠦᠬᠡᠳ ᠤᠨ ᠰᠠᠯᠠᠭᠠᠨ ᠤ | ᠣᠨᠣᠰᠢᠯᠠᠯᠲᠠ ᠡᠮᠴᠢᠯᠡᠭᠡ ᠶᠢ ᠬᠡᠷᠬᠢᠨ ᠵᠢᠭᠳᠡ ᠴᠢᠨᠠᠷᠵᠢᠭᠤᠯᠤᠨ ᠵᠢᠷᠤᠮᠵᠢᠭᠤᠯᠬᠤ ᠶᠢ ᠠᠬᠢᠭᠤᠯᠬᠤ ᠪᠣᠶ︖ ᠡᠪᠡᠳᠴᠢᠨ | ᠡᠪᠡᠳᠴᠢᠲᠡᠨ ᠤ ᠠᠰᠠᠭᠤᠳᠠᠯ ᠢ ᠬᠡᠷᠬᠢᠨ ᠠᠯᠢ ᠴᠢᠳᠠᠬᠤ ᠪᠠᠷ ᠦᠨᠳᠦᠰᠦᠨ ᠱᠠᠲᠤᠨ ᠤ ᠡᠮᠴᠢᠯᠡᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠳᠤ ᠰᠢᠢᠳᠪᠦᠷᠢᠯᠡᠬᠦ ᠪᠣᠶ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ 19 ᠤ ᠡᠳᠦᠷ ᠰᠣᠨᠢᠨ ᠮᠡᠳᠡᠭᠡ | ᠨᠡᠶᠢᠲᠡᠯᠡᠬᠦ ᠬᠤᠷᠠᠯ ᠬᠤᠷᠠᠯᠳᠤᠭᠤᠯᠵᠤ᠂ ︽ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠬᠠᠮᠠᠭᠠᠯᠠᠶ᠎ᠠ︾ ᠭᠡᠬᠦ ᠰᠡᠳᠦᠪ ᠤᠨ | ᠲᠣᠭᠤᠷᠢᠨ ᠳᠤ᠂ ᠡᠮᠴᠢᠯᠡᠭᠡ᠂ ᠦᠨᠳᠦᠰᠦᠨ ᠱᠠᠲᠤ ᠪᠠ ᠡᠬᠡ ᠨᠢᠯᠬᠠᠰ ᠤᠨ ᠡᠷᠡᠭᠦᠯ ᠮᠡᠨᠳᠦ ᠶᠢᠨ ᠬᠤᠯᠪᠣᠭᠳᠠᠯ ᠪᠦᠬᠦᠢ | ᠠᠵᠢᠯ ᠵᠢᠴᠢ ᠳᠠᠷᠠᠭ᠎ᠠ ᠶᠢᠨ ᠠᠵᠢᠯ ᠤᠨ ᠲᠥᠯᠥᠪᠯᠡᠭᠡ ᠶᠢ ᠭᠤᠣᠯᠳᠠᠯᠭ᠎ᠠ ᠲᠠᠢ ᠲᠠᠨᠢᠯᠴᠠᠭᠤᠯᠪᠠ᠃ | ᠬᠡᠦᠬᠡᠳ ᠤᠨ ᠰᠠᠯᠠᠭᠠᠨ ᠤ ᠭᠤᠣᠯᠳᠠᠯᠭ᠎ᠠ ᠲᠠᠢ 67 ᠲᠤᠰᠬᠠᠢ ᠰᠠᠯᠠᠭᠠᠨ ᠤ ᠪᠠᠶᠢᠭᠤᠯᠤᠯᠲᠠ ᠶᠢ ᠳᠡᠮᠵᠢᠵᠦ | ᠬᠡᠦᠬᠡᠳ ᠤᠨ ᠰᠠᠯᠠᠭᠠᠨ ᠤ ᠣᠨᠣᠰᠢᠯᠠᠯᠲᠠ ᠡᠮᠴᠢᠯᠡᠭᠡ ᠶᠢ ᠵᠢᠭᠳᠡ ᠴᠢᠨᠠᠷᠵᠢᠭᠤᠯᠬᠤ ᠶᠢ ᠠᠬᠢᠭᠤᠯᠤᠨ᠎ᠠ | ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠨᠢ ᠭᠡᠷ ᠪᠦᠯᠢ ᠨᠢᠭᠡᠪᠦᠷᠢ ᠲᠠᠢ ᠬᠤᠯᠪᠣᠭᠳᠠᠵᠤ ᠪᠠᠶᠢᠳᠠᠭ᠂ | ᠬᠡᠦᠬᠡᠳ ᠤᠨ ᠰᠠᠯᠠᠭᠠᠨ ᠤ ᠡᠮᠴᠢ ᠬᠦᠷᠦᠯᠴᠡᠬᠦ ᠦᠭᠡᠢ ᠪᠤᠶᠤ ᠣᠷᠣᠨ ᠪᠦᠰᠡ ᠶᠢᠨ ᠲᠠᠷᠬᠠᠯᠲᠠ ᠲᠡᠭᠰᠢ ᠪᠤᠰᠤ ᠪᠠᠶᠢᠬᠤ | ᠦᠵᠡᠭᠳᠡᠯ ᠢ ᠬᠡᠷᠬᠢᠨ ᠰᠢᠢᠳᠪᠦᠷᠢᠯᠡᠬᠦ ᠪᠣᠶ︖ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠮᠴᠢᠯᠡᠭᠡᠨ ᠤ ᠵᠠᠰᠠᠭ ᠤᠨ ᠵᠤᠷᠭᠠᠨ ᠤ | ᠳᠡᠳ᠋ ᠳᠠᠷᠤᠭ᠎ᠠ ᠯᠢ ᠳ᠋ᠡ ᠴᠤᠸᠠᠨ ᠤ ᠲᠠᠨᠢᠯᠴᠠᠭᠤᠯᠤᠭᠰᠠᠨ ᠢᠶᠠᠷ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠨᠢ ᠬᠡᠦᠬᠡᠳ ᠤᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠢᠳᠡᠪᠬᠢᠲᠡᠢ | ᠪᠦᠷᠢᠨᠰᠢᠭᠦᠯᠵᠦ᠂ ᠤᠯᠤᠰ ᠤᠨ ᠬᠡᠦᠬᠡᠳ ᠤᠨ ᠠᠨᠠᠭᠠᠬᠤ ᠤᠬᠠᠭᠠᠨ ᠤ ᠲᠥᠪ ᠢ 2 ᠪᠠ ᠤᠯᠤᠰ ᠤᠨ ᠬᠡᠦᠬᠡᠳ ᠤᠨ | ᠣᠷᠣᠨ ᠪᠦᠰᠡ ᠶᠢᠨ ᠡᠮᠴᠢᠯᠡᠭᠡᠨ ᠤ ᠲᠥᠪ ᠢ 5 ᠲᠣᠬᠢᠷᠠᠭᠤᠯᠵᠤ᠂ ᠬᠡᠦᠬᠡᠳ ᠤᠨ ᠰᠠᠯᠠᠭᠠᠨ ᠤ ᠬᠠᠮᠢᠶ᠎ᠠ ᠪᠦᠬᠦᠢ | ᠲᠤᠰᠬᠠᠢ ᠮᠡᠷᠭᠡᠵᠢᠯ ᠤᠨ ᠤᠯᠤᠰ ᠤᠨ ᠡᠮᠴᠢᠯᠡᠭᠡᠨ ᠤ ᠭᠤᠣᠯᠳᠠᠯᠭ᠎ᠠ ᠲᠠᠢ 67 ᠲᠤᠰᠬᠠᠢ ᠮᠡᠷᠭᠡᠵᠢᠯ ᠤᠨ | ᠪᠠᠶᠢᠭᠤᠯᠤᠯᠲᠠ ᠶᠢ ᠳᠡᠮᠵᠢᠵᠦ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠬᠡᠦᠬᠡᠳ ᠤᠨ ᠡᠮᠴᠢᠯᠡᠭᠡᠨ ᠤ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠤᠨ ᠰᠠᠯᠠᠭᠠᠨ ᠤ ᠡᠮᠴᠢᠯᠡᠭᠡᠨ ᠤ ᠰᠢᠯᠢᠳᠡᠭ ᠡᠬᠢ | ᠪᠠᠶᠠᠯᠢᠭ ᠤᠨ ᠪᠣᠯᠣᠮᠵᠢᠲᠤ ᠴᠢᠨᠠᠷ ᠢ ᠳᠡᠭᠡᠭᠰᠢᠯᠡᠭᠦᠯᠪᠡ᠃ | ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠬᠡᠦᠬᠡᠳ ᠤᠨ ᠡᠮᠴᠢᠯᠡᠭᠡ ᠡᠷᠡᠭᠦᠯ | ᠬᠠᠮᠠᠭᠠᠯᠠᠯ ᠤᠨ ᠦᠢᠯᠡᠴᠢᠯᠡᠭᠡᠨ ᠤ ᠲᠣᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠮᠤᠵᠢ | ᠪᠣᠯᠭᠠᠨ ᠳᠤ ᠨᠢᠭᠡᠨ ᠥᠨᠳᠥᠷ ᠲᠦᠪᠰᠢᠨ ᠪᠦᠬᠦᠢ ᠬᠡᠦᠬᠡᠳ ᠤᠨ ᠲᠤᠰᠬᠠᠢ ᠡᠮᠨᠡᠯᠭᠡ ᠪᠤᠶᠤ ᠶᠡᠷᠦᠩᠬᠡᠶᠢᠯᠡᠭᠰᠡᠨ | ᠡᠮᠨᠡᠯᠭᠡ ᠶᠢᠨ ᠬᠡᠦᠬᠡᠳ ᠤᠨ ᠰᠠᠯᠠᠭ᠎ᠠ ᠪᠠᠶᠢᠭᠤᠯᠬᠤ ᠶᠢ ᠱᠠᠭᠠᠷᠳᠠᠵᠤ᠂ ᠡᠮᠴᠢᠯᠡᠭᠡᠨ ᠤ ᠪᠠᠶᠢᠭᠤᠯᠤᠮᠵᠢ ᠶᠢᠨ 24 | ᠴᠠᠭ ᠢᠶᠠᠷ ᠠᠪᠤᠷᠠᠨ ᠵᠠᠰᠠᠬᠤ ᠰᠠᠭᠠᠳ ᠦᠭᠡᠢ ᠵᠠᠮ ᠪᠠ ᠨᠢᠭᠡ ᠴᠣᠭᠴᠠᠵᠢᠭᠤᠯᠤᠭᠰᠠᠨ ᠦᠢᠯᠡᠴᠢᠯᠡᠭᠡ ᠶᠢ | ᠲᠡᠭᠦᠯᠳᠡᠷᠵᠢᠭᠦᠯᠵᠦ᠂ ᠬᠡᠦᠬᠡᠳ ᠤᠨ ᠰᠠᠯᠠᠭᠠᠨ ᠤ ᠡᠮᠨᠡᠯᠭᠡ ᠳᠤ ᠰᠠᠭᠤᠬᠤ ᠡᠮᠴᠢ ᠶᠢᠨ ᠵᠢᠷᠤᠮᠵᠢᠭᠰᠠᠨ ᠪᠣᠯᠪᠠᠰᠤᠷᠠᠯ ᠤᠨ | ᠬᠡᠪᠴᠢᠶ᠎ᠡ ᠶᠢ ᠥᠷᠭᠡᠳᠬᠡᠨ᠂ ᠬᠡᠦᠬᠡᠳ ᠤᠨ ᠰᠠᠯᠠᠭᠠᠨ ᠤ ᠮᠡᠷᠭᠡᠵᠢᠯ ᠤᠨ ᠡᠮᠨᠡᠯᠭᠡ ᠳᠤ ᠰᠠᠭᠤᠬᠤ ᠡᠮᠴᠢ ᠶᠢᠨ | ᠵᠢᠷᠤᠮᠵᠢᠭᠰᠠᠨ ᠪᠣᠯᠪᠠᠰᠤᠷᠠᠯ ᠤᠨ ᠰᠠᠭᠤᠷᠢᠨ ᠭᠠᠵᠠᠷ ᠪᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ | ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠪᠠ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠦᠨ᠎ᠡ ᠭᠡᠵᠡᠢ᠃ | 82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ ᠪᠠᠶᠢᠭᠤᠯᠤᠭᠰᠠᠨ ᠡᠮᠨᠡᠯᠭᠡ ᠳᠤ | ᠪᠣᠯᠵᠣᠬᠤ ᠦᠢᠯᠡᠴᠢᠯᠡᠭᠡ ᠥᠷᠨᠢᠭᠦᠯᠦᠭᠰᠡᠨ ᠪᠥᠭᠡᠳ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ | ᠬᠠᠩᠭᠠᠨ᠎ᠠ | ᠣᠳᠣᠬᠠᠨ ᠳᠤ ᠨᠢᠭᠡᠨᠲᠡ 82.7% ᠶᠢᠨ ᠬᠤᠶᠠᠳᠤᠭᠠᠷ ᠳᠡᠰ ᠠᠴᠠ ᠳᠡᠭᠡᠭᠰᠢᠬᠢ ᠠᠯᠪᠠᠨ ᠤ | ᠪᠠᠶᠢᠭᠤᠯᠤᠭᠰᠠᠨ ᠡᠮᠨᠡᠯᠭᠡ ᠳᠤ ᠪᠣᠯᠵᠣᠨ ᠣᠨᠣᠰᠢᠯᠠᠵᠤ ᠡᠮᠴᠢᠯᠡᠭᠦᠯᠬᠦ ᠦᠢᠯᠡᠴᠢᠯᠡᠭᠡ ᠥᠷᠨᠢᠭᠦᠯᠵᠦ᠂ ᠪᠦᠬᠦ ᠤᠯᠤᠰ ᠤᠨ | ᠭᠤᠷᠪᠠᠳᠤᠭᠠᠷ ᠳᠡᠰ ᠤᠨ ᠠᠯᠪᠠᠨ ᠤ ᠪᠠᠶᠢᠭᠤᠯᠤᠭᠰᠠᠨ ᠡᠮᠨᠡᠯᠭᠡ ᠶᠢᠨ ᠪᠣᠯᠵᠣᠨ ᠣᠨᠣᠰᠢᠯᠠᠵᠤ ᠡᠮᠴᠢᠯᠡᠭᠦᠯᠬᠦ ᠳᠤᠮᠳᠠᠴᠢ | ᠨᠣᠷᠮ᠎ᠠ 61.1% ᠳᠤ ᠬᠦᠷᠴᠡᠢ᠃ | ᠯᠢ ᠳ᠋ᠡ ᠴᠤᠸᠠᠨ ᠲᠠᠨᠢᠯᠴᠠᠭᠤᠯᠬᠤ ᠳᠤ ᠪᠠᠨ᠂ ᠡᠮᠴᠢᠯᠡᠭᠡᠨ ᠤ ᠦᠢᠯᠡᠴᠢᠯᠡᠭᠡ ᠶᠢ ᠴᠢᠩᠭᠠᠳᠬᠠᠵᠤ᠂ ᠡᠪᠡᠳᠴᠢᠨ | ᠦᠵᠡᠭᠦᠯᠦᠭᠰᠡᠨ ᠲᠥᠷᠥᠭᠳᠡᠯ ᠢ ᠰᠠᠶᠢᠵᠢᠷᠠᠭᠤᠯᠬᠤ ᠪᠣᠯ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ | ᠮᠥᠴᠢᠷ ᠤᠨ ᠨᠢᠭᠡ ᠵᠦᠢᠯ ᠤᠨ ᠭᠤᠣᠯᠳᠠᠯᠭ᠎ᠠ ᠲᠠᠢ ᠠᠵᠢᠯ ᠮᠥᠨ᠃ 2015 ᠣᠨ ᠠᠴᠠ 2020 ᠣᠨ ᠪᠣᠯᠲᠠᠯ᠎ᠠ | ᠵᠠᠯᠭᠠᠭ᠎ᠠ ᠪᠠᠷ ᠬᠡᠷᠡᠭᠵᠢᠭᠦᠯᠦᠭᠰᠡᠨ ᠡᠮᠴᠢᠯᠡᠭᠡᠨ ᠤ ᠦᠢᠯᠡᠴᠢᠯᠡᠭᠡ ᠶᠢ ᠤᠯᠠᠮ ᠨᠢᠭᠡ ᠠᠯᠬᠤᠮ ᠰᠠᠶᠢᠵᠢᠷᠠᠭᠤᠯᠬᠤ ᠬᠤᠶᠠᠷ | ᠡᠭᠡᠯᠵᠢ ᠶᠢᠨ ᠠᠵᠢᠯᠯᠠᠭᠠᠨ ᠤ ᠲᠥᠯᠥᠪᠯᠡᠭᠡ ᠪᠠ 2023 ᠣᠨ ᠳᠤ ᠡᠬᠢᠯᠡᠭᠦᠯᠦᠭᠰᠡᠨ ︽ᠡᠪᠡᠳᠴᠢᠨ ᠦᠵᠡᠭᠦᠯᠦᠭᠰᠡᠨ | ᠲᠥᠷᠥᠭᠳᠡᠯ ᠢ ᠰᠠᠶᠢᠵᠢᠷᠠᠭᠤᠯᠵᠤ ᠡᠪᠡᠳᠴᠢᠲᠡᠨ ᠤ ᠪᠡᠶᠡᠴᠢ ᠣᠶᠢᠯᠠᠭᠠᠯᠲᠠ ᠶᠢ ᠳᠡᠭᠡᠭᠰᠢᠯᠡᠭᠦᠯᠬᠦ︾ ᠰᠡᠳᠦᠪᠲᠦ | ᠠᠵᠢᠯᠯᠠᠭ᠎ᠠ ᠳᠤ ᠴᠥᠮ ᠴᠠᠭ ᠬᠤᠪᠢᠶᠠᠵᠤ ᠪᠣᠯᠵᠣᠨ ᠡᠮᠴᠢᠯᠡᠭᠦᠯᠬᠦ᠂ ᠡᠪᠡᠳᠴᠢᠲᠡᠨ ᠤ ᠡᠭᠦᠳᠡᠨ ᠡᠮᠨᠡᠯᠭᠡ ᠳᠤ ᠬᠦᠯᠢᠶᠡᠬᠦ | ᠴᠠᠭ ᠢ ᠪᠣᠭᠤᠨᠢᠰᠬᠠᠬᠤ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ ᠭᠡᠪᠡ᠃ | ᠯᠢ ᠳ᠋ᠡ ᠴᠤᠸᠠᠨ ᠢᠯᠡᠷᠬᠡᠶᠢᠯᠡᠬᠦ ᠳᠤ ᠪᠠᠨ᠂ 2024 ᠣᠨ ᠳᠤ ᠦᠢᠯᠡᠴᠢᠯᠡᠭᠡ ᠶᠢ ᠰᠠᠶᠢᠵᠢᠷᠠᠭᠤᠯᠬᠤ ︽ᠵᠢᠭᠠᠬᠠᠨ | ᠭᠠᠷᠳᠠᠴᠠ︾ ᠪᠠᠷ ᠡᠪᠡᠳᠴᠢᠨ ᠦᠵᠡᠭᠦᠯᠵᠦ ᠡᠮᠨᠡᠭᠦᠯᠬᠦ ︽ᠶᠡᠭᠡ ᠠᠷᠠᠳ ᠤᠨ ᠠᠮᠢᠳᠤᠷᠠᠯ︾ ᠢ ᠦᠷᠭᠦᠯᠵᠢᠯᠡᠨ | ᠳᠠᠶᠢᠴᠢᠯᠠᠵᠤ᠂ ᠡᠮᠴᠢᠯᠡᠭᠡᠨ ᠤ ᠬᠤᠯᠪᠣᠭ᠎ᠠ ᠳᠤ ᠲᠦᠰᠢᠭᠯᠡᠨ ᠡᠮᠴᠢᠯᠡᠭᠡᠨ ᠤ ᠦᠢᠯᠡᠴᠢᠯᠡᠭᠡ ᠶᠢᠨ ᠦᠷᠭᠦᠯᠵᠢᠯᠡᠬᠦ ᠴᠢᠨᠠᠷ ᠢ | ᠳᠡᠭᠡᠭᠰᠢᠯᠡᠭᠦᠯᠦᠨ᠂ ᠡᠪᠡᠳᠴᠢᠲᠡᠳ ᠲᠤ ᠡᠮᠨᠡᠯᠭᠡ ᠠᠴᠠ ᠭᠠᠷᠤᠭᠰᠠᠨ ᠤ ᠳᠠᠷᠠᠭᠠᠬᠢ ᠬᠠᠮᠢᠶᠠᠷᠤᠯᠲᠠ ᠪᠠ ᠲᠠᠭᠠᠨ | ᠰᠤᠷᠪᠤᠯᠵᠢᠯᠠᠬᠤ ᠦᠢᠯᠡᠴᠢᠯᠡᠭᠡ ᠬᠠᠩᠭᠠᠵᠤ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ | ︽ᠨᠢᠭᠡ ᠥᠷᠲᠡᠭᠡᠴᠢᠯᠡᠭᠰᠡᠨ ᠮᠠᠶ᠋ᠢᠭ︾ ᠤᠨ ᠦᠢᠯᠡᠴᠢᠯᠡᠭᠡᠨ ᠤ ᠲᠥᠪ ᠪᠠᠶᠢᠭᠤᠯᠵᠤ᠂ ᠰᠢᠨ᠎ᠡ ᠬᠡᠯᠪᠡᠷᠢ ᠶᠢᠨ ᠡᠭᠦᠳᠡᠨ | ᠡᠮᠨᠡᠯᠭᠡ ᠶᠢ ᠦᠷᠭᠦᠯᠵᠢᠯᠡᠨ ᠳᠡᠯᠭᠡᠷᠡᠭᠦᠯᠬᠦ ᠵᠡᠷᠭᠡ ᠣᠯᠠᠨ ᠲᠦᠮᠡᠨ ᠤ ᠡᠪᠡᠳᠴᠢᠨ ᠦᠵᠡᠭᠦᠯᠵᠦ ᠡᠮᠨᠡᠭᠦᠯᠬᠦ ᠰᠢᠨ᠎ᠡ | ᠬᠦᠰᠡᠯ ᠡᠷᠡᠮᠡᠯᠵᠡᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤ ᠥᠭᠴᠦ᠂ ᠡᠮᠴᠢ ᠪᠠ ᠡᠪᠡᠳᠴᠢᠲᠡᠨ ᠤ ᠡᠶ᠎ᠡ ᠵᠣᠬᠢᠴᠠᠯᠳᠤ | ᠬᠠᠷᠢᠴᠠᠭ᠎ᠠ ᠶᠢ ᠪᠠᠶᠢᠭᠤᠯᠤᠨ᠂ ︽ᠨᠠᠩ ᠳᠣᠲᠣᠨᠣᠰᠤᠭ ᠡᠮᠴᠢᠯᠡᠭᠡᠨ ᠤ ᠦᠢᠯᠡᠴᠢᠯᠡᠭᠡ︾ ᠶᠢ ᠪᠣᠶ ᠪᠣᠯᠭᠠᠨ᠎ᠠ ᠭᠡᠵᠡᠢ᠃ | ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ ᠡᠮᠴᠢᠯᠡᠬᠦ | ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠦᠭᠰᠡᠨ ᠪᠥᠭᠡᠳ ᠱᠠᠲᠤ ᠬᠤᠪᠢᠶᠠᠨ ᠣᠨᠣᠰᠢᠯᠠᠨ | ᠡᠮᠴᠢᠯᠡᠬᠦ ᠳᠦᠷᠢᠮ ᠢ ᠡᠮᠬᠢ ᠵᠢᠷᠤᠮ ᠲᠠᠢ ᠠᠬᠢᠭᠤᠯᠤᠨ᠎ᠠ | ︽ᠶᠡᠭᠡ ᠡᠪᠡᠳᠴᠢᠨ ᠬᠦᠨᠳᠦ ᠡᠪᠡᠳᠴᠢᠨ ᠢ ᠲᠤᠰ ᠮᠤᠵᠢ ᠳᠤ ᠪᠠᠨ ᠰᠢᠢᠳᠪᠦᠷᠢᠯᠡᠴᠢᠬᠡᠨ᠎ᠡ᠂ ᠡᠩ ᠤᠨ | ᠡᠪᠡᠳᠴᠢᠨ ᠢ ᠬᠤᠲᠠ ᠰᠢᠶᠠᠨ ᠳᠤ ᠰᠢᠢᠳᠪᠦᠷᠢᠯᠡᠨ᠎ᠡ᠂ ᠲᠣᠯᠣᠭᠠᠢ ᠡᠪᠡᠳᠴᠦ ᠬᠠᠯᠠᠭᠤᠷᠠᠬᠤ ᠶᠢ ᠰᠢᠶᠠᠩ ᠪᠠᠯᠭᠠᠰᠤ᠂ | ᠲᠣᠰᠬᠤᠨ ᠳᠤ ᠰᠢᠢᠳᠪᠦᠷᠢᠯᠡᠨ᠎ᠡ︾᠂ ᠡᠨᠡ ᠪᠣᠯ ᠡᠮᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ | ᠬᠠᠷᠠᠯᠲᠠ ᠮᠥᠨ᠃ | ᠣᠳᠣᠬᠠᠨ ᠳᠤ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠣᠨᠣᠰᠢᠯᠠᠨ | ᠡᠮᠴᠢᠯᠡᠬᠦ ᠬᠥᠮᠥᠨ ᠤᠳᠠᠭ᠎ᠠ ᠶᠢᠨ ᠡᠵᠡᠯᠡᠬᠦ ᠬᠠᠷᠢᠴᠠᠯ 52% ᠲᠤ ᠬᠦᠷᠴᠡᠢ᠃ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠵᠤᠷᠭᠠᠨ ᠤ ᠳᠠᠷᠤᠭ᠎ᠠ ᠹᠦ᠋ ᠸᠧᠢ ᠶᠢᠨ | ᠲᠠᠨᠢᠯᠴᠠᠭᠤᠯᠤᠭᠰᠠᠨ ᠢᠶᠠᠷ᠂ ᠱᠠᠲᠤ ᠬᠤᠪᠢᠶᠠᠨ ᠣᠨᠣᠰᠢᠯᠠᠨ ᠡᠮᠴᠢᠯᠡᠬᠦ ᠶᠢ ᠪᠡᠶᠡᠯᠡᠭᠦᠯᠬᠦ ᠶᠢᠨ ᠵᠠᠩᠭᠢᠯᠠᠭ᠎ᠠ ᠪᠣᠯ ᠬᠥᠳᠡᠭᠡ | ᠲᠣᠰᠬᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠨᠢ ᠣᠯᠠᠨ ᠲᠦᠮᠡᠨ ᠤ ᠪᠠᠶᠢᠩᠭᠤ ᠲᠣᠬᠢᠶᠠᠯᠳᠤᠳᠠᠭ | ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ ᠡᠪᠡᠳᠴᠢᠨ ᠦᠵᠡᠭᠦᠯᠬᠦ | ᠦᠶᠯᠡ ᠠᠵᠢᠯᠯᠠᠭ᠎ᠠ ᠳᠤ ᠴᠢᠬᠤᠯᠠ ᠪᠦᠬᠦᠢ ᠵᠢᠯᠣᠭᠤᠳᠤᠯᠭ᠎ᠠ ᠬᠢᠬᠦ ᠬᠡᠷᠡᠭᠲᠡᠢ᠂ ᠶᠠᠭᠠᠬᠢᠭᠰᠠᠨ ᠴᠤ ︽ᠵᠡᠭᠦᠦ ᠲᠠᠷᠢᠵᠤ︾ | ︽ᠡᠮ ᠠᠪᠬᠤ︾ ᠪᠠᠷ ᠯᠠ ᠬᠢᠵᠠᠭᠠᠷᠯᠠᠵᠤ ᠪᠣᠯᠬᠤ ᠦᠭᠡᠢ ᠭᠡᠵᠡᠢ᠃ | ᠹᠦ᠋ ᠸᠧᠢ ᠢᠯᠡᠷᠬᠡᠶᠢᠯᠡᠬᠦ ᠳᠤ ᠪᠠᠨ᠂ 2024 ᠣᠨ ᠳᠤ ᠨᠢᠭᠲᠠ ᠬᠡᠯᠪᠡᠷᠢ ᠪᠦᠬᠦᠢ ᠡᠮᠴᠢᠯᠡᠭᠡᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠠᠵᠢᠯᠲᠠᠨ᠂ ᠮᠡᠷᠭᠡᠵᠢᠯ᠂ | ᠦᠢᠯᠡᠴᠢᠯᠡᠭᠡ᠂ ᠬᠠᠮᠢᠶᠠᠷᠤᠯᠲᠠ ᠵᠡᠷᠭᠡ ᠳᠥᠷᠪᠡ ᠶᠢ ᠳᠣᠷᠣᠭᠰᠢ ᠪᠠᠭᠤᠯᠭᠠᠬᠤ ᠶᠢ ᠠᠬᠢᠭᠤᠯᠵᠤ᠂ ᠦᠨᠳᠦᠰᠦᠨ | ᠱᠠᠲᠤᠨ ᠳᠤ ᠠᠩᠬ᠎ᠠ ᠣᠨᠣᠰᠢᠯᠠᠬᠤ ᠪᠠ ᠬᠦᠴᠢᠷ ᠲᠦᠪᠡᠭᠲᠡᠢ ᠡᠪᠡᠳᠴᠢᠨ ᠡᠮᠭᠡᠭ ᠢ ᠢᠯᠭᠠᠨ ᠲᠠᠨᠢᠵᠤ ᠰᠢᠯᠵᠢᠭᠦᠯᠦᠨ | ᠣᠨᠣᠰᠢᠯᠠᠬᠤ ᠦᠢᠯᠡᠴᠢᠯᠡᠭᠡᠨ ᠤ ᠴᠢᠳᠠᠪᠤᠷᠢ ᠶᠢ ᠴᠢᠩᠭᠠᠳᠬᠠᠨ᠂ ᠦᠨᠳᠦᠰᠦᠨ ᠱᠠᠲᠤᠨ ᠳᠤ ᠪᠠᠶᠢᠴᠠᠭᠠᠬᠤ᠂ ᠳᠡᠭᠡᠳᠦ | ᠱᠠᠲᠤᠨ ᠳᠤ ᠣᠨᠣᠰᠢᠯᠠᠬᠤ᠂ ᠦᠷ᠎ᠡ ᠳ᠋ᠦᠩ ᠢ ᠬᠤᠪᠢᠶᠠᠯᠴᠠᠬᠤ ᠶᠢ ᠬᠡᠷᠡᠭᠵᠢᠭᠦᠯᠵᠦ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠩ | ᠣᠯᠠᠨ ᠪᠠᠶᠢᠩᠭᠤ ᠲᠣᠬᠢᠶᠠᠯᠳᠤᠳᠠᠭ ᠡᠪᠡᠳᠴᠢᠨ᠂ ᠣᠯᠠᠨ ᠡᠭᠦᠰᠳᠡᠭ ᠡᠪᠡᠳᠴᠢᠨ ᠢ ᠰᠢᠶᠠᠨ ᠤ ᠬᠡᠪᠴᠢᠶᠡᠨ ᠳᠤ | ᠰᠢᠢᠳᠪᠦᠷᠢᠯᠡᠵᠦ ᠴᠢᠳᠠᠬᠤ ᠪᠣᠯᠭᠠᠨ᠎ᠠ ᠭᠡᠪᠡ᠃ | ᠮᠤᠵᠢ ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ | ᠡᠮᠡᠭᠲᠡᠶᠢᠴᠦᠳ ᠢ ᠠᠪᠤᠷᠠᠨ ᠵᠠᠰᠠᠬᠤ ᠲᠥᠪ 3491 ᠳᠤ ᠬᠦᠷᠦᠭᠰᠡᠨ ᠪᠥᠭᠡᠳ ᠡᠬᠡ ᠨᠢᠯᠬᠠᠰ ᠤᠨ ᠠᠮᠤᠷ | ᠲᠦᠪᠰᠢᠨ ᠤ ᠪᠠᠲᠤᠯᠠᠭ᠎ᠠ ᠶᠢᠨ ᠰᠦᠯᠵᠢᠶ᠎ᠡ ᠶᠢ ᠨᠢᠭᠲᠠ ᠰᠦᠯᠵᠢᠨ᠎ᠡ | 2023 ᠣᠨ ᠳᠤ᠂ ᠪᠥᠬᠦ ᠤᠯᠤᠰ ᠤᠨ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠤᠨ ᠠᠳᠡᠭᠰᠡᠨ ᠨᠣᠷᠮ᠎ᠠ | 15.1/10 ᠲᠦᠮᠡ ᠳᠤ ᠬᠦᠷᠴᠦ᠂ ᠨᠢᠯᠬ᠎ᠠ ᠬᠡᠦᠬᠡᠳ ᠤᠨ ᠠᠳᠡᠭᠰᠡᠨ ᠨᠣᠷᠮ᠎ᠠ 4.5‰᠂ 5 ᠨᠠᠰᠤᠨ ᠠᠴᠠ | ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ 6.2‰ ᠲᠤ ᠬᠦᠷᠴᠦ᠂ 2020 ᠣᠨ ᠤ ᠬᠢ ᠲᠠᠢ ᠬᠠᠷᠢᠴᠠᠭᠤᠯᠪᠠᠯ᠂ | ᠲᠣᠰ ᠲᠣᠰ 10.7%᠂ 16.7% ᠪᠠ 17.3% ᠪᠠᠷ ᠪᠠᠭᠤᠷᠠᠪᠠ᠃ ᠨᠢᠯᠬ᠎ᠠ ᠬᠡᠦᠬᠡᠳ ᠤᠨ ᠠᠳᠡᠭᠰᠡᠨ | ᠨᠣᠷᠮ᠎ᠠ ᠪᠠ 5 ᠨᠠᠰᠤᠨ ᠠᠴᠠ ᠳᠣᠷᠣᠭᠰᠢᠬᠢ ᠬᠡᠦᠬᠡᠳ ᠤᠨ ᠠᠳᠡᠭᠰᠡᠨ ᠨᠣᠷᠮ᠎ᠠ ᠨᠢᠭᠡᠨᠲᠡ ︽14·5︾ ᠶᠢᠨ | ᠤᠯᠤᠰ ᠠᠷᠠᠳ ᠤᠨ ᠡᠷᠡᠭᠦᠯ ᠮᠡᠨᠳᠦ ᠶᠢᠨ ᠲᠥᠯᠥᠪᠯᠡᠭᠡ ᠶᠢᠨ ᠬᠠᠷᠠᠯᠲᠠ ᠶᠢᠨ ᠱᠠᠭᠠᠷᠳᠠᠯᠭ᠎ᠠ ᠳᠤ ᠬᠦᠷᠴᠡᠢ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠬᠡ ᠨᠢᠯᠬᠠᠰ ᠤᠨ ᠡᠷᠡᠭᠦᠯ ᠮᠡᠨᠳᠦ ᠶᠢᠨ | ᠵᠤᠷᠭᠠᠨ ᠤ ᠳᠡᠳ᠋ ᠳᠠᠷᠤᠭ᠎ᠠ ᠱᠧᠨ ᠬᠠᠢ ᠫᠢᠩ ᠤᠨ ᠲᠠᠨᠢᠯᠴᠠᠭᠤᠯᠤᠭᠰᠠᠨ ᠢᠶᠠᠷ᠂ ᠪᠥᠬᠦ ᠤᠯᠤᠰ ᠲᠤ ᠨᠢᠭᠡᠨᠲᠡ ᠮᠤᠵᠢ | ᠬᠤᠲᠠ ᠰᠢᠶᠠᠨ ᠭᠤᠷᠪᠠᠨ ᠱᠠᠲᠤᠨ ᠤ ᠬᠦᠨᠳᠦ ᠲᠦᠭᠰᠢᠭᠦᠷᠢᠲᠡᠢ ᠵᠢᠷᠮᠦᠰᠦᠨ ᠬᠥᠩᠭᠡᠵᠢᠭᠰᠡᠨ ᠡᠮᠡᠭᠲᠡᠶᠢᠴᠦᠳ ᠢ | ᠠᠪᠤᠷᠠᠨ ᠵᠠᠰᠠᠬᠤ ᠲᠥᠪ 3491᠂ ᠬᠦᠨᠳᠦ ᠲᠦᠭᠰᠢᠭᠦᠷᠢᠲᠡᠢ ᠨᠢᠷᠠᠢ ᠬᠡᠦᠬᠡᠳ ᠢ ᠠᠪᠤᠷᠠᠨ ᠵᠠᠰᠠᠬᠤ ᠲᠥᠪ ᠢ 3321 | ᠪᠠᠶᠢᠭᠤᠯᠵᠤ᠂ ᠬᠠᠮᠤᠷᠬᠤ ᠬᠡᠪᠴᠢᠶ᠎ᠡ ᠨᠢ ᠥᠷᠭᠡᠨ᠂ ᠱᠠᠲᠤ ᠬᠤᠪᠢᠶᠠᠨ ᠬᠠᠷᠢᠭᠤᠴᠠᠬᠤ᠂ ᠳᠡᠭᠡᠳᠦ ᠳᠣᠣᠷᠠᠳᠤ ᠱᠠᠲᠤ | ᠬᠤᠯᠪᠤᠭᠠᠯᠠᠨ ᠬᠥᠳᠡᠯᠦᠯᠴᠡᠬᠦ᠂ ᠡᠮᠬᠢ ᠵᠢᠷᠤᠮ ᠲᠠᠢ ᠠᠷᠭᠠᠴᠠᠭᠠᠬᠤ ᠬᠦᠨᠳᠦ ᠲᠦᠭᠰᠢᠭᠦᠷᠢᠲᠡᠢ ᠵᠢᠷᠮᠦᠰᠦᠨ | ᠬᠥᠩᠭᠡᠵᠢᠭᠰᠡᠨ ᠡᠮᠡᠭᠲᠡᠶᠢᠴᠦᠳ ᠪᠠ ᠨᠢᠷᠠᠢ ᠬᠡᠦᠬᠡᠳ ᠢ ᠠᠪᠤᠷᠠᠨ ᠵᠠᠰᠠᠬᠤ ᠲᠣᠭᠲᠠᠯᠴᠠᠭ᠎ᠠ ᠶᠢ ᠦᠨᠳᠦᠰᠦᠨ ᠳᠤ ᠪᠠᠨ | ᠪᠠᠶᠢᠭᠤᠯᠪᠠ ᠭᠡᠵᠡᠢ᠃ | ᠱᠧᠨ ᠬᠠᠢ ᠫᠢᠩ ᠢᠯᠡᠷᠬᠡᠶᠢᠯᠡᠬᠦ ᠳᠤ ᠪᠠᠨ᠂ ᠲᠠᠷᠠᠭᠠᠴᠢ ᠶᠢᠨ ᠠᠯᠬᠤᠮ ᠳᠤ᠂ ᠤᠯᠤᠰ ᠤᠨ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ ︽ᠡᠬᠡ ᠨᠢᠯᠬᠠᠰ ᠤᠨ ᠠᠮᠤᠷ ᠲᠦᠪᠰᠢᠨ ᠤ ᠲᠠᠪᠤᠨ ᠵᠦᠢᠯ ᠤᠨ ᠳᠦᠷᠢᠮ︾ ᠢ | ᠦᠷᠭᠦᠯᠵᠢᠯᠡᠨ ᠪᠠᠬᠢᠵᠢᠭᠦᠯᠦᠨ ᠬᠡᠷᠡᠭᠵᠢᠭᠦᠯᠵᠦ᠂ ᠡᠬᠡ ᠨᠢᠯᠬᠠᠰ ᠤᠨ ᠠᠮᠤᠷ ᠲᠦᠪᠰᠢᠨ ᠤ ᠪᠠᠲᠤᠯᠠᠭ᠎ᠠ ᠶᠢᠨ | ᠰᠦᠯᠵᠢᠶ᠎ᠡ ᠶᠢ ᠨᠢᠭᠲᠠ ᠰᠦᠯᠵᠢᠵᠦ᠂ ᠬᠥᠩᠭᠡᠵᠢᠬᠦ ᠳᠤ ᠲᠤᠰᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢ | ᠴᠢᠩᠭᠠᠳᠬᠠᠬᠤ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠠᠴᠢᠮ ᠬᠦᠨᠳᠦ ᠲᠦᠭᠰᠢᠭᠦᠷᠢᠲᠡᠢ ᠡᠪᠡᠳᠴᠢᠲᠡᠨ ᠢ | ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠪᠠᠶᠢᠭᠤᠯᠤᠯᠲᠠ ᠶᠢ | ᠥᠷᠨᠢᠭᠦᠯᠵᠦ᠂ ᠵᠢᠷᠮᠦᠰᠦᠨ ᠪᠠ ᠬᠥᠩᠭᠡᠵᠢᠬᠦ ᠡᠮᠡᠭᠲᠡᠶᠢᠴᠦᠳ ᠤᠨ ᠡᠮᠨᠡᠯᠭᠡ ᠳᠤ ᠰᠠᠭᠤᠵᠤ ᠬᠥᠩᠭᠡᠵᠢᠬᠦ ᠲᠠᠭᠠᠯᠠᠮᠵᠢ ᠶᠢᠨ | ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ ᠭᠡᠵᠡᠢ᠃ | | | |