ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ
ᠨᠡᠶᠢᠲᠡᠯᠡᠭᠰᠡᠨ ᠴᠠᠭ᠄
2024/3/25
                          ︵2024 ᠣᠨ ᠤ 3 ᠰᠠᠷ᠎ᠠ ᠶᠢᠨ 6 ᠤ ᠡᠳᠦᠷ︶      ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠣᠯ ᠠᠮᠢ ᠠᠬᠤᠢ ᠶᠢᠨ ᠴᠢᠳᠠᠮᠵᠢ ᠶᠢ ᠪᠠᠲᠤᠯᠠᠬᠤ ᠪᠠ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠪᠠᠷ ᠬᠠᠷᠠᠯᠲᠠ ᠪᠤᠯᠭᠠᠵᠤ᠂ ᠣᠷᠣᠨ ᠪᠦᠰᠡ ᠬᠤᠪᠢᠶᠠᠨ ᠵᠦᠷᠢᠶᠡᠵᠢᠭᠦᠯᠦᠨ ᠨᠠᠷᠢᠯᠢᠭ ᠣᠨᠣᠴᠠᠲᠠᠢ ᠬᠠᠮᠢᠶᠠᠷᠤᠨ ᠡᠵᠡᠮᠳᠡᠬᠦ ᠣᠷᠴᠢᠨ ᠲᠣᠭᠤᠷᠢᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠢ ᠴᠢᠩᠭ᠎ᠠ ᠰᠠᠬᠢᠵᠤ᠂ ᠡᠯ᠎ᠡ ᠲᠦᠷᠦᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠯᠤᠭᠤᠳᠬᠤ ᠨᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠣᠳᠣᠬᠢᠴᠢᠯᠠᠯᠲᠠ ᠶᠢ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠶᠢᠨ ᠲᠤᠰᠠᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠪᠴᠢᠯᠡᠨ ᠪᠠᠶᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠪᠠᠶᠢᠭᠠᠯᠢ ᠶᠢᠨ ᠵᠢᠮ᠎ᠡ ᠶᠣᠰᠣ ᠪᠠ ᠣᠷᠣᠨ ᠪᠦᠰᠡ ᠶᠢᠨ ᠵᠥᠷᠢᠶ᠎ᠡ ᠶᠢ ᠭᠦᠢᠴᠡᠳ ᠭᠦᠨᠳᠦᠳᠭᠡᠵᠦ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠪᠠ ᠬᠡᠷᠡᠭᠴᠡᠭᠡ ᠶᠢᠨ ᠵᠠᠬᠢᠷᠤᠨ ᠬᠠᠮᠢᠶᠠᠷᠤᠯᠲᠠ ᠶᠢ ᠭᠦᠢᠴᠡᠳ ᠵᠣᠯᠭᠠᠭᠤᠯᠵᠤ᠂ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠡᠭᠦᠳᠦᠨ ᠪᠦᠲᠦᠭᠡᠵᠦ᠂ ᠬᠥᠮᠥᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠭᠰᠠᠨ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ᠃      - ᠠᠮᠢ ᠠᠬᠤᠢ ᠶᠢ ᠤᠷᠢᠳ ᠢᠶᠠᠷ ᠪᠣᠳᠣᠯᠬᠢᠯᠠᠵᠤ᠂ ᠪᠣᠬᠢᠷᠳᠤᠯ ᠦᠭᠡᠢ ᠬᠥᠭᠵᠢᠭᠦᠯᠦᠨ᠎ᠡ᠃ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠵᠠᠭᠠᠭ ᠬᠢᠵᠠᠭᠠᠷ ᠪᠠ ᠣᠷᠴᠢᠨ ᠠᠬᠤᠢ ᠶᠢᠨ ᠶᠠᠰᠤ ᠴᠢᠨᠠᠷ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠪᠠᠶᠢᠭᠠᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃      - ᠡᠬᠢ ᠡᠭᠦᠰᠦᠯ ᠠᠴᠠ ᠨᠢ ᠰᠡᠷᠭᠡᠶᠢᠯᠡᠵᠦ᠂ ᠰᠢᠰᠲ᠋ᠧᠮ ᠲᠠᠢ ᠬᠠᠮᠠᠭᠠᠯᠠᠨ᠎ᠠ᠃ ᠠᠮᠢ ᠠᠬᠤᠢ ᠣᠷᠴᠢᠨ ᠲᠣᠭᠤᠷᠢᠨ ᠤ ᠡᠬᠢ ᠡᠭᠦᠰᠦᠯ ᠠᠴᠠ ᠨᠢ ᠰᠡᠷᠭᠡᠶᠢᠯᠡᠬᠦ ᠰᠢᠰᠲ᠋ᠧᠮ ᠢ ᠲᠡᠭᠦᠯᠳᠡᠷᠵᠢᠭᠦᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠪᠠᠷ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠤᠯᠠᠨ ᠪᠣᠬᠢᠷᠳᠤᠯ ᠪᠣᠳᠠᠰ ᠢ ᠬᠠᠮᠵᠢᠯᠴᠠᠨ ᠡᠵᠡᠮᠳᠡᠬᠦ ᠪᠠ ᠣᠷᠣᠨ ᠪᠦᠰᠡ ᠶᠢ ᠬᠠᠮᠵᠢᠯᠴᠠᠨ ᠵᠠᠰᠠᠬᠤ ᠶᠢ ᠴᠢᠩᠭᠠᠳᠬᠠᠨ᠎ᠠ᠃      - ᠨᠠᠷᠢᠯᠢᠭ ᠣᠨᠣᠴᠠᠲᠠᠢ ᠰᠢᠨᠵᠢᠯᠡᠬᠦ ᠤᠬᠠᠭᠠᠨᠴᠢ ᠪᠠᠷ᠂ ᠬᠠᠤᠯᠢ ᠶᠣᠰᠣᠭᠠᠷ ᠬᠠᠮᠢᠶᠠᠷᠤᠨ ᠡᠵᠡᠮᠳᠡᠨ᠎ᠡ᠃ ᠣᠷᠣᠨ ᠪᠦᠰᠡ ᠶᠢᠨ ᠴᠢᠨᠠᠷᠲᠠᠢ᠂ ᠰᠠᠪᠠ ᠭᠠᠵᠠᠷ ᠤᠨ ᠴᠢᠨᠠᠷᠲᠠᠢ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠯᠢᠭ ᠣᠨᠣᠴᠠᠲᠠᠢ ᠰᠢᠨᠵᠢᠯᠡᠬᠦ ᠤᠬᠠᠭᠠᠨᠴᠢ ᠪᠠᠷ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠰᠠᠭᠤᠳᠠᠯ ᠢ ᠢᠯᠭᠠᠨ ᠲᠠᠨᠢᠬᠤ ᠠᠴᠠ ᠰᠢᠢᠳᠪᠦᠷᠢᠯᠡᠬᠦ ᠲᠥᠰᠥᠯ ᠬᠦᠷᠲᠡᠯᠡᠬᠢ ᠣᠷᠣᠨ ᠬᠤᠪᠢᠶᠠᠨ ᠲᠦᠷᠦᠯ ᠬᠤᠪᠢᠶᠠᠨ ᠬᠠᠮᠢᠶᠠᠷᠤᠨ ᠡᠵᠡᠮᠳᠡᠬᠦ ᠠᠷᠭ᠎ᠠ ᠪᠣᠳᠣᠯᠭ᠎ᠠ ᠶᠢ ᠬᠠᠤᠯᠢ ᠲᠣᠭᠲᠠᠭᠠᠯ ᠶᠣᠰᠣᠭᠠᠷ ᠪᠠᠶᠢᠭᠤᠯᠤᠨ᠎ᠠ᠃      - ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠵᠣᠬᠢᠴᠠᠭᠤᠯᠤᠨ ᠬᠤᠯᠪᠤᠭᠠᠯᠠᠨ ᠬᠥᠲᠥᠯᠥᠯᠴᠡᠨ᠎ᠡ᠃ ᠤᠯᠤᠰ ᠤᠨ ᠲᠡᠰ ᠳᠠᠪᠬᠤᠷᠭ᠎ᠠ ᠠᠴᠠ ᠦᠵᠦ ᠲᠥᠯᠥᠪᠯᠡᠭᠡ ᠶᠢ ᠰᠠᠶᠢᠲᠤᠷ ᠬᠢᠵᠦ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠣᠯᠣᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠠᠵᠢᠯ ᠬᠤᠪᠢᠶᠠᠷᠢᠯᠠᠨ ᠬᠠᠮᠵᠢᠯᠴᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠲᠦᠷᠦ ᠶᠢᠨ ᠪᠣᠳᠣᠯᠭ᠎ᠠ ᠶᠢᠨ ᠨᠢᠭᠡᠳᠦᠮᠡᠯ ᠴᠢᠨᠠᠷ᠂ ᠳᠦᠷᠢᠮ ᠤᠨ ᠨᠢᠭᠡᠳᠦᠯᠲᠦ ᠴᠢᠨᠠᠷ᠂ ᠬᠡᠷᠡᠭᠵᠢᠭᠦᠯᠦᠯᠲᠡ ᠶᠢᠨ ᠬᠠᠮᠵᠢᠯᠴᠠᠬᠤ ᠴᠢᠨᠠᠷ ᠢ ᠳᠡᠭᠡᠭᠰᠢᠯᠡᠭᠦᠯᠦᠨ᠎ᠡ᠃      2025 ᠣᠨ ᠪᠤᠯᠬᠤ ᠳᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠢ ᠦᠨᠳᠦᠰᠦᠨ ᠳᠡᠭᠡᠨ ᠪᠠᠶᠢᠭᠤᠯᠵᠤ᠂ ᠪᠦᠭᠦ ᠣᠷᠣᠨ ᠪᠦᠰᠡ ᠶᠢ ᠬᠠᠮᠤᠷᠤᠭᠰᠠᠨ᠂ ᠨᠠᠷᠢᠯᠢᠭ ᠣᠨᠣᠴᠠᠲᠠᠢ ᠰᠢᠨᠵᠢᠯᠡᠬᠦ ᠤᠬᠠᠭᠠᠨᠴᠢ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠦᠨ᠎ᠡ᠃ 2035 ᠣᠨ ᠪᠤᠯᠬᠤ ᠳᠤ᠂ ᠰᠢᠰᠲ᠋ᠧᠮ ᠪᠦᠷᠢᠨᠰᠢᠭᠰᠡᠨ᠂ ᠲᠣᠭᠲᠠᠴᠠ ᠰᠢᠯᠤᠭᠤᠨ᠂ ᠠᠵᠢᠯᠯᠠᠭᠠᠨ ᠥᠨᠳᠥᠷ ᠪᠦᠲᠦᠮᠵᠢᠲᠡᠢ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠢ ᠪᠦᠭᠦ ᠲᠠᠯ᠎ᠠ ᠪᠠᠷ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠬᠤᠶᠠᠷ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠪᠦᠭᠦ ᠲᠠᠯ᠎ᠠ ᠪᠠᠷ ᠠᠬᠢᠭᠤᠯᠤᠨ᠎ᠠ      ︵ᠨᠢᠭᠡ︶ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠲᠣᠭᠲᠠᠭᠠᠨ᠎ᠠ᠃ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ︽ᠪᠦᠭᠦ ᠤᠯᠤᠰ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠪᠴᠢ ︵2021 - 2035 ᠣᠨ︶︾ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠬᠢᠵᠠᠭᠠᠷ ᠱᠤᠭᠤᠮ ᠤᠨ ᠬᠠᠲᠠᠭᠤ ᠬᠢᠵᠠᠭᠠᠷᠯᠠᠯ ᠢ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠤᠯᠭᠠᠬᠰᠠᠨ᠂ ᠠᠮᠢ ᠠᠬᠤᠢ ᠣᠷᠴᠢᠨ ᠲᠣᠭᠤᠷᠢᠨ ᠢ ᠬᠠᠮᠢᠶᠠᠷᠤᠨ ᠡᠵᠡᠮᠳᠡᠬᠦ ᠨᠢᠭᠡᠴᠢ ᠪᠠᠷ ᠰᠠᠭᠤᠷᠢ ᠪᠤᠯᠭᠠᠬᠰᠠᠨ᠂ ᠠᠮᠢ ᠠᠬᠤᠢ ᠣᠷᠴᠢᠨ ᠲᠣᠭᠤᠷᠢᠨ ᠤ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠪᠠᠷ ᠠᠷᠭ᠎ᠠ ᠪᠠᠷᠢᠯ ᠪᠤᠯᠭᠠᠬᠰᠠᠨ᠂ ᠮᠡᠳᠡᠭᠡ ᠵᠠᠩᠭᠢ ᠶᠢᠨ ᠲᠠᠪᠴᠠᠩ ᠢᠶᠠᠷ ᠲᠤᠯᠭᠠᠭᠤᠷᠢ ᠪᠤᠯᠭᠠᠬᠰᠠᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠲᠣᠭᠲᠠᠭᠠᠨ᠎ᠠ᠃ ᠤᠯᠤᠰ ᠠᠴᠠ ᠵᠢᠯᠤᠭᠤᠳᠬᠤ᠂ ᠮᠤᠵᠢ ᠶᠢᠨ ᠱᠠᠲᠤᠨ ᠠᠴᠠ ᠨᠢᠭᠡᠳᠦᠯᠲᠡᠢ ᠲᠥᠯᠥᠪᠵᠢᠭᠦᠯᠬᠦ᠂ ᠬᠤᠲᠠ ᠶᠢᠨ ᠱᠠᠲᠤᠨ ᠳᠤ ᠨᠠᠶᠢᠳᠠᠪᠤᠷᠢᠵᠢᠭᠤᠯᠬᠤ ᠵᠠᠷᠴᠢᠮ ᠢ ᠪᠠᠷᠢᠮᠲᠠᠯᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠱᠠᠲᠤ ᠬᠤᠪᠢᠶᠠᠨ ᠨᠠᠶᠢᠷᠠᠭᠤᠯᠤᠨ ᠵᠣᠬᠢᠶᠠᠵᠤ ᠨᠡᠶᠢᠲᠡᠯᠡᠨ᠎ᠡ᠃ ᠮᠤᠵᠢ ᠶᠢᠨ ᠱᠠᠲᠤ᠂ ᠬᠤᠲᠠ ᠶᠢᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠠᠳᠠᠯᠢ ᠱᠠᠲᠤᠨ ᠤ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠬᠠᠭᠤᠳᠠᠰᠤ ᠵᠢᠷᠤᠭ︾ ᠤᠨ ᠰᠢᠰᠲ᠋ᠧᠮ ᠯᠦᠭᠡ ᠵᠣᠯᠭᠠᠭᠤᠯᠬᠤ ᠶᠢ ᠭᠦᠢᠴᠡᠳ ᠰᠠᠶᠢᠲᠤᠷ ᠬᠢᠵᠦ᠂ ᠳᠡᠭᠡᠷ᠎ᠡ ᠨᠢᠭᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠨᠡᠶᠢᠲᠡᠯᠡᠵᠦ ᠬᠡᠷᠡᠭᠵᠢᠭᠦᠯᠦᠨ᠎ᠡ᠃      ︵ᠬᠤᠶᠠᠷ︶ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠨᠢᠭᠡᠴᠢ ᠶᠢ ᠲᠣᠭᠲᠠᠭᠠᠨ᠎ᠠ᠃ ᠠᠮᠢ ᠠᠬᠤᠢ ᠣᠷᠴᠢᠨ ᠲᠣᠭᠤᠷᠢᠨ ᠤ ᠪᠦᠲᠦᠴᠡ᠂ ᠴᠢᠳᠠᠮᠵᠢ᠂ ᠶᠠᠰᠤ ᠴᠢᠨᠠᠷ ᠵᠡᠷᠭᠡ ᠣᠷᠣᠨ ᠪᠦᠰᠡ ᠶᠢᠨ ᠣᠨᠴᠠᠯᠢᠭ ᠲᠤ ᠰᠠᠭᠤᠷᠢᠯᠠᠵᠤ᠂ ᠣᠷᠴᠢᠨ ᠲᠣᠭᠤᠷᠢᠨ ᠤ ᠦᠨᠡᠯᠡᠯᠲᠡ ᠪᠠᠷ ᠳᠠᠮᠵᠢᠨ᠂ ᠠᠭᠠᠷ ᠮᠠᠨᠳᠠᠯ᠂ ᠤᠰᠤ᠂ ᠬᠥᠷᠥᠰᠥ ᠰᠢᠷᠣᠢ᠂ ᠠᠮᠢ ᠠᠬᠤᠢ᠂ ᠳᠠᠭᠤᠨ᠂ ᠳᠠᠯᠠᠢ ᠲᠠᠩᠭᠢᠰ ᠵᠡᠷᠭᠡ ᠡᠯ᠎ᠡ ᠠᠮᠢ ᠠᠬᠤᠢ ᠣᠷᠴᠢᠨ ᠲᠣᠭᠤᠷᠢᠨ ᠤ ᠡᠯᠧᠮᠧᠨ᠋ᠲ ᠤᠨ ᠬᠠᠮᠢᠶᠠᠷᠤᠯᠲᠠ ᠶᠢᠨ ᠬᠤᠪᠢᠶᠠᠷᠢ ᠲᠣᠭᠤᠷᠢᠭ ᠤᠨ ᠰᠠᠭᠤᠷᠢᠨ ᠳᠡᠭᠡᠷ᠎ᠡ᠂ ︽ᠭᠤᠷᠪᠠᠨ ᠣᠷᠣᠨ ᠭᠤᠷᠪᠠᠨ ᠱᠤᠭᠤᠮ︾ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢᠶᠠᠷ ᠰᠠᠭᠤᠷᠢ ᠪᠤᠯᠭᠠᠵᠤ᠂ ᠬᠠᠮᠠᠭᠠᠯᠠᠬᠤ ᠶᠣᠰᠣᠲᠠᠢ ᠣᠷᠣᠨ ᠪᠦᠰᠡ ᠶᠢ ᠬᠤᠪᠢᠶᠠᠷᠢᠯᠠᠨ ᠭᠠᠷᠭᠠᠵᠤ᠂ ᠠᠮᠢ ᠠᠬᠤᠢ ᠣᠷᠴᠢᠨ ᠲᠣᠭᠤᠷᠢᠨ ᠢ ᠤᠷᠢᠳ ᠢᠶᠠᠷ ᠬᠠᠮᠠᠭᠠᠯᠠᠬᠤ ᠨᠢᠭᠡᠴᠢ ᠶᠢ ᠲᠣᠬᠲᠠᠭᠠᠨ᠎ᠠ᠃ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠠᠷᠤᠯᠲᠠ ᠶᠡᠭᠡ᠂ ᠡᠬᠢ ᠪᠠᠶᠠᠯᠢᠭ ᠡᠨᠧᠷᠭᠢ ᠶᠢᠨ ᠬᠤᠷᠣᠭᠳᠠᠯ ᠤᠨ ᠬᠦᠴᠦᠯᠡᠴᠡ ᠥᠨᠳᠥᠷ᠂ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠲᠥᠪᠯᠡᠷᠡᠩᠭᠦᠢ᠂ ᠠᠮᠢ ᠠᠬᠤᠢ ᠶᠢᠨ ᠡᠪᠳᠡᠭᠳᠡᠯ ᠬᠦᠨᠳᠦ ᠨᠣᠴᠢᠲᠠᠢ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠥᠨᠳᠥᠷ ᠣᠷᠣᠨ ᠪᠦᠰᠡ ᠪᠠᠷ ᠭᠤᠣᠯ ᠴᠣᠭᠴᠠ ᠪᠤᠯᠭᠠᠵᠤ᠂ ᠬᠥᠭᠵᠢᠯᠲᠡ ᠪᠣᠯᠣᠨ ᠬᠠᠮᠠᠭᠠᠯᠠᠯᠲᠠ ᠶᠢᠨ ᠵᠥᠷᠢᠴᠡᠯ ᠲᠣᠪᠣᠶᠢᠮ᠎ᠠ ᠣᠷᠣᠨ ᠪᠦᠰᠡ ᠶᠢ ᠢᠯᠭᠠᠨ ᠭᠠᠷᠭᠠᠵᠤ᠂ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠶᠢ ᠲᠣᠬᠲᠠᠭᠠᠨ᠎ᠠ᠃ ᠠᠮᠢ ᠠᠬᠤᠢ ᠣᠷᠴᠢᠨ ᠲᠣᠭᠤᠷᠢᠨ ᠢ ᠤᠷᠢᠳ ᠢᠶᠠᠷ ᠬᠠᠮᠠᠭᠠᠯᠠᠬᠤ ᠨᠢᠭᠡᠴᠢ ᠪᠠ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠠᠴᠠ ᠭᠠᠳᠠᠨᠠᠬᠢ ᠪᠤᠰᠤᠳ ᠣᠷᠣᠨ ᠪᠦᠰᠡ ᠳᠤ ᠡᠩ ᠤᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃      ︵ᠭᠤᠷᠪᠠ︶ ᠠᠮᠢ ᠠᠬᠤᠢ ᠣᠷᠴᠢᠨ ᠲᠣᠭᠤᠷᠢᠨ ᠤ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠨ᠎ᠠ᠃ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢ ᠨᠠᠶᠢᠳᠠᠪᠤᠷᠢᠵᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠬᠡᠷᠡᠭᠯᠡᠯᠲᠡ ᠶᠢᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠳᠤ ᠶᠢᠨ ᠪᠠᠶᠢᠭ᠎ᠠ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠭᠠᠯ ᠢ ᠰᠢᠰᠲ᠋ᠧᠮᠵᠢᠭᠦᠯᠦᠨ ᠴᠤᠭᠯᠠᠭᠤᠯᠵᠤ᠂ ᠵᠥᠷᠢᠶᠡᠲᠦ ᠠᠮᠢ ᠠᠬᠤᠢ ᠣᠷᠴᠢᠨ ᠲᠣᠭᠤᠷᠢᠨ ᠤ ᠣᠷᠣᠬᠤ ᠶᠢ ᠵᠥᠪᠰᠢᠶᠡᠷᠡᠬᠦ ᠨᠠᠷᠢᠨ ᠳᠠᠩᠰᠠ ᠶᠢ ᠣᠨᠣᠪᠴᠢᠲᠠᠢ ᠨᠠᠶᠢᠷᠠᠭᠤᠯᠤᠨ ᠵᠣᠬᠢᠶᠠᠵᠤ᠂ ᠪᠣᠬᠢᠷᠳᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠢᠶᠠᠷᠤᠨ ᠡᠵᠡᠮᠳᠡᠬᠦ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠡᠬᠢ ᠪᠠᠶᠠᠯᠢᠭ ᠡᠨᠧᠷᠭᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠵᠡᠷᠭᠡ ᠱᠠᠭᠠᠷᠳᠠᠯᠭ᠎ᠠ ᠶᠢ ᠳᠤᠷᠠᠳᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ︽ᠨᠢᠭᠡ ᠨᠢᠭᠡᠴᠢ ᠳᠤ ᠨᠢᠭᠡ ᠠᠷᠭ᠎ᠠ ᠪᠣᠳᠣᠯᠭ᠎ᠠ ᠬᠡᠷᠡᠭᠵᠢᠭᠦᠯᠬᠦ︾ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠢ ᠤᠷᠢᠳ ᠢᠶᠠᠷ ᠬᠠᠮᠠᠭᠠᠯᠠᠬᠤ ᠨᠢᠭᠡᠴᠢ ᠠᠴᠠ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠪᠠ ᠴᠢᠳᠠᠮᠵᠢ ᠶᠢᠨ ᠬᠠᠮᠠᠭᠠᠯᠠᠯᠲᠠ ᠪᠠᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠠᠴᠠ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ ᠪᠣᠬᠢᠷᠳᠤᠯ ᠪᠣᠳᠠᠰ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠪᠠ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠪᠤᠰᠤᠳ ᠣᠷᠣᠨ ᠪᠦᠰᠡ ᠳᠤ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠨᠳᠦᠰᠦᠨ ᠳᠡᠭᠡᠨ ᠲᠣᠭᠲᠠᠭᠤᠨ ᠪᠠᠶᠢᠯᠭᠠᠬᠤ ᠶᠢ ᠪᠠᠲᠤᠯᠠᠨ᠎ᠠ᠃ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠠᠷᠤᠯᠲᠠ ᠶᠡᠭᠡ᠂ ᠠᠰᠠᠭᠤᠳᠠᠯ ᠪᠠ ᠠᠶᠤᠯ ᠲᠦᠭᠰᠢᠭᠦᠷᠢ ᠲᠣᠪᠣᠶᠢᠮ᠎ᠠ ᠪᠠᠶᠢᠭ᠎ᠠ ᠭᠠᠵᠠᠷ ᠣᠷᠣᠨ ᠳᠤ ᠨᠡᠩ ᠣᠨᠣᠪᠴᠢᠲᠠᠢ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠲᠣᠭᠲᠠᠭᠠᠬᠤ ᠬᠡᠷᠡᠭᠲᠡᠢ᠃      ︵ᠳᠥᠷᠪᠡ︶ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢ ᠬᠠᠮᠲᠤ   ᠪᠠᠷ ᠡᠳ᠋ᠯᠡᠬᠦ ᠶᠢ ᠴᠢᠩᠭᠠᠳᠬᠠᠨ᠎ᠠ᠃ ᠤᠯᠤᠰ ᠪᠠ ᠮᠤᠵᠢ ᠶᠢᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠭᠤᠷᠢᠭ ᠤᠨ ᠬᠠᠮᠢᠶᠠᠷᠤᠨ ᠡᠵᠡᠮᠳᠡᠬᠦ ᠰᠢᠰᠲ᠋ᠧᠮ ᠬᠢᠭᠡᠳ ᠪᠤᠰᠤᠳ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠵᠤ᠂ ᠲᠤᠭ᠎ᠠ ᠪᠠᠷᠢᠮᠲᠠ ᠶᠢ ᠬᠠᠮᠢᠶᠠᠷᠬᠤ᠂ ᠲᠣᠬᠢᠷᠠᠭᠤᠯᠤᠨ ᠰᠢᠨᠡᠳᠬᠡᠬᠦ᠂ ᠬᠡᠷᠡᠭᠯᠡᠬᠦ ᠶᠢ ᠬᠡᠷᠡᠭᠵᠢᠭᠦᠯᠬᠦ᠂ ᠮᠥᠷᠳᠡᠨ ᠦᠨᠡᠯᠡᠬᠦ᠂ ᠬᠢᠨᠠᠯᠲᠠ ᠲᠠᠯᠪᠢᠵᠤ ᠬᠠᠮᠢᠶᠠᠷᠬᠤ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠨ᠎ᠠ᠃ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ᠂ ᠵᠣᠬᠢᠶᠠᠮᠠᠯ ᠤᠶᠤᠨ ᠴᠢᠳᠠᠪᠤᠷᠢ ᠵᠡᠷᠭᠡ ᠶᠢ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠯᠦᠭᠡ ᠠᠭᠤᠰᠤᠯᠴᠠᠭᠤᠯᠤᠨ ᠰᠢᠨ᠎ᠡ ᠶᠢ ᠡᠭᠦᠳᠬᠦ ᠶᠢ ᠠᠬᠢᠭᠤᠯᠵᠤ᠂ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠣᠶᠤᠨᠴᠢ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠮᠵᠢ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃      ︵ᠲᠠᠪᠤ︶ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠬᠦ ᠪᠠ ᠬᠥᠳᠡᠯᠦᠩᠭᠦᠢ ᠪᠠᠷ ᠰᠢᠨᠡᠳᠬᠡᠬᠦ ᠶᠢ ᠨᠢᠭᠡᠳᠦᠯᠲᠡᠢ ᠲᠥᠯᠥᠪᠵᠢᠭᠦᠯᠦᠨ ᠥᠷᠨᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠵᠠᠷᠴᠢᠮ ᠳᠡᠭᠡᠷ᠎ᠡ ᠪᠠᠨ ᠲᠣᠭᠲᠠᠭᠤᠨ ᠪᠠᠶᠢᠯᠭᠠᠵᠤ᠂ 5 ᠵᠢᠯ ᠪᠦᠷᠢ ᠳᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠦᠨᠡᠯᠡᠨ ᠵᠢᠱᠢᠭᠰᠡᠨ ᠪᠠᠶᠢᠳᠠᠯ ᠲᠠᠢ ᠤᠶᠠᠯᠳᠤᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠨ᠎ᠡ᠃ 5 ᠵᠢᠯ ᠤᠨ ᠳᠣᠲᠣᠷ᠎ᠠ ᠦᠨᠡᠨ ᠬᠦ ᠰᠢᠨᠡᠳᠬᠡᠬᠦ ᠴᠢᠬᠤᠯᠠᠲᠠᠢ ᠪᠣᠯ᠂ ︽ᠬᠡᠨ ᠨᠡᠶᠢᠲᠡᠯᠡᠪᠡᠯ᠂ ᠲᠡᠷᠡ ᠰᠢᠨᠡᠳᠬᠡᠬᠦ︾ ᠵᠠᠷᠴᠢᠮ ᠶᠣᠰᠣᠭᠠᠷ᠂ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠦᠪᠵᠢᠭᠦᠯᠭᠡ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢ ᠭᠦᠢᠴᠡᠳ ᠵᠣᠯᠭᠠᠭᠤᠯᠤᠭᠰᠠᠨ ᠰᠠᠭᠤᠷᠢᠨ ᠳᠡᠭᠡᠷ᠎ᠡ᠂ ᠬᠥᠳᠡᠯᠦᠩᠭᠦᠢ ᠪᠠᠷ ᠰᠢᠨᠡᠳᠬᠡᠬᠦ ᠶᠢ ᠥᠷᠨᠢᠭᠦᠯᠬᠦ ᠶᠢᠨ ᠬᠠᠮᠲᠤ᠂ ᠳᠡᠭᠡᠳᠦ ᠨᠢᠭᠡ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠵᠡᠷᠭᠡ ᠳᠤ ᠬᠤᠪᠢᠷᠠᠯᠲᠠ ᠭᠠᠷᠤᠭᠰᠠᠨ ᠠᠴᠠ ᠪᠣᠯᠵᠤ ᠰᠢᠨᠡᠳᠬᠡᠭᠳᠡᠭᠰᠡᠨ ᠪᠠᠶᠢᠪᠠᠯ᠂ ᠰᠢᠨᠵᠢᠯᠡᠬᠦ ᠤᠬᠠᠭᠠᠨᠴᠢ ᠨᠤᠲᠠᠯᠠᠯᠲᠠ ᠬᠢᠬᠦ ᠶᠢ ᠵᠣᠬᠢᠶᠠᠨ ᠪᠠᠶᠢᠭᠤᠯᠬᠤ ᠭᠡᠷᠡᠭᠲᠡᠢ; ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠵᠡᠷᠭᠡ ᠬᠠᠤᠯᠢ ᠪᠠᠷ ᠲᠣᠭᠲᠠᠭᠠᠭᠰᠠᠨ ᠬᠠᠮᠠᠭᠠᠯᠠᠯᠲᠠ ᠶᠢᠨ ᠣᠷᠣᠨ ᠢ ᠬᠠᠤᠯᠢ ᠲᠣᠭᠲᠠᠭᠠᠯ ᠶᠣᠰᠣᠭᠠᠷ ᠪᠠᠶᠢᠭᠤᠯᠬᠤ᠂ ᠲᠣᠬᠢᠷᠠᠭᠤᠯᠬᠤ ᠪᠤᠶᠤ ᠬᠠᠰᠤᠵᠤ ᠨᠡᠶᠢᠯᠡᠭᠦᠯᠬᠦ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠰᠢᠨ᠎ᠡ ᠲᠣᠭᠲᠠᠭᠠᠯ ᠲᠠᠢ ᠪᠠᠶᠢᠪᠠᠯ᠂ ᠵᠣᠬᠢᠴᠠᠩᠭᠤᠢ ᠪᠠᠷ ᠵᠡᠷᠭᠡ ᠪᠠᠷ ᠰᠢᠨᠡᠳᠬᠡᠨ᠎ᠡ᠃      ᠭᠤᠷᠪᠠ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ      ︵ᠵᠢᠷᠭᠤᠭ᠎ᠠ︶ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠦᠢᠯᠡᠴᠢᠯᠡᠨ᠎ᠡ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠᠷ ᠳᠠᠮᠵᠢᠭᠤᠯᠤᠨ᠂ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠪᠠ ᠰᠢᠰᠲ᠋ᠧᠮ ᠤᠨ ᠴᠢᠨᠠᠷᠲᠠᠢ ᠵᠠᠰᠠᠯᠲᠠ ᠶᠢ ᠴᠢᠩᠭᠠᠳᠬᠠᠵᠤ᠂ ᠴᠢᠬᠤᠯᠠ ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠭᠤᠯᠤᠯᠲᠠ ᠶᠢ ᠲᠤᠯᠭᠠᠭᠤᠷᠢᠯᠠᠨ ᠰᠢᠯᠢᠳᠡᠭᠵᠢᠭᠦᠯᠵᠦ᠂ ᠤᠯᠤᠰ ᠤᠨ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠦᠢᠯᠡᠴᠢᠯᠡᠵᠦ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ ᠶᠢ ᠪᠠᠲᠤᠯᠠᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠬᠥᠬᠡᠮᠥ᠋ᠷᠡᠨ ᠤ ᠪᠦᠭᠦ ᠰᠠᠪᠠ ᠭᠠᠵᠠᠷ ᠤᠨ ᠨᠢᠭᠡᠴᠢ ᠪᠠᠷ ᠣᠷᠣᠨ ᠬᠤᠪᠢᠶᠠᠨ ᠨᠠᠷᠢᠯᠢᠭᠵᠢᠭᠤᠯᠤᠨ ᠬᠠᠮᠢᠶᠠᠷᠤᠨ ᠡᠵᠡᠮᠳᠡᠬᠦ ᠶᠢ ᠠᠬᠢᠭᠤᠯᠵᠤ᠂ ᠮᠥᠷᠡᠨ ᠳᠠᠭᠠᠤ ᠬᠦᠨᠳᠦ ᠬᠢᠮᠢ ᠶᠢᠨ ᠠᠵᠤ ᠦᠢᠯᠡᠳᠪᠦᠷᠢ ᠶᠢᠨ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠪᠠ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠤᠬᠢᠷᠳᠤᠯᠲᠤ ᠠᠵᠤ ᠠᠬᠤᠶᠢᠯᠠᠯ ᠪᠠ ᠲᠦᠷᠦᠯ ᠵᠦᠢᠯ ᠤᠨ ᠬᠥᠬᠡᠮᠥ᠋ᠷᠡᠨ ᠤ ᠳᠤᠮᠳᠠᠳᠤ ᠳᠡᠭᠡᠳᠦ ᠤᠷᠤᠰᠬᠠᠯ ᠲᠡᠶᠢᠰᠢ ᠰᠢᠯᠵᠢᠭᠦ ᠶᠢ ᠰᠡᠷᠭᠡᠶᠢᠯᠡᠨ᠎ᠡ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠳᠤᠮᠳᠠ ᠳᠣᠣᠷᠠᠳᠤ ᠤᠷᠤᠰᠬᠠᠯ ᠤᠨ ᠭᠠᠵᠠᠷ ᠣᠷᠣᠨ ᠤ ᠵᠦᠷᠢᠶᠡᠴᠢᠯᠡᠭᠰᠡᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ ᠬᠠᠲᠤᠨ ᠭᠤᠣᠯ ᠤᠨ ᠳᠤᠮᠳᠠ ᠳᠡᠭᠡᠳᠦ ᠤᠷᠤᠰᠬᠠᠯ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠪᠠ ᠰᠢᠨ᠎ᠡ ᠡᠨᠧᠷᠭᠢ ᠶᠢᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠳᠤᠮᠳᠠ ᠳᠣᠣᠷᠠᠳᠤ ᠤᠷᠤᠰᠬᠠᠯ ᠤᠨ ᠠᠵᠤ ᠦᠢᠯᠡᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠡᠷᠭᠢᠯᠲᠡᠲᠦ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠᠨ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠵᠤ ᠦᠢᠯᠡᠰ᠂ ᠡᠨᠧᠷᠭᠢ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠳᠤᠮᠳᠠᠬᠢ ᠬᠡᠷᠡᠭᠯᠡᠯᠲᠡ ᠶᠢ ᠴᠢᠩᠭᠠᠳᠬᠠᠵᠤ᠂ ᠬᠠᠭᠤᠷᠠᠢ ᠲᠠᠯᠠᠢ ᠶᠢᠨ ᠡᠷᠭᠢ ᠲᠡᠯᠡᠶ ᠬᠤᠯᠪᠤᠭᠠᠯᠠᠨ ᠬᠥᠳᠡᠯᠦᠯᠴᠡᠭᠰᠡᠨ᠂ ᠣᠷᠣᠨ ᠪᠦᠰᠡ ᠶᠢ ᠨᠢᠭᠡ ᠴᠣᠭᠴᠠᠵᠢᠭᠤᠯᠤᠭᠰᠠᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠨ ᠡᠵᠡᠮᠳᠡᠬᠦ ᠲᠣᠭᠲᠠᠴᠠ ᠶᠢ ᠪᠠᠶᠢᠭᠤᠯᠵᠤ᠂ ᠤᠯᠠᠮᠵᠢᠯᠠᠯᠲᠤ ᠦᠢᠯᠡᠳᠬᠦ ᠦᠢᠯᠡᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠴᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠬᠥᠲᠥᠯᠥᠨ ᠵᠢᠯᠣᠭᠤᠳᠤᠨ᠎ᠠ᠃      ︵ᠳᠣᠯᠤᠭ᠎ᠠ︶ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠠᠬᠢᠭᠤᠯᠤᠨ᠎ᠠ᠃ ᠤᠯᠤᠰ ᠤᠨ ᠡᠨᠧᠷᠭᠢ ᠶᠢᠨ ᠬᠤᠷᠣᠭᠳᠠᠯ ᠶᠡᠬᠡᠲᠡᠢ᠂ ᠭᠠᠳᠠᠭᠰᠢᠯᠠᠭᠤᠯᠤᠯᠲᠠ ᠶᠡᠬᠡᠲᠡᠢ᠂ ᠳᠣᠣᠷ᠎ᠠ ᠬᠢᠷᠢ ᠬᠡᠮᠵᠢᠶ᠎ᠡ ᠲᠠᠢ ᠲᠥᠷᠥᠯ ᠵᠦᠢᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠳᠦᠷᠢᠮ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠢ ᠬᠥᠲᠥᠯᠥᠨ ᠵᠢᠯᠤᠭᠤᠳᠴᠤ ᠪᠠᠶᠢᠭᠠᠳ ᠣᠷᠴᠢᠨ ᠲᠣᠭᠤᠷᠢᠨ ᠤ ᠪᠠᠭᠲᠠᠭᠠᠮᠵᠢ ᠪᠠᠷ ᠶᠡᠭᠡ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠥᠷᠨᠢᠭᠦᠨ᠂ ᠵᠠᠬ᠎ᠠ ᠳᠡᠯᠭᠡᠭᠦᠷ ᠤᠨ ᠪᠠᠲᠤᠯᠠᠭ᠎ᠠ ᠶᠢᠨ ᠨᠥᠬᠦᠴᠡᠯ ᠢᠶᠠᠷ ᠰᠠᠶᠢᠨ ᠭᠠᠵᠠᠷ ᠣᠷᠣᠨ ᠲᠡᠶᠢᠰᠢ ᠰᠢᠨᠵᠢᠯᠡᠬᠦ ᠤᠬᠠᠭᠠᠨᠴᠢ ᠪᠠᠷ ᠪᠠᠶᠢᠷᠢᠰᠢᠭᠤᠯᠵᠤ᠂ ᠡᠮᠬᠢ ᠵᠢᠷᠤᠮ ᠲᠠᠢ ᠪᠠᠷ ᠰᠢᠯᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠪᠣᠯᠣᠳ ᠲᠡᠮᠦᠷ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠤᠯᠠᠮᠵᠢᠯᠠᠯᠲᠤ ᠠᠵᠤ ᠦᠢᠯᠡᠰ ᠤᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠠᠷᠢᠭᠤᠨ ᠴᠡᠪᠡᠷ ᠦᠢᠯᠡᠳᠪᠦᠷᠢᠯᠡᠯ ᠤᠨ ᠥᠭᠡᠷᠡᠴᠢᠯᠡᠯᠲᠡ ᠶᠢ ᠠᠬᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠠᠵᠤ ᠦᠢᠯᠡᠰ ᠢ ᠲᠥᠪᠯᠡᠷᠡᠭᠦᠯᠦᠨ ᠬᠥᠭᠵᠢᠭᠦᠯᠬᠦ ᠪᠠ ᠲᠥᠪᠯᠡᠷᠡᠭᠦᠯᠦᠨ ᠪᠣᠬᠢᠷᠳᠤᠯ ᠢ ᠵᠠᠰᠠᠬᠤ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠬᠤ ᠶᠢ ᠵᠥᠪᠰᠢᠶᠡᠷᠡᠬᠦ ᠨᠠᠷᠢᠨ ᠲᠠᠩᠰᠠ ᠶᠢ ᠵᠣᠯᠭᠠᠭᠤᠯᠵᠤ᠂ ᠬᠥᠮᠥᠨ ᠠᠮᠠ ᠶᠢᠨ ᠨᠢᠭᠲᠠᠴᠠ ᠨᠡᠯᠢᠶᠡᠳ ᠥᠨᠳᠥᠷ ᠪᠠᠶᠢᠭ᠎ᠠ ᠭᠤᠣᠯ ᠬᠤᠲᠠ ᠲᠣᠭᠤᠷᠢᠭ ᠤᠨ ᠤᠯᠠᠮᠵᠢᠯᠠᠯᠲᠤ ᠠᠵᠤ ᠦᠢᠯᠡᠰ ᠤᠨ ᠴᠢᠳᠠᠮᠵᠢ ᠶᠢᠨ ᠣᠷᠣᠨ ᠵᠠᠢ ᠶᠢ ᠡᠮᠬᠢ ᠵᠢᠷᠤᠮ ᠲᠠᠢ ᠪᠠᠷ ᠰᠤᠯᠠᠯᠠᠵᠤ ᠭᠠᠷᠭᠠᠬᠤ ᠶᠢ ᠬᠥᠲᠥᠯᠥᠨ ᠵᠢᠯᠣᠭᠤᠳᠤᠨ᠎ᠠ᠃ ᠠᠮᠢ ᠠᠬᠤᠢ ᠣᠷᠴᠢᠨ ᠲᠣᠭᠤᠷᠢᠨ ᠢ ᠤᠷᠢᠳ ᠢᠶᠠᠷ ᠬᠠᠮᠠᠭᠠᠯᠠᠬᠤ ᠨᠢᠭᠡᠴᠢ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠠᠮᠢ ᠠᠬᠤᠢ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠵᠠᠭᠪᠤᠷ ᠪᠠ ᠠᠷᠭ᠎ᠠ ᠵᠠᠮ ᠢ ᠰᠦᠪᠡᠭᠴᠢᠯᠡᠬᠦ ᠶᠢ ᠵᠣᠷᠢᠭᠵᠢᠭᠤᠯᠵᠤ᠂ ᠠᠮᠢ ᠠᠬᠤᠢ ᠶᠢᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠮᠢ ᠠᠬᠤᠢ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ᠂ ᠦᠷᠭᠦᠯᠵᠢᠯᠡᠬᠦ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠡᠯᠡᠰᠦ ᠮᠠᠩᠬ᠎ᠠ᠂ ᠭᠤᠪᠢ᠂ ᠴᠥᠯᠯᠡᠷᠭᠡᠭ ᠭᠠᠵᠠᠷ ᠣᠷᠣᠨ ᠤ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠠᠷᠭᠠᠬᠤ ᠪᠠ ᠭᠡᠷᠡᠯᠴᠢ ᠴᠡᠨᠡᠭ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠡᠷᠡᠭᠵᠢᠭᠦᠯᠦᠨ᠎ᠡ᠃      ︵ᠨᠠᠢᠮᠠ︶ ᠶᠡᠷᠦᠩᠬᠡᠶᠢᠯᠡᠭᠰᠡᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠲᠤᠯᠭᠠᠭᠤᠷᠢᠯᠠᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠵᠤ᠂ ᠣᠷᠣᠨ ᠨᠤᠲᠤᠭ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠰᠢᠢᠳᠪᠦᠷᠢᠲᠦ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠵᠦ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠣᠷᠴᠢᠨ ᠲᠣᠭᠤᠷᠢᠨ ᠤ ᠨᠥᠯᠥᠭᠡᠯᠡᠯ ᠢ ᠰᠢᠯᠢᠳᠡᠭᠵᠢᠭᠦᠯᠦᠨ ᠦᠨᠡᠯᠡᠵᠦ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢᠨ ᠲᠠᠪᠴᠠᠩ ᠳᠤ ᠬᠠᠤᠯᠢ ᠲᠣᠭᠲᠠᠭᠠᠯ ᠶᠣᠰᠣᠭᠠᠷ ᠣᠯᠠᠨ ᠨᠡᠶᠢᠲᠡ ᠶᠢᠨ ᠪᠠᠶᠢᠴᠠᠭᠠᠨ ᠦᠵᠡᠬᠦ ᠡᠷᠬᠡ ᠮᠡᠳᠡᠯ ᠢ ᠲᠣᠬᠢᠷᠠᠭᠤᠯᠵᠤ᠂ ᠠᠵᠤ ᠠᠬᠤᠶᠢᠯᠠᠯ ᠤᠨ ᠲᠥᠷᠥᠯ ᠵᠦᠢᠯ ᠢ ᠵᠠᠳᠠᠯᠬᠤ ᠪᠠ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢᠨ ᠨᠡᠶᠢᠴᠡᠬᠦ ᠴᠢᠨᠠᠷ ᠲᠤ ᠲᠥᠭᠦᠮ ᠦᠵᠡᠭᠦᠯᠵᠦ᠂ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ᠃      ᠳᠥᠷᠪᠡ᠂ ᠠᠮᠢ ᠠᠬᠤᠢ ᠣᠷᠴᠢᠨ ᠲᠣᠭᠤᠷᠢᠨ ᠢ ᠥᠨᠳᠥᠷ ᠬᠢᠷᠢ ᠲᠦᠪᠰᠢᠨ ᠢᠶᠠᠷ ᠬᠠᠮᠠᠭᠠᠯᠠᠬᠤ ᠶᠢ ᠬᠡᠷᠡᠭᠵᠢᠭᠦᠯᠦᠨ᠎ᠡ      ︵ᠶᠢᠰᠦ︶ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠬᠠᠮᠠᠭᠠᠯᠠᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢᠶᠠᠷ ᠭᠤᠣᠯᠳᠠᠯᠭ᠎ᠠ ᠪᠣᠯᠭᠠᠨ᠂ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠢ ᠰᠠᠶᠢᠵᠢᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠠ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢᠨ ᠲᠣᠣᠷ ᠢ ᠲᠡᠭᠦᠯᠳᠡᠷᠵᠢᠭᠦᠯᠦᠨ᠎ᠡ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠶᠢ ᠴᠢᠩᠭᠠᠳᠬᠠᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠨ᠎ᠠ᠃ ᠬᠥᠬᠡᠨᠠᠭᠤᠷ ᠲᠥᠪᠡᠳ ᠤᠨ ᠥᠨᠳᠦᠷᠯᠢᠭ ᠤᠨ ᠠᠮᠢ ᠠᠬᠤᠢ ᠶᠢᠨ ᠬᠠᠯᠬᠠᠪᠴᠢ ᠣᠷᠣᠨ᠂ ᠬᠠᠲᠤᠨ ᠭᠤᠣᠯ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ᠂ ᠬᠥᠬᠡᠮᠥ᠋ᠷᠡᠨ ᠤ ᠭᠤᠣᠯᠳᠠᠯᠭ᠎ᠠ ᠲᠠᠢ ᠠᠮᠢ ᠠᠬᠤᠢ ᠶᠢᠨ ᠣᠷᠣᠨ ᠪᠠ ᠵᠡᠭᠦᠨ ᠬᠤᠶᠢᠲᠤ ᠶᠢᠨ ᠣᠶ ᠰᠢᠭᠤᠢ ᠶᠢᠨ ᠪᠦᠰᠡ᠂ ᠤᠮᠠᠷᠠᠲᠤ ᠶᠢᠨ ᠡᠯᠡᠰᠦ ᠶᠢ ᠰᠡᠷᠭᠡᠶᠢᠯᠡᠬᠦ ᠪᠦᠰᠡ᠂ ᠡᠮᠦᠨᠡᠲᠦ ᠣᠷᠣᠨ ᠤ ᠳᠣᠪᠣᠷᠬᠠᠭ ᠠᠭᠤᠯᠠᠷᠬᠠᠭ ᠣᠷᠣᠨ᠂ ᠲᠡᠯᠡᠶ ᠶᠢᠨ ᠡᠷᠭᠢ ᠶᠢᠨ ᠪᠦᠰᠡ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠨᠢᠭᠡᠴᠢ ᠬᠤᠪᠢᠶᠠᠨ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠢᠯᠭᠠᠨ ᠲᠠᠨᠢᠵᠤ᠂ ᠣᠷᠴᠢᠨ ᠲᠣᠭᠤᠷᠢᠨ ᠤ ᠵᠠᠰᠠᠯᠲᠠ ᠶᠢᠨ ᠵᠦᠷᠢᠶᠡᠴᠢᠯᠡᠭᠰᠡᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃      ︵ᠠᠷᠪᠠ︶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠵᠦ ᠬᠡᠷᠡᠭᠵᠢᠭᠦᠯᠬᠦ ᠶᠢ ᠴᠢᠩᠭᠠᠳᠬᠠᠵᠤ᠂ ᠠᠰᠠᠭᠤᠳᠠᠯ ᠢ ᠢᠯᠭᠠᠨ ᠲᠠᠨᠢᠬᠤ᠂ ᠡᠬᠢ ᠡᠭᠦᠰᠦᠯ ᠢ ᠤᠨᠤᠪᠴᠢᠳᠠᠢ ᠡᠷᠢᠬᠦ᠂ ᠣᠷᠣᠨ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠬᠦ ᠠᠵᠢᠯ ᠤᠨ ᠪᠢᠲᠡᠭᠦᠦ ᠭᠤᠭᠴᠤᠭ᠎ᠠ ᠶᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠤᠷᠢᠨ ᠤ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠪᠦᠲᠦᠴᠡ ᠶᠢᠨ ᠴᠢᠨᠠᠷᠲᠠᠢ᠂ ᠪᠠᠶᠢᠷᠢᠯᠠᠭᠤᠯᠤᠯᠲᠠ ᠶᠢᠨ ᠴᠢᠨᠠᠷᠲᠠᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠴᠢᠨᠠᠷ ᠰᠠᠶᠢᠲᠠᠢ ᠬᠥᠭᠵᠢᠯᠲᠡ ᠳᠤ ᠪᠠᠭᠲᠠᠭᠠᠮᠵᠢ ᠶᠢ ᠨᠢ ᠭᠠᠷᠭᠠᠵᠤ᠂ ᠣᠷᠣᠨ ᠵᠠᠢ ᠶᠢ ᠨᠢ ᠥᠷᠭᠡᠳᠬᠡᠨ᠎ᠡ᠃ ᠰᠠᠪᠠ ᠭᠠᠵᠠᠷ ᠤᠨ ᠤᠰᠤᠨ ᠤ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠭᠦᠨᠵᠡᠭᠡᠶᠢᠷᠡᠭᠦᠯᠵᠦ᠂ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠰᠠᠪᠠ ᠭᠠᠵᠠᠷ ᠤᠨ ᠳᠣᠲᠣᠷᠠᠬᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ᠂ ᠭᠤᠣᠯ ᠨᠠᠭᠤᠷ ᠤᠨ ᠤᠰᠤᠨ ᠣᠷᠣᠨ ᠵᠢᠴᠢ ᠲᠡᠭᠦᠨ ᠤ ᠨᠠᠮᠳᠠᠭᠤᠯᠬᠤ ᠪᠦᠰᠡ ᠵᠡᠷᠭᠡ ᠴᠢᠬᠤᠯᠠ ᠤᠰᠤᠨ ᠤ ᠠᠮᠢ ᠠᠬᠤᠢ ᠶᠢᠨ ᠣᠷᠣᠨ ᠵᠠᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠡᠷᠭᠢ ᠣᠶᠢᠷᠠᠯᠴᠠᠭ᠎ᠠ ᠳᠠᠯᠠᠢ ᠶᠢᠨ ᠣᠷᠣᠨ ᠤ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠬᠡ ᠬᠠᠭᠤᠷᠠᠢ ᠳᠠᠯᠠᠢ ᠲᠠᠩᠭᠢᠰ ᠤᠨ ᠭᠤᠣᠯᠳᠠᠯᠭ᠎ᠠ ᠲᠠᠢ ᠭᠤᠣᠯ ᠤᠨ ᠠᠳᠠᠭ ᠳᠠᠯᠠᠢ ᠶᠢᠨ ᠪᠤᠯᠤᠩ ᠤᠨ ᠬᠠᠮᠢᠶᠠᠷᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠭᠠᠷ ᠮᠠᠨᠳᠠᠯ ᠤᠨ ᠣᠷᠣᠨ ᠪᠦᠰᠡ ᠶᠢᠨ ᠳᠠᠮᠵᠢᠭᠤᠯᠬᠤ ᠵᠢᠮ᠎ᠡ ᠶᠣᠰᠣ ᠪᠠ ᠣᠷᠣᠨ ᠵᠠᠢ ᠶᠢᠨ ᠪᠠᠶᠢᠷᠢᠯᠠᠭᠤᠯᠤᠯᠲᠠ ᠶᠢᠨ ᠰᠡᠷᠭᠡᠭ ᠴᠢᠨᠠᠷ ᠵᠡᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠣᠷᠣᠨ ᠬᠤᠪᠢᠶᠠᠨ ᠲᠥᠷᠥᠯ ᠬᠤᠪᠢᠶᠠᠵᠤ ᠬᠠᠮᠵᠢᠯᠴᠠᠨ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠥᠷᠥᠰᠥ ᠰᠢᠷᠣᠢ ᠶᠢᠨ ᠪᠣᠬᠢᠷᠳᠤᠯ ᠤᠨ ᠬᠡᠮᠵᠢᠶ᠎ᠡ ᠪᠣᠯᠣᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠲᠥᠷᠥᠯ ᠬᠤᠪᠢᠶᠠᠨ ᠬᠠᠮᠢᠶᠠᠷᠬᠤ ᠪᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠣᠷᠣᠬᠤ ᠶᠢ ᠵᠥᠪᠰᠢᠶᠡᠷᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳᠠᠭᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠂ ᠲᠣᠮᠣ ᠭᠡᠯᠪᠡᠷᠢ ᠶᠢᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ᠂ ᠠᠵᠤ ᠦᠢᠯᠡᠳᠪᠦᠷᠢ ᠲᠥᠪᠯᠡᠷᠡᠭᠰᠡᠨ ᠣᠷᠣᠨ ᠵᠡᠷᠭᠡ ᠬᠢᠭᠡᠳ ᠱᠤᠤᠭᠢᠶᠠᠨ ᠳᠤ ᠰᠡᠷᠭᠡᠭ ᠪᠠᠷᠢᠯᠭ᠎ᠠ ᠶᠢᠨ ᠵᠦᠢᠯ ᠲᠥᠪᠯᠡᠷᠡᠭᠰᠡᠨ ᠣᠷᠣᠨ ᠪᠦᠰᠡ ᠶᠢᠨ ᠭᠠᠵᠠᠷ ᠬᠡᠷᠡᠭᠯᠡᠬᠦ ᠪᠠᠶᠢᠷᠢᠰᠢᠭᠤᠯᠤᠯ ᠯᠤᠭ᠎ᠠ ᠵᠣᠬᠢᠴᠠᠭᠤᠯᠬᠤ ᠶᠢ  ᠠᠬᠢᠭᠤᠯᠤᠨ᠎ᠠ᠃ ᠭᠠᠵᠠᠷ ᠳᠣᠣᠷᠠᠬᠢ ᠤᠰᠤᠨ ᠤ ᠪᠣᠬᠢᠷᠳᠤᠯ ᠢ ᠰᠡᠷᠭᠡᠶᠢᠯᠡᠨ ᠵᠠᠰᠠᠬᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠠᠭᠪᠤᠷ ᠢ ᠰᠦᠪᠡᠭᠴᠢᠯᠡᠨ ᠥᠷᠨᠢᠭᠦᠯᠵᠦ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ ᠶᠢ ᠨᠢᠭᠡᠳᠦᠯᠲᠡᠢ ᠲᠥᠯᠥᠪᠵᠢᠭᠦᠯᠦᠨ᠂ ᠠᠮᠢ ᠠᠬᠤᠢ ᠣᠷᠴᠢᠨ ᠲᠣᠭᠤᠷᠢᠨ ᠤ ᠣᠷᠣᠬᠤ ᠶᠢ ᠵᠥᠪᠰᠢᠶᠡᠷᠡᠬᠦ ᠪᠠ ᠪᠣᠬᠢᠷᠳᠤᠯ ᠤᠨ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠵᠦᠷᠢᠶᠡᠴᠢᠯᠡᠭᠰᠡᠨ ᠱᠠᠭᠠᠷᠳᠠᠯᠭ᠎ᠠ ᠶᠢ ᠲᠣᠭᠲᠠᠭᠠᠨ᠎ᠠ᠃      ︵ᠠᠷᠪᠠᠨ ᠨᠢᠭᠡ︶ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠨ᠎ᠠ᠃ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠰᠢᠰᠲ᠋ᠧᠮ ᠳᠠᠬᠢ  ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠰᠠᠭᠤᠷᠢ ᠴᠢᠨᠠᠷᠲᠠᠢ ᠦᠢᠯᠡᠳᠦᠯ ᠢ ᠪᠠᠳᠠᠷᠠᠭᠤᠯᠵᠤ᠂ ᠪᠦᠭᠦ ᠣᠷᠣᠨ ᠪᠦᠰᠡ ᠶᠢ ᠬᠠᠮᠤᠷᠬᠤ᠂ ᠰᠠᠯᠠᠭ᠎ᠠ ᠮᠥᠴᠢᠷ ᠠᠯᠤᠰᠯᠠᠨ ᠬᠠᠮᠵᠢᠯᠴᠠᠬᠤ᠂ ᠣᠯᠠᠨ ᠬᠦᠴᠦᠨ ᠵᠦᠢᠯ ᠢ ᠶᠡᠷᠦᠩᠬᠡᠶᠢᠯᠡᠨ ᠨᠠᠷᠢᠯᠢᠭᠵᠢᠭᠤᠯᠬᠤ ᠬᠠᠮᠢᠶᠠᠷᠤᠯᠲᠠ ᠶᠢ ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ  ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠯᠦᠭᠡ ᠬᠥᠳᠡᠯᠦᠩᠭᠦᠢ ᠪᠠᠷ ᠵᠣᠯᠭᠠᠭᠤᠯᠬᠤ ᠶᠢ ᠴᠢᠩᠭᠠᠳᠬᠠᠵᠤ᠂ ᠠᠳᠠᠯᠢ ᠪᠤᠰᠤ ᠣᠷᠣᠨ ᠪᠦᠰᠡ ᠶᠢᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠣᠨᠴᠠᠯᠢᠭ ᠲᠤ ᠴᠢᠭᠯᠡᠭᠦᠯᠦᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡᠴᠢ ᠬᠤᠪᠢᠶᠠᠨ ᠵᠦᠷᠢᠶᠡᠴᠢᠯᠡᠭᠰᠡᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢ ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠣᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠨᠡᠶᠢᠲᠡᠯᠢᠭ ᠭᠠᠵᠠᠷ ᠣᠷᠣᠨ ᠢ ᠰᠣᠩᠭᠤᠨ ᠲᠤᠷᠰᠢᠯᠲᠠ ᠶᠢᠨ ᠴᠡᠭ ᠥᠷᠨᠢᠭᠦᠯᠵᠦ᠂ ᠲᠤᠷᠰᠢᠯᠭ᠎ᠠ ᠬᠤᠷᠠᠮᠳᠤᠭᠤᠯᠵᠤ᠂ ᠲᠣᠭᠲᠠᠴᠠ ᠶᠢ ᠲᠡᠭᠦᠯᠳᠡᠷᠵᠢᠭᠦᠯᠵᠦ᠂ ᠲᠥᠷᠥ ᠶᠢᠨ ᠪᠣᠳᠣᠯᠭ᠎ᠠ ᠶᠢᠨ ᠬᠠᠮᠲᠤᠷᠠᠯ ᠬᠦᠴᠦᠨ ᠢ ᠪᠦᠷᠢᠯᠳᠦᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ  ᠪᠣᠬᠢᠷᠳᠤᠯ ᠢ  ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ ᠬᠠᠮᠵᠢᠯᠴᠠᠭ᠎ᠠ ᠶᠢᠨ ᠲᠤᠷᠰᠢᠯᠲᠠ ᠶᠢ ᠥᠷᠨᠢᠭᠦᠯᠵᠦ᠂ ᠨᠡᠭᠦᠷᠡᠰᠦᠲᠥ᠋ᠷᠥᠭᠴᠢ  ᠶᠢ ᠭᠠᠳᠠᠭᠰᠢᠯᠠᠭᠤᠯᠬᠤ᠂ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠵᠡᠷᠭᠡ ᠪᠠᠷ ᠦᠨᠳᠦᠰᠦᠯᠡᠯ ᠪᠤᠯᠭᠠᠬᠰᠠᠨ ᠵᠥᠷᠢᠶᠡᠲᠦ ᠲᠣᠬᠢᠷᠠᠭᠤᠯᠭ᠎ᠠ ᠡᠵᠡᠮᠳᠡᠯ ᠤᠨ ᠲᠦᠷᠦ ᠶᠢᠨ ᠪᠣᠳᠣᠯᠭ᠎ᠠ ᠶᠢ ᠰᠤᠳᠤᠯᠤᠨ ᠨᠠᠶᠢᠳᠠᠪᠤᠷᠢᠵᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠢᠭᠡᠳ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠠᠮᠢ ᠠᠬᠤᠢ ᠣᠷᠴᠢᠨ ᠲᠣᠭᠤᠷᠢᠨ ᠤ ᠬᠤᠯᠪᠣᠭᠳᠠᠯ ᠪᠦᠬᠦᠢ ᠪᠠᠷᠢᠮᠵᠢᠶ᠎ᠠ᠂ ᠲᠥᠷᠥ ᠶᠢᠨ ᠪᠣᠳᠣᠯᠭ᠎ᠠ ᠵᠡᠷᠭᠡ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠳᠤ ᠣᠷᠣᠭᠤᠯᠤᠨ᠎ᠠ᠃ ᠡᠯ᠎ᠡ ᠭᠠᠵᠠᠷ ᠤᠨ ᠬᠢᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠵᠡᠷᠭᠡ ᠪᠠᠷ ᠭᠤᠣᠯᠳᠠᠯᠭ᠎ᠠ ᠪᠤᠯᠭᠠᠵᠤ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠣᠷᠴᠢᠨ ᠲᠣᠭᠤᠷᠢᠨ ᠳᠤ ᠦᠵᠡᠭᠦᠯᠭᠦ ᠨᠥᠯᠥᠭᠡ ᠶᠢ ᠦᠨᠡᠯᠡᠬᠦ᠂ ᠪᠣᠬᠢᠷᠳᠤᠯ ᠭᠠᠳᠠᠭᠰᠢᠯᠠᠭᠤᠯᠬᠤ ᠵᠥᠪᠰᠢᠶᠡᠷᠡᠯ᠂ ᠣᠷᠴᠢᠨ ᠲᠣᠭᠤᠷᠢᠨ ᠢ ᠬᠢᠨᠠᠨ ᠰᠢᠨᠵᠢᠬᠦ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠵᠡᠷᠭᠡ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠥᠭᠡᠷᠡᠴᠢᠯᠡᠯᠲᠡ ᠶᠢᠨ ᠲᠤᠷᠰᠢᠯᠲᠠ ᠶᠢ ᠥᠷᠨᠢᠭᠦᠯᠵᠦ᠂ ᠪᠦᠭᠦ ᠬᠡᠯᠬᠢᠶᠡᠰᠦ ᠶᠢᠨ ᠠᠮᠢ ᠠᠬᠤᠢ ᠣᠷᠴᠢᠨ ᠲᠣᠭᠤᠷᠢᠨ ᠤ ᠬᠠᠮᠢᠶᠠᠷᠤᠯᠲᠠ ᠶᠢᠨ ᠰᠢᠰᠲ᠋ᠧᠮ ᠢ ᠰᠦᠪᠡᠭᠴᠢᠯᠡᠨ ᠪᠠᠶᠢᠭᠤᠯᠬᠤ ᠶᠢ ᠵᠣᠷᠢᠭᠵᠢᠭᠤᠯᠤᠨ᠎ᠠ᠃      ᠲᠠᠪᠤ᠂ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ      ︵ᠠᠷᠪᠠᠨ ᠬᠤᠶᠠᠷ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠢᠶᠠᠨ ᠬᠤᠪᠢᠶᠠᠷᠢᠯᠠᠵᠤ᠂ ᠬᠠᠮᠢᠶ᠎ᠠ ᠪᠦᠬᠦᠢ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ ᠲᠣᠮᠣ ᠳ᠋ᠠᠶᠢᠲ᠋ᠠ᠂ ᠳᠠᠭᠠᠭᠤᠯᠢ ᠣᠳᠣᠨ ᠤ ᠠᠯᠤᠰ ᠰᠡᠷᠡᠯ᠂ ᠵᠢᠯᠣᠭᠤᠴᠢ ᠦᠭᠡᠢ ᠨᠢᠰᠬᠡᠯ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠠᠰᠢᠭᠯᠠᠵᠤ ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠥᠷᠨᠢᠭᠦᠯᠵᠦ᠂ ᠢᠯᠡᠷᠡᠭᠦᠯᠦᠭᠰᠡᠨ ᠲᠣᠪᠣᠶᠢᠮ᠎ᠠ ᠠᠰᠠᠭᠤᠳᠠᠯ ᠪᠠ ᠲᠦᠭᠰᠢᠭᠦᠷᠢ ᠶᠢᠨ ᠭᠡᠮ ᠰᠣᠭᠤᠭ ᠢ ᠲᠤᠬᠠᠢ ᠶᠢᠨ ᠭᠠᠵᠠᠷ ᠲᠤᠨᠢ ᠪᠠᠶᠢᠴᠠᠭᠠᠬᠤ ᠶᠢᠨ ᠬᠠᠮᠲᠤ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ ᠠᠮᠢ ᠠᠬᠤᠢ ᠶᠢᠨ ᠴᠢᠳᠠᠮᠵᠢ ᠢᠯᠡᠳᠲᠡ ᠪᠠᠭᠤᠷᠠᠭᠰᠠᠨ ᠠᠮᠢ ᠠᠬᠤᠢ ᠣᠷᠴᠢᠨ ᠲᠣᠭᠤᠷᠢᠨ ᠢ ᠤᠷᠢᠳ ᠢᠶᠠᠷ ᠬᠠᠮᠠᠭᠠᠯᠠᠬᠤ ᠨᠢᠭᠡᠴᠢ᠂ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢᠶᠠᠷ ᠲᠣᠪᠣᠶᠢᠮ᠎ᠠ ᠠᠮᠢ ᠠᠬᠤᠢ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠨᠢᠭᠡᠴᠢ ᠵᠢᠴᠢ ᠣᠷᠴᠢᠨ ᠲᠣᠭᠤᠷᠢᠨ ᠤ ᠶᠠᠰᠤ ᠴᠢᠨᠠᠷ ᠢᠯᠡᠳᠲᠡ ᠪᠠᠭᠤᠷᠠᠭᠰᠠᠨ ᠪᠤᠰᠤᠳ ᠣᠷᠣᠨ ᠪᠦᠰᠡ ᠳᠤ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠬᠠᠤᠯᠢ ᠲᠣᠭᠲᠠᠭᠠᠯ ᠶᠣᠰᠣᠭᠠᠷ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠦᠷᠢᠮ ᠢ ᠨᠠᠶᠢᠳᠠᠪᠤᠷᠢᠵᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠲᠥᠪ ᠤᠨ ᠪᠠ ᠮᠤᠵᠢ ᠶᠢᠨ ᠱᠠᠲᠤᠨ ᠤ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠣᠷᠣᠭᠤᠯᠤᠨ᠎ᠠ᠃      ︵ᠠᠷᠪᠠᠨ ᠭᠤᠷᠪᠠ︶ ᠰᠢᠯᠭᠠᠨ ᠬᠢᠨᠠᠵᠤ ᠦᠨᠡᠯᠡᠬᠦ ᠶᠢ ᠲᠡᠭᠦᠯᠳᠡᠷᠵᠢᠭᠦᠯᠦᠨ᠎ᠡ      ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢᠨ ᠬᠡᠷᠡᠭᠵᠢᠭᠦᠯᠦᠭᠰᠡᠨ ᠪᠠᠶᠢᠳᠠᠯ ᠢ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠳᠤ ᠣᠷᠣᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠣᠷᠣᠨ ᠨᠤᠲᠤᠭ ᠤᠨ ᠤᠳᠤᠷᠢᠳᠬᠤ ᠪᠠᠭ ᠪᠣᠯᠣᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠱᠠᠩᠨᠠᠬᠤ ᠵᠠᠯᠬᠠᠭᠠᠬᠤ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠵᠢᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠢ ᠮᠥᠷᠳᠡᠨ ᠣᠶᠢᠯᠠᠭᠠᠵᠤ᠂ ᠠᠵᠢᠯ ᠤᠨ ᠦᠷ᠎ᠡ ᠪᠦᠲᠦᠮᠵᠢ ᠶᠢ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠶᠢᠨ ᠴᠢᠬᠤᠯᠠ ᠯᠠᠪᠯᠠᠯᠲᠠ ᠪᠣᠯᠭᠠᠨ᠎ᠠ᠃      ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ︵ᠠᠷᠪᠠᠨ ᠳᠥᠷᠪᠡ︶ ᠵᠣᠬᠢᠶᠠᠨ ᠪᠠᠶᠢᠭᠤᠯᠵᠤ ᠤᠳᠤᠷᠢᠳᠬᠤ ᠪᠠᠨ  ᠴᠢᠩᠭᠠᠳᠬᠠᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠬᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠵᠤ᠂ ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ᠂ ᠲᠣᠬᠢᠷᠠᠭᠤᠯᠤᠯᠲᠠ ᠬᠢᠵᠦ ᠰᠢᠨᠡᠳᠬᠡᠬᠦ᠂ ᠬᠢᠨᠠᠯᠲᠠ ᠲᠠᠯᠪᠢᠵᠤ ᠨᠠᠶᠢᠳᠠᠪᠤᠷᠢᠵᠢᠭᠤᠯᠬᠤ ᠵᠡᠷᠭᠡ ᠵᠦᠢᠯᠡᠰ ᠢ ᠪᠠᠶᠢᠩᠭᠤ ᠠᠬᠢᠭᠤᠯᠵᠤ᠂ ᠴᠢᠬᠤᠯᠠ ᠠᠵᠢᠯ ᠤᠨ ᠠᠬᠢᠴᠠ ᠶᠢ ᠴᠠᠭ ᠲᠤᠬᠠᠢ ᠳᠤᠨᠢ ᠮᠡᠳᠡᠭᠦᠯᠵᠦ᠂ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠬᠤ ᠰᠠᠶᠢᠨ ᠰᠠᠶᠢᠬᠠᠨ ᠪᠠᠶᠢᠷᠢᠰᠢᠯ ᠢ ᠪᠦᠷᠢᠯᠳᠦᠭᠦᠯᠦᠨ᠎ᠡ᠃ ᠡᠯ᠎ᠡ ᠭᠠᠵᠠᠷ ᠣᠷᠣᠨ ᠤ ᠬᠢᠨ ᠪᠣᠳᠠᠲᠠᠢ ᠪᠠᠶᠢᠳᠠᠯ ᠲᠠᠢ ᠪᠠᠨ ᠤᠶᠠᠯᠳᠤᠭᠤᠯᠵᠤ ᠲᠥᠬᠦᠷ ᠪᠢᠴᠢᠭ ᠮᠠᠲ᠋ᠧᠷᠢᠶᠠᠯ ᠢ ᠲᠣᠭᠲᠠᠭᠠᠵᠤ ᠪᠣᠯᠣᠨ᠎ᠠ᠃      ︵ᠠᠷᠪᠠᠨ ᠲᠠᠪᠤ︶ ᠰᠠᠯᠠᠭ᠎ᠠ ᠮᠥᠴᠢᠷ ᠤᠨ ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ  ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠬᠠᠮᠢᠶ᠎ᠠ ᠪᠦᠬᠦᠢ ᠲᠦᠷᠦ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ᠃ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠢᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ ᠢ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠬᠠᠮᠢᠶ᠎ᠠ ᠪᠦᠬᠦᠢ ᠲᠥᠯᠦᠪᠵᠢᠭᠦᠯᠭᠡ᠂ ᠣᠷᠣᠨ ᠪᠦᠰᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠬᠦ ᠯᠦᠭᠡ ᠭᠦᠢᠴᠡᠳ ᠵᠣᠯᠭᠠᠭᠤᠯᠬᠤ ᠶᠢ ᠢᠳᠡᠪᠬᠢᠲᠡᠢ ᠠᠬᠢᠭᠤᠯᠤᠨ᠎ᠠ᠃ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠵᠢᠷᠤᠭ︾ ᠤᠨ ᠰᠢᠰᠲ᠋ᠧᠮ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠲᠤᠭ᠎ᠠ ᠪᠠᠷᠢᠮᠲᠠ ᠳᠤ ᠲᠦᠰᠢᠭᠯᠡᠵᠦ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠲᠥᠰᠥᠯ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠯᠦᠭᠡ ᠵᠣᠯᠭᠠᠭᠤᠯᠬᠤ ᠶᠢ ᠴᠢᠩᠭᠠᠳᠬᠠᠵᠤ᠂ ᠬᠠᠮᠢᠶ᠎ᠠ ᠪᠦᠬᠦᠢ ᠰᠤᠳᠤᠯᠭᠠᠨ ᠵᠢᠴᠢ ᠲᠤᠷᠰᠢᠯᠲᠠ ᠶᠢᠨ ᠴᠡᠭ ᠢ ᠤᠷᠢᠳ ᠢᠶᠠᠷ ᠬᠡᠷᠡᠭᠵᠢᠭᠦᠯᠬᠦ ᠵᠡᠷᠭᠡ ᠠᠵᠢᠯ ᠢ ᠬᠠᠮᠲᠤ ᠪᠠᠷ ᠰᠠᠶᠢᠲᠤᠷ ᠬᠢᠬᠦ ᠬᠡᠷᠡᠭᠲᠡᠢ᠃ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠤᠰᠤᠨ ᠤ ᠡᠬᠢ ᠪᠠᠶᠠᠯᠢᠭ  ᠤᠨ ᠬᠠᠮᠢᠶᠠᠷᠤᠯᠲᠠ᠂ ᠤᠰᠤᠨ ᠣᠷᠣᠨ ᠤ ᠡᠷᠭᠢ ᠱᠤᠭᠤᠮ ᠤᠨ ᠬᠠᠮᠢᠶᠠᠷᠤᠯᠲᠠ ᠵᠡᠷᠭᠡ ᠬᠤᠯᠪᠣᠭᠳᠠᠯ ᠪᠦᠬᠦᠢ ᠠᠵᠢᠯ ᠢ ᠬᠠᠷᠢᠭᠤᠴᠠᠵᠤ᠂ ᠤᠰᠤᠨ ᠤ ᠡᠬᠢ ᠪᠠᠶᠠᠯᠢᠭ ᠤᠨ ᠵᠥᠷᠢᠶᠡᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠵᠦ᠂ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠬᠡᠪᠴᠢᠶ᠎ᠡ ᠶᠢ ᠵᠦᠢ ᠵᠣᠬᠢᠰᠲᠠᠢ ᠬᠢᠵᠠᠭᠠᠷᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠯᠦᠭᠡ ᠬᠠᠮᠲᠤᠷᠠᠨ ᠬᠥᠳᠡᠯᠦᠯᠴᠡᠬᠦ ᠬᠡᠷᠡᠭᠲᠡᠢ᠃ ᠣᠶ ᠰᠢᠭᠤᠢ ᠪᠠ ᠨᠤᠲᠤᠭ ᠪᠡᠯᠴᠢᠭᠡᠷ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠬᠠᠮᠢᠶᠠᠷᠤᠯᠲᠠ  ᠪᠣᠯᠣᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠯᠦᠭᠡ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠬᠤ ᠬᠡᠷᠡᠭᠲᠡᠢ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠬᠥᠳᠡᠭᠡ ᠲᠣᠰᠬᠤᠨ ᠵᠡᠷᠭᠡ ᠬᠤᠯᠪᠣᠭᠳᠠᠯ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠠᠵᠢᠯ ᠢᠶᠠᠨ ᠬᠤᠪᠢᠶᠠᠷᠢᠯᠠᠵᠤ᠂ ᠲᠣᠰ ᠬᠦᠷᠢᠶᠡᠨ ᠳᠠᠬᠢ ᠬᠠᠮᠢᠶ᠎ᠠ ᠪᠦᠬᠦᠢ ᠠᠵᠢᠯ ᠪᠣᠯᠣᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠯᠦᠭᠡ ᠵᠣᠬᠢᠴᠠᠯᠳᠤᠵᠤ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠵᠤ᠂ ᠠᠵᠢᠯ ᠲᠥᠷᠥᠯ ᠤᠨ ᠬᠥᠭᠵᠢᠯᠲᠡ ᠪᠠ ᠨᠡᠭᠡᠭᠡᠨ ᠠᠰᠢᠭᠯᠠᠬᠤ ᠲᠥᠷᠥ ᠶᠢᠨ ᠪᠣᠳᠣᠯᠭ᠎ᠠ᠂ ᠲᠥᠯᠦᠪᠵᠢᠭᠦᠯᠭᠡ ᠲᠣᠭᠲᠠᠭᠠᠬᠤ ᠳᠠᠭᠠᠨ᠂ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ᠠᠮᠢ ᠠᠬᠤᠢ ᠶᠢᠨ ᠰᠢᠰᠲ᠋ᠧᠮ ᠤᠨ ᠴᠢᠳᠠᠮᠵᠢ ᠪᠠ ᠣᠷᠴᠢᠨ ᠲᠣᠭᠤᠷᠢᠨ ᠤ ᠶᠠᠰᠤ ᠴᠢᠨᠠᠷ ᠲᠤ ᠦᠵᠡᠭᠦᠯᠭᠦ ᠨᠠᠵᠠᠭᠠᠢ ᠨᠥᠯᠥᠭᠡ ᠶᠢ ᠪᠠᠭᠠᠰᠬᠠᠬᠤ ᠬᠡᠷᠡᠭᠲᠡᠢ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ  ᠬᠡᠷᠡᠭᠯᠡᠬᠦ ᠳᠤ ᠠᠰᠢᠭᠲᠠᠢ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠬᠠᠮᠲᠤ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠳᠤ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠶᠢ ᠵᠣᠬᠢᠴᠠᠭᠤᠯᠵᠤ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠪᠠᠯ ᠵᠣᠬᠢᠨ᠎ᠠ᠃      ︵ᠠᠷᠪᠠᠨ ᠵᠢᠷᠭᠤᠭ᠎ᠠ︶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠤ ᠣᠷᠣᠭᠤᠯᠤᠨ ᠲᠣᠭᠲᠠᠭᠠᠵᠤ ᠵᠠᠰᠠᠪᠤᠷᠢ ᠣᠷᠣᠭᠤᠯᠬᠤ ᠶᠢ ᠠᠬᠢᠭᠤᠯᠤᠨ᠎ᠠ᠃ ᠬᠠᠤᠯᠢ ᠲᠣᠭᠲᠠᠭᠠᠬᠤ ᠡᠷᠬᠡ ᠲᠠᠢ ᠭᠠᠵᠠᠷ ᠣᠷᠣᠨ ᠢ ᠵᠣᠷᠢᠭᠵᠢᠭᠤᠯᠵᠤ ᠪᠠᠶᠢᠭᠠᠳ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ  ᠬᠤᠪᠢᠶᠠᠨ ᠬᠠᠮᠢᠶᠠᠷᠤᠨ ᠡᠵᠡᠮᠳᠡᠬᠦ ᠯᠦᠭᠡ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠰᠤᠳᠤᠯᠤᠨ ᠲᠣᠭᠲᠠᠭᠠᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠮᠢ ᠠᠬᠤᠢ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠪᠠᠶᠢᠭᠠᠯᠢ ᠶᠢᠨ ᠡᠬᠢ ᠪᠠᠶᠠᠯᠢᠭ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠡᠷᠭᠡ ᠲᠠᠢ ᠬᠠᠮᠲᠤᠷᠠᠨ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠨᠢᠭᠡᠴᠢ ᠶᠢ ᠬᠤᠪᠢᠶᠠᠷᠢᠯᠠᠬᠤ ᠱᠠᠭᠠᠷᠳᠠᠯᠭ᠎ᠠ ᠵᠢᠴᠢ ᠬᠤᠯᠪᠣᠭᠳᠠᠯ ᠪᠦᠬᠦᠢ ᠪᠠᠷᠢᠮᠵᠢᠶ᠎ᠠ ᠵᠢᠷᠤᠮᠵᠢᠯ ᠢ ᠰᠤᠳᠤᠯᠤᠨ ᠲᠣᠭᠲᠠᠭᠠᠬᠤ ᠬᠡᠷᠡᠭᠲᠡᠢ᠃      ︵ᠠᠷᠪᠠᠨ ᠳᠣᠯᠤᠭ᠎ᠠ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠬᠦᠷᠢᠶ᠎ᠡ ᠴᠠᠷᠠᠭ᠎ᠠ ᠶᠢᠨ ᠬᠠᠮᠢᠶ᠎ᠠ ᠪᠦᠬᠦᠢ ᠰᠢᠨᠵᠢᠯᠡᠭᠡᠨ ᠤ ᠪᠠᠶᠢᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠵᠤ᠂ ᠲᠤᠰᠬᠠᠶᠢᠵᠢᠭᠰᠠᠨ ᠡᠩᠨᠡᠭᠡ ᠶᠢ ᠲᠦᠷᠭᠡᠳᠬᠡᠨ ᠪᠠᠶᠢᠭᠤᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠠᠯᠲᠠ ᠪᠠ ᠡᠭᠦᠷᠭᠡ ᠶᠢ ᠶᠡᠷᠦᠩᠬᠡᠶᠢᠯᠡᠨ ᠪᠣᠳᠣᠯᠬᠢᠯᠠᠵᠤ᠂ ᠡᠳ᠋ ᠤᠨ ᠵᠠᠰᠠᠭ ᠤᠨ ᠶᠠᠪᠤᠳᠠᠯ ᠢ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠵᠠᠷᠴᠢᠮ ᠶᠣᠰᠣᠭᠠᠷ ᠪᠡᠯᠡ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃      ︵ᠠᠷᠪᠠᠨ ᠨᠠᠢᠮᠠ︶ ᠢᠳᠡᠪᠬᠢᠲᠡᠢ ᠤᠬᠠᠭᠤᠯᠵᠤ ᠬᠥᠲᠥᠯᠥᠨ ᠵᠢᠯᠣᠭᠤᠳᠤᠨ᠎ᠠ᠃ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠨᠠᠮ ᠵᠠᠰᠠᠭ ᠤᠨ ᠤᠳᠤᠷᠢᠳᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠭᠤᠯᠭ᠎ᠠ ᠳᠤ ᠣᠷᠣᠭᠤᠯᠤᠨ᠎ᠠ᠃ ᠤᠬᠠᠭᠤᠯᠤᠨ ᠲᠠᠶᠢᠯᠪᠤᠷᠢᠯᠠᠬᠤ ᠶᠢ ᠴᠢᠩᠭᠠᠳᠬᠠᠵᠤ᠂ ᠵᠥᠪ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ ᠡᠰᠡᠷᠭᠦ ᠲᠠᠯ᠎ᠠ ᠶᠢᠨ ᠬᠡᠷᠡᠭ ᠤᠨ ᠵᠢᠱᠢᠶ᠎ᠡ ᠶᠢ ᠢᠯᠡᠴᠢᠯᠡᠵᠦ᠂ ᠨᠡᠶᠢᠭᠡᠮ ᠳᠠᠶᠠᠭᠠᠷ ᠢᠶᠠᠨ ᠥᠷᠭᠡᠨ ᠢᠶᠠᠷ ᠠᠩᠬᠠᠷᠬᠤ᠂ ᠬᠠᠮᠲᠤ ᠪᠠᠷ ᠣᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠣᠯᠭᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号