ᠦᠴᠦᠸᠠᠨ ᠰᠢᠶᠠᠨ ︽ᠬᠠᠤᠯᠢ ᠪᠠᠷ ᠵᠠᠰᠠᠵᠤ ᠵᠠᠯᠠᠭᠤ ᠨᠠᠰᠤᠨ ᠤ ᠦᠰᠦᠨ ᠪᠤᠶᠢᠵᠢᠯᠲᠠ ᠶᠢ ᠬᠠᠮᠠᠭᠠᠯᠠᠬᠤ︾ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠬᠤᠷᠢᠭᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/25
3 ᠰᠠᠷ᠎ᠠ ᠶᠢᠨ 20 ᠤ ᠡᠳᠦᠷ ᠦᠴᠦᠸᠠᠨ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠶᠢ ᠵᠣᠬᠢᠶᠠᠨ ᠪᠠᠶᠢᠭᠤᠯᠵᠤ ᠬᠠᠮᠲᠤᠷᠠᠨ ︽ᠬᠠᠤᠯᠢ ᠪᠠᠷ ᠵᠠᠰᠠᠵᠤ ᠵᠠᠯᠠᠭᠤ ᠨᠠᠰᠤᠨ ᠤ ᠦᠰᠦᠨ ᠪᠤᠶᠢᠵᠢᠯᠲᠠ ᠶᠢ ᠬᠠᠮᠠᠭᠠᠯᠠᠬᠤ︾ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠰᠡᠷᠭᠡᠶᠢᠯᠡᠨ ᠬᠤᠷᠢᠭᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠣᠶᠢᠷ᠎ᠠ ᠶᠢᠨ ᠵᠢᠯ ᠤᠳ ᠲᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠤᠯᠠᠮ ᠠᠴᠠ ᠤᠯᠠᠮ ᠣᠯᠠᠰᠢᠷᠠᠬᠤ ᠶᠢ ᠳᠠᠭᠠᠯᠳᠤᠨ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠤᠨ ᠲᠤᠬᠠᠢ ᠨᠡᠶᠢᠭᠡᠮ ᠤᠨ ᠠᠩᠬᠠᠷᠤᠯ ᠤᠨ ᠬᠡᠮᠵᠢᠶ᠎ᠡ ᠤᠯᠠᠮ ᠠᠴᠠ ᠤᠯᠠᠮ ᠥᠨᠳᠥᠷ ᠪᠣᠯᠵᠤ ᠪᠠᠶᠢᠨ᠎ᠠ᠂ ᠬᠡᠷᠬᠢᠨ ᠥᠷᠭᠡᠨ ᠣᠯᠠᠨ ᠵᠠᠯᠠᠭᠤ ᠪᠠᠭᠠᠴᠤᠳ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠵᠥᠪ ᠢᠶᠠᠷ ᠲᠠᠨᠢᠭᠤᠯᠵᠤ᠂ ᠠᠷᠭᠠᠴᠠᠬᠤ᠂ ᠬᠡᠷᠬᠢᠨ ᠰᠤᠷᠭᠠᠭᠤᠯᠢ᠂ ᠬᠢᠴᠢᠶᠡᠯ ᠤᠨ ᠭᠡᠷ᠂ ᠭᠡᠷ ᠤᠨ ᠠᠬᠠᠮᠠᠳ ᠢ ᠳᠠᠶᠢᠴᠢᠯᠠᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠬᠠᠮᠲᠤ ᠪᠠᠷ ᠠᠩᠬᠠᠷᠴᠤ᠂ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠲᠣᠭᠲᠠᠭᠤᠨ ᠣᠷᠴᠢᠨ ᠲᠣᠭᠤᠷᠢᠨ ᠢ ᠬᠠᠮᠲᠤ ᠪᠠᠷ ᠪᠤᠶ ᠪᠣᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠬᠠᠮᠠᠭᠠᠯᠠᠬᠤ ᠨᠢ ᠨᠢᠭᠡᠨᠲᠡ ᠨᠡᠶᠢᠭᠡᠮ ᠳᠠᠶᠠᠭᠠᠷ ᠤᠨ ᠠᠩᠬᠠᠷᠤᠯ  ᠢ ᠲᠠᠲᠠᠭᠰᠠᠨ ᠰᠡᠳᠦᠪ ᠪᠣᠯᠵᠠᠢ᠃      ᠦᠴᠦᠸᠠᠨ ᠰᠢᠶᠠᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠲᠤᠰᠠᠯᠠᠮᠵᠢ ᠶᠢᠨ ᠬᠠᠤᠯᠢᠴᠢ ᠰᠢᠦᠢ ᠵᠤᠸᠠᠩ ᠸᠧᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠯᠪᠡᠷᠢ᠂ ᠨᠡᠶᠢᠲᠡᠯᠢᠭ ᠳᠣᠷᠣᠮᠵᠢᠯᠠᠭᠴᠢ ᠪᠠ ᠳᠣᠷᠣᠮᠵᠢᠯᠠᠭᠳᠠᠭᠴᠢ ᠶᠢᠨ ᠣᠨᠴᠠᠯᠢᠭ ᠵᠢᠴᠢ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠡᠷᠡᠭ ᠢ ᠬᠡᠷᠬᠢᠨ ᠠᠷᠭᠠᠴᠠᠬᠤ ᠵᠡᠷᠭᠡ ᠠᠭᠤᠯᠭ᠎ᠠ ᠶᠢᠨ ᠲᠤᠬᠠᠢ ᠲᠠᠶᠢᠯᠤᠮᠵᠢ ᠬᠢᠵᠡᠢ᠃      ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠠᠵᠢᠯᠯᠠᠭ᠎ᠠ ᠶᠢᠨ ᠲᠤᠬᠠᠢ ᠪᠠᠶᠢᠴᠠᠭᠠᠯᠲᠠ ᠪᠦᠷᠢᠳᠬᠡᠯ ᠠᠴᠠ ᠦᠵᠡᠪᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠨᠢ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠰᠤᠷᠤᠯᠭ᠎ᠠ ᠡᠬᠢᠯᠡᠬᠦ ᠪᠠ ᠲᠡᠭᠦᠰᠬᠦ ᠤᠯᠠᠷᠢᠯ ᠵᠡᠷᠭᠡ ᠵᠠᠩᠭᠢᠯᠠᠭ᠎ᠠ ᠶᠢᠨ ᠦᠶ᠎ᠡ ᠳᠤ ᠣᠯᠠᠨ ᠭᠠᠷᠳᠠᠭ᠂ ᠠᠵᠢᠯᠯᠠᠭ᠎ᠠ  ᠶᠢᠨ ᠬᠡᠯᠪᠡᠷᠢ ᠶᠢᠨ ᠲᠠᠯ᠎ᠠ ᠪᠠᠷ ᠦᠭᠡ ᠬᠡᠯᠡᠨ ᠤ ᠳᠣᠷᠣᠮᠵᠢᠯᠠᠯ᠂ ᠪᠡᠶ᠎ᠡ ᠮᠠᠬᠠᠪᠤᠳ ᠤᠨ ᠳᠣᠷᠣᠮᠵᠢᠯᠠᠯ᠂ ᠬᠠᠷᠢᠴᠠᠭᠠᠨ ᠤ ᠳᠣᠷᠣᠮᠵᠢᠯᠠᠯ᠂ ᠰᠦᠯᠵᠢᠶᠡᠨ ᠤ ᠳᠣᠷᠣᠮᠵᠢᠯᠠᠯ ᠵᠡᠷᠭᠡ ᠬᠡᠯᠪᠡᠷᠢ ᠪᠠᠷ ᠢᠯᠡᠷᠡᠳᠡᠭ ᠪᠠᠶᠢᠨ᠎ᠠ᠃ ᠲᠠᠶᠢᠯᠪᠤᠷᠢᠯᠠᠯᠲᠠ ᠳᠤ᠂ ᠰᠢᠦᠢ ᠵᠤᠸᠠᠩ ᠸᠧᠢ ᠪᠠᠶᠢᠴᠠᠭᠠᠨ ᠪᠦᠷᠢᠳᠬᠡᠭᠰᠡᠨ ᠲᠤᠭ᠎ᠠ ᠪᠠᠷᠢᠮᠲᠠ᠂ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠨᠠᠷᠢᠨ ᠲᠠᠨᠢᠯᠴᠠᠭᠤᠯᠪᠠ᠃ ᠬᠠᠮᠤᠭ ᠰᠡᠬᠦᠯ ᠳᠤᠨᠢ ᠲᠡᠷᠡ ᠲᠡᠭᠦᠰᠬᠡᠯ ᠤᠨ ᠦᠭᠡ ᠳᠡᠭᠡᠨ᠄ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠪᠣᠯ ᠵᠠᠯᠠᠭᠤ ᠨᠠᠰᠤᠨ ᠤ ᠰᠢᠷᠬ᠎ᠠ ᠰᠣᠷᠪᠢ᠂ ᠵᠠᠯᠠᠭᠤ ᠨᠠᠰᠤᠨ ᠤ ᠪᠤᠢ ᠪᠦᠬᠦᠢ ᠬᠥᠮᠥᠰ ᠲᠤ ᠡᠶᠡᠯᠳᠡᠭ ᠵᠥᠭᠡᠯᠡᠨ ᠬᠠᠨᠳᠤᠬᠤ ᠶᠢ ᠬᠦᠰᠡᠨ᠎ᠡ︾ ᠭᠡᠵᠦ ᠬᠡᠯᠡᠵᠡᠢ᠃      ᠰᠢᠶᠠᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠲᠤᠰᠢᠶᠠᠯᠲᠠᠨ ᠦ᠋ ᠴᠤᠤ ︽ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠦᠯᠦ ᠵᠥᠪᠰᠢᠶᠡᠷᠡᠬᠦ︾ ᠪᠠᠷ ᠭᠤᠣᠯ ᠰᠡᠳᠦᠪ ᠪᠣᠯᠭᠠᠵᠤ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠬᠤᠣᠷ ᠬᠥᠨᠥᠭᠡᠯ᠂ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠭᠴᠢᠳ ᠤᠨ ᠡᠷᠡᠭᠦᠦ ᠶᠢᠨ ᠬᠡᠷᠡᠭ ᠤᠨ ᠬᠠᠤᠯᠢ ᠴᠠᠭᠠᠵᠠ ᠶᠢᠨ ᠬᠠᠷᠢᠭᠤᠴᠠᠯᠭ᠎ᠠ ᠪᠣᠯᠣᠨ ᠪᠤᠰᠤᠳ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠤᠬᠠᠭᠤᠯᠤᠨ ᠲᠠᠶᠢᠯᠪᠤᠷᠢᠯᠠᠵᠠᠢ᠃      ᠦ᠋ ᠴᠤᠤ ᠤᠬᠠᠭᠤᠯᠤᠨ ᠲᠠᠶᠢᠯᠪᠤᠷᠢᠯᠠᠬᠤ ᠳᠠᠭᠠᠨ᠂ ᠵᠠᠯᠠᠭᠤᠴᠤᠳ ᠪᠠᠭᠠᠴᠤᠳ ᠨᠢᠭᠡᠪᠦᠷᠢ ᠴᠥᠮ ᠳᠣᠷᠣᠮᠵᠢᠯᠠᠭᠴᠢ ᠪᠣᠯᠬᠤ ᠠᠴᠠ ᠵᠠᠶᠢᠯᠠᠰᠬᠢᠵᠦ᠂ ᠬᠦᠴᠦ ᠪᠠᠨ ᠬᠠᠮᠲᠤᠳᠬᠠᠨ ᠥᠪᠡᠷ ᠤᠨ ᠤᠷᠮ᠎ᠠ ᠰᠡᠳᠬᠢᠯᠭᠡ ᠪᠠᠨ ᠢᠯᠡᠳᠬᠡᠬᠦ ᠶᠢ ᠰᠤᠷᠴᠤ᠂ ᠬᠦᠴᠦᠷᠬᠡᠭᠯᠡᠯ ᠤᠨ ᠰᠣᠶᠣᠯ ᠠᠴᠠ ᠬᠤᠯᠠ ᠵᠠᠶᠢᠳᠠᠵᠤ᠂ ᠡᠷᠡᠭᠦᠯ ᠪᠤᠰᠤ ᠬᠠᠨᠢᠲᠠᠨ ᠠᠴᠠ ᠬᠤᠯᠠ ᠵᠠᠶᠢᠳᠠᠬᠤ ᠬᠡᠷᠡᠭᠲᠡᠢ᠃ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠤᠨ ᠡᠮᠦᠨ᠎ᠡ᠂ ᠵᠠᠪᠰᠢᠶᠠᠨ ᠣᠯᠵᠤ ᠪᠠᠶᠢᠭᠠᠳ ᠪᠠᠭᠰᠢ᠂ ᠰᠤᠷᠭᠠᠭᠤᠯᠢ ᠪᠠ ᠭᠡᠷ ᠤᠨ ᠠᠬᠠᠮᠠᠳ ᠤᠨ ᠬᠠᠪᠰᠤᠷᠤᠯᠭ᠎ᠠ ᠶᠢ ᠣᠯᠵᠤ᠂ ᠬᠠᠤᠯᠢ ᠪᠠᠷᠢᠬᠤ ᠪᠠᠶᠢᠭᠤᠯᠭ᠎ᠠ ᠶᠢᠨ ᠬᠠᠪᠰᠤᠷᠤᠯᠭ᠎ᠠ ᠶᠢ ᠤᠷᠠᠨ ᠢᠶᠠᠷ ᠣᠯᠵᠤ ᠰᠤᠷᠬᠤ ᠬᠡᠷᠡᠭᠲᠡᠢ᠃      ᠤᠬᠠᠭᠤᠯᠤᠨ ᠲᠠᠶᠢᠯᠪᠤᠷᠢᠯᠠᠵᠤ ᠳᠠᠭᠤᠰᠤᠭᠰᠠᠨ ᠤ ᠲᠠᠷᠠᠭ᠎ᠠ᠂ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠰᠤᠷᠭᠠᠭᠤᠯᠢ ᠳᠤ ᠰᠠᠭᠤᠭ᠎ᠠ ᠬᠠᠤᠯᠢᠵᠢᠯ ᠤᠨ ᠳᠡᠳ᠋ ᠵᠠᠬᠢᠷᠤᠯ ᠪᠣᠯᠣᠨ ᠬᠠᠷᠢᠶ᠎ᠠ ᠭᠠᠵᠠᠷ ᠤᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠠᠴᠠ ᠪᠠᠭᠰᠢ ᠰᠤᠷᠤᠭᠴᠢᠳ ᠲᠤ ᠪᠠᠶᠢᠴᠠᠭᠠᠯᠲᠠ ᠶᠢᠨ ᠠᠰᠠᠭᠤᠯᠲᠠ ᠶᠢᠨ ᠬᠠᠭᠤᠳᠠᠰᠤ ᠲᠠᠷᠬᠠᠭᠠᠵᠤ᠂ ᠰᠤᠷᠭᠠᠭᠤᠯᠢ ᠶᠢᠨ ᠬᠦᠷᠢᠶᠡᠨ ᠤ ᠡᠷᠬᠢᠨ ᠲᠣᠭᠤᠷᠢᠨ ᠤ ᠣᠷᠴᠢᠨ ᠲᠣᠭᠤᠷᠢᠨ᠂ ᠬᠠᠷᠭᠢᠰᠯᠠᠨ ᠳᠣᠷᠣᠮᠵᠢᠯᠠᠭᠰᠠᠨ ᠠᠵᠢᠯᠯᠠᠭ᠎ᠠ ᠶᠢᠨ ᠰᠦᠪᠡᠭᠴᠢ ᠶᠢᠨ ᠲᠣᠭᠤᠷᠢᠨ ᠳᠤ ᠰᠤᠷᠤᠭᠴᠢᠳ ᠠᠴᠠ ᠰᠦᠪᠡᠭᠴᠢ ᠪᠠᠶᠢᠴᠠᠭᠠᠨ ᠬᠠᠷᠭᠤᠭᠤᠯᠬᠤ ᠶᠢᠨ ᠬᠠᠮᠲᠤ ᠪᠠᠭᠰᠢ ᠰᠤᠷᠤᠭᠴᠢᠳ ᠲᠤ ᠰᠤᠷᠭᠠᠭᠤᠯᠢ ᠶᠢᠨ ᠬᠦᠷᠢᠶᠡᠨ ᠤ ᠳᠣᠷᠣᠮᠵᠢᠯᠠᠯ ᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠲᠠᠨᠢᠯᠴᠠᠭᠤᠯᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号