ᠮᠠᠨ ᠤ ᠣᠷᠣᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠣᠩᠭᠤᠭᠳᠠᠵᠠᠢ
ᠨᠡᠶᠢᠲᠡᠯᠡᠭᠰᠡᠨ ᠴᠠᠭ᠄
2024/3/25
     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠨᠡᠶᠢᠲᠡᠯᠡᠭᠰᠡᠨ ᠮᠡᠳᠡᠭᠡ ᠳᠤ᠂ ᠮᠠᠨ ᠤ ᠣᠷᠣᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠮᠤᠵᠢ ᠣᠷᠣᠨ ᠢᠶᠠᠷ ᠰᠣᠩᠭᠤᠭᠳᠠᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠰᠢᠨ᠎ᠡ ᠲᠣᠭᠲᠠᠴᠠ ᠶᠢ ᠬᠠᠶᠢᠨ ᠰᠦᠪᠡᠭᠴᠢᠯᠡᠨ᠎ᠡ᠃      ᠣᠶᠢᠯᠠᠭᠠᠭᠰᠠᠨ ᠢᠶᠠᠷ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠪᠣᠯ ᠡᠮᠨᠡᠯᠭᠡ ᠶᠢᠨ ᠬᠤᠷᠢᠶ᠎ᠠ ᠠᠴᠠ ᠰᠢᠭᠤᠳ ᠬᠠᠩᠭᠠᠭᠰᠠᠨ ᠡᠮᠴᠢᠯᠡᠭᠡᠨ ᠤ ᠮᠡᠷᠭᠡᠵᠢᠯ ᠤᠨ ᠵᠦᠢᠯᠡᠰ᠂ ᠲᠣᠨᠤᠭ ᠲᠥᠬᠦᠭᠡᠷᠦᠮᠵᠢ ᠶᠢᠨ ᠦᠢᠯᠡᠴᠢᠯᠡᠭᠡᠨ ᠤ ᠰᠦᠢᠳᠬᠡᠯ ᠬᠤᠷᠢᠶᠠᠬᠤ ᠪᠠᠷᠢᠮᠵᠢᠶ᠎ᠠ ᠮᠥᠨ᠂ ᠲᠤᠬᠠᠶᠢᠯᠠᠪᠠᠯ ᠡᠯ᠎ᠡ ᠵᠦᠢᠯ ᠤᠨ ᠮᠡᠰᠡ ᠵᠠᠰᠠᠯ᠂ ᠣᠨᠣᠰᠢᠯᠠᠨ ᠪᠠᠶᠢᠴᠠᠭᠠᠬᠤ᠂ ᠪᠠᠶᠢᠴᠠᠭᠠᠨ ᠰᠢᠯᠭᠠᠬᠤ᠂ ᠰᠤᠪᠢᠯᠠᠬᠤ ᠵᠡᠷᠭᠡ ᠡᠮᠴᠢᠯᠡᠭᠡᠨ ᠤ ᠦᠢᠯᠡᠴᠢᠯᠡᠭᠡ ᠶᠢᠨ ᠵᠠᠷᠤᠳᠠᠯ ᠵᠡᠷᠭᠡ ᠪᠣᠯᠣᠨ᠎ᠠ᠃ ᠲᠣᠰ ᠤᠳᠠᠭ᠎ᠠ ᠶᠢᠨ ᠥᠭᠡᠷᠡᠴᠢᠯᠡᠯᠲᠡ ᠨᠢ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠬᠠᠩᠰᠢ ᠶᠢ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ᠂ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠂ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠪᠠ ᠦᠨ᠎ᠡ ᠬᠠᠩᠰᠢ ᠶᠢ ᠬᠢᠨᠠᠨ ᠬᠡᠮᠵᠢᠵᠦ ᠰᠢᠯᠭᠠᠨ ᠬᠢᠨᠠᠬᠤ ᠲᠣᠭᠲᠠᠴᠠ ᠵᠡᠷᠭᠡ 5 ᠲᠠᠯ᠎ᠠ ᠪᠠᠷ  ᠭᠤᠣᠯᠯᠠᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠡᠷᠬᠡ ᠶᠢᠨ ᠬᠢᠵᠠᠭᠠᠷ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠲᠣᠭᠲᠠᠭᠠᠬᠤ ᠪᠠ ᠲᠣᠬᠢᠷᠠᠭᠤᠯᠬᠤ ᠳᠦᠷᠢᠮ ᠪᠠ ᠵᠢᠷᠤᠮ ᠢ ᠲᠡᠭᠦᠯᠳᠡᠷᠵᠢᠭᠦᠯᠦᠨ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢᠨ ᠲᠤᠯᠭᠠᠭᠤᠷᠢᠯᠠᠬᠤ ᠰᠢᠰᠲ᠋ᠧᠮ ᠢ ᠲᠡᠭᠦᠯᠳᠡᠷᠵᠢᠭᠦᠯᠬᠦ ᠶᠢ ᠵᠣᠷᠢᠪᠠ᠃      ︽ᠥᠭᠡᠷᠡᠴᠢᠯᠡᠯᠲᠡ ᠶᠢᠨ ᠭᠤᠣᠯᠳᠠᠯᠭ᠎ᠠ ᠪᠣᠯ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠲᠣᠬᠢᠷᠠᠭᠤᠯᠬᠤ ᠡᠰᠡᠬᠦ᠂ ᠬᠡᠳᠦᠢ ᠲᠣᠬᠢᠷᠠᠭᠤᠯᠬᠤ᠂ ᠶᠠᠭᠤ ᠶᠢ ᠲᠣᠬᠢᠷᠠᠭᠤᠯᠬᠤ᠂ ᠶᠠᠭᠠᠬᠢᠵᠤ ᠲᠣᠬᠢᠷᠠᠭᠤᠯᠬᠤ ᠮᠡᠷᠭᠡᠵᠢᠯ ᠤᠨ ᠴᠢᠨᠠᠷᠲᠠᠢ ᠠᠰᠠᠭᠤᠳᠠᠯ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠨᠥᠬᠦᠪᠦᠷᠢ ᠥᠭᠬᠦ ᠲᠣᠭᠲᠠᠴᠠ ᠶᠢ ᠠᠬᠢᠭᠤᠯᠬᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠡᠮᠴᠢᠯᠡᠭᠡᠨ ᠤ ᠵᠠᠷᠤᠳᠠᠯ ᠢ ᠬᠢᠵᠠᠭᠠᠷᠯᠠᠬᠤ᠂ ᠡᠮ ᠡᠮᠨᠡᠯᠭᠡ ᠶᠢᠨ ᠳᠠᠭᠠᠳᠬᠠᠯ ᠢᠶᠠᠷ ᠲᠣᠭᠠᠴᠠᠭ᠎ᠠ ᠬᠢᠬᠦ ᠵᠡᠷᠭᠡ ᠰᠢᠰᠲ᠋ᠧᠮ ᠤᠨ ᠴᠢᠨᠠᠷᠲᠠᠢ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠵᠦ᠂ ᠶᠡᠷᠦᠩᠬᠡᠶᠢᠯᠡᠭᠰᠡᠨ ᠦᠢᠯᠡᠳᠦᠯ ᠢ ᠪᠦᠷᠢᠯᠳᠦᠭᠦᠯᠬᠦ ᠶᠠᠪᠤᠳᠠᠯ ᠪᠣᠯᠣᠨ᠎ᠠ︾᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠭᠠᠵᠠᠷ ᠤᠨ ᠳᠠᠷᠤᠭ᠎ᠠ ᠯᠢ ᠱᠸ ᠵᠧᠨ ᠢᠯᠡᠷᠬᠡᠶᠢᠯᠡᠬᠦ ᠳᠡᠭᠡᠨ᠂ ᠪᠢᠳᠡ ᠲᠤᠷᠰᠢᠯᠲᠠ ᠶᠢᠨ ᠠᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠵᠤ᠂ ᠲᠤᠷᠰᠢᠯᠲᠠ ᠶᠢᠨ ᠦᠢᠯᠡᠳᠦᠯ ᠢ ᠦᠨᠡᠨ ᠬᠦ ᠪᠠᠳᠠᠷᠠᠭᠤᠯᠵᠤ᠂ ᠤᠯᠤᠰ ᠲᠤ ᠬᠠᠭᠤᠯᠪᠤᠷᠢᠯᠠᠵᠤ ᠪᠤᠯᠬᠤ᠂ ᠳᠡᠯᠭᠡᠷᠡᠭᠦᠯᠵᠦ ᠪᠤᠯᠬᠤ ᠡᠮᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠥᠪᠥᠷ ᠮᠣᠩᠭᠤᠯ ᠤᠨ ᠲᠤᠷᠰᠢᠯᠭ᠎ᠠ ᠶᠢ ᠰᠦᠪᠡᠭᠴᠢᠯᠡᠨ ᠭᠠᠷᠭᠠᠨ᠎ᠠ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号