ᠮᠠᠨ ᠤ ᠣᠷᠣᠨ ᠰᠢᠶᠠᠩᠭᠠᠩ ᠣᠣᠮᠧᠨ ᠳᠤ ᠰᠢᠭᠤᠳ ᠬᠦᠷᠬᠦ ᠵᠢᠭᠤᠯᠴᠢᠯᠠᠯ ᠤᠨ ᠲᠤᠰᠬᠠᠢ ᠭᠠᠯᠲᠤ ᠲᠡᠷᠭᠡ  ᠶᠢ ᠨᠡᠪᠲᠡᠷᠡᠭᠦᠯᠪᠡ
ᠨᠡᠶᠢᠲᠡᠯᠡᠭᠰᠡᠨ ᠴᠠᠭ᠄
2024/3/25
     ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 3 ᠰᠠᠷ᠎ᠠ ᠶᠢᠨ 15 ᠤ ᠡᠳᠦᠷ ᠮᠠᠨ ᠤ ᠣᠷᠣᠨ ᠤ ᠡᠨᠡ ᠵᠢᠯ ᠤᠨ ᠠᠩᠬᠠᠳᠠᠭᠴᠢ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠭᠦᠭᠡᠬᠤᠲᠠ ᠶᠢᠨ ᠵᠡᠭᠦᠨ ᠥᠷᠲᠡᠭᠡ ᠠᠴᠠ ᠰᠢᠶᠠᠩᠭᠠᠩ ᠵᠦᠭ ᠮᠣᠷᠳᠠᠪᠠ᠃ ᠡᠨᠡ ᠪᠣᠯ ᠮᠠᠨ ᠤ ᠣᠷᠣᠨ ᠰᠢᠶᠠᠩᠭᠠᠩ ᠣᠣᠮᠧᠨ ᠳᠤ ᠰᠢᠭᠤᠳ ᠬᠦᠷᠬᠦ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠠᠩᠬ᠎ᠠ ᠤᠳᠠᠭ᠎ᠠ ᠨᠠᠪᠲᠠᠷᠡᠭᠦᠯᠵᠦ ᠪᠠᠶᠢᠭ᠎ᠠ ᠶᠠᠪᠤᠳᠠᠯ ᠪᠣᠯᠣᠨ᠎ᠠ᠃      3 ᠰᠠᠷ᠎ᠠ ᠶᠢᠨ 15 ᠤ ᠡᠳᠦᠷ ᠤᠨ 22 ᠴᠠᠭ 31 ᠮᠢᠨᠦ᠋ᠲ ᠲᠤ᠂ ᠰᠢᠶᠠᠩᠭᠠᠩ ᠬᠦᠷᠬᠦ Y403 ᠡᠭᠡᠯᠵᠢ  ᠶᠢᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠭᠦᠭᠡᠬᠤᠲᠠ ᠶᠢᠨ ᠵᠡᠭᠦᠨ ᠥᠷᠲᠡᠭᠡ ᠠᠴᠠ ᠠᠯᠭᠤᠷᠬᠠᠨ ᠬᠥᠳᠡᠯᠵᠦ᠂ ᠮᠠᠨ ᠤ ᠣᠷᠣᠨ ᠤ 669 ᠵᠢᠭᠤᠯᠴᠢᠯᠠᠭᠴᠢ 15 ᠡᠳᠦᠷ ᠠᠶᠠᠯᠠᠨ ᠯᠦᠱᠠᠨ ᠤ ᠠᠭᠤᠯᠵᠠᠯᠲᠠ ᠶᠢᠨ ᠭᠠᠵᠠᠷ ᠤᠨ ᠴᠤᠭ ᠵᠢᠪᠬᠤᠭ᠎ᠠ᠂ ᠵᠢᠩᠭᠠᠩᠱᠠᠨ ᠤ ᠬᠤᠪᠢᠰᠬᠠᠯ ᠤᠨ ᠮᠦᠽᠧᠢ ᠶᠢᠨ ᠷᠢᠳᠢ ᠰᠢᠳᠢ ᠶᠢ ᠣᠶᠢᠯᠠᠭᠠᠵᠤ᠂ ᠰᠠᠨᠴᠢᠩᠱᠠᠨ ᠠᠭᠤᠯᠠ᠂ ᠦ᠋ ᠶᠤᠸᠠᠨ ᠤ ᠰᠢᠯᠢᠮᠳᠡᠭ ᠤᠨ ᠴᠡᠴᠡᠭ ᠤᠨ ᠦᠵᠡᠮᠵᠢ ᠶᠢᠨ ᠣᠷᠣᠨ ᠵᠡᠷᠭᠡ ᠭᠠᠵᠠᠷ ᠢᠶᠠᠷ ᠵᠢᠭᠤᠯᠴᠢᠯᠠᠬᠤ ᠪᠣᠯᠣᠨ᠎ᠠ᠃ ᠲᠤᠰ ᠤᠳᠠᠭ᠎ᠠ ᠶᠢᠨ ᠲᠤᠰᠬᠠᠢ ᠭᠠᠯᠲᠤ ᠲᠡᠷᠭᠡ ᠪᠠᠰᠠ ᠰᠢᠶᠠᠩᠭᠠᠩ ᠳᠤ ᠰᠢᠶᠠᠩᠭᠠᠩ ᠵᠦᠬᠠᠢ ᠣᠣᠮᠧᠨ ᠤ ᠶᠡᠭᠡ ᠬᠥᠭᠦᠷᠭᠡ ᠵᠡᠷᠭᠡ ᠦᠵᠡᠮᠵᠢ ᠶᠢᠨ ᠭᠠᠵᠠᠷ ᠲᠤ ᠬᠦᠷᠬᠦ ᠪᠣᠯᠣᠨ᠎ᠠ᠃      ︽ᠠᠭᠤᠷ ᠠᠮᠢᠰᠬᠤᠯ ᠳᠤᠯᠠᠭᠠᠷᠠᠵᠤ ᠬᠠᠪᠤᠷ ᠤᠨ ᠵᠢᠭᠤᠯᠴᠢᠯᠠᠯ ᠮᠥᠰᠥ ᠴᠠᠰᠤᠨ ᠤ ᠵᠢᠭᠤᠯᠴᠢᠯᠠᠯ ᠤᠨ ᠳᠠᠷᠠᠭᠠᠬᠢ ᠰᠢᠨ᠎ᠡ ᠬᠠᠯᠠᠮᠰᠢᠯ ᠴᠡᠭ ᠪᠣᠯᠪᠠ᠂ ᠪᠢᠳᠡ ᠴᠠᠭ ᠲᠤᠬᠠᠢ ᠳᠤᠨᠢ ᠪᠦᠭᠦ ᠤᠯᠤᠰ ᠤᠨ ᠡᠮᠦᠨ᠎ᠡ ᠤᠮᠠᠷ᠎ᠠ ᠶᠢ ᠬᠤᠯᠪᠣᠭᠰᠠᠨ ᠬᠤᠯᠠ ᠵᠠᠮ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ᠠᠶᠠᠨᠴᠢᠳ ᠲᠤ ᠡᠬᠡ ᠤᠯᠤᠰ ᠤᠨ ᠦᠵᠡᠰᠬᠦᠯᠡᠩᠲᠦ ᠰᠠᠶᠢᠬᠠᠨ ᠠᠭᠤᠯᠠ ᠤᠰᠤ ᠶᠢ ᠰᠣᠨᠢᠷᠬᠠᠭᠤᠯᠤᠨ᠎ᠠ᠃ ᠵᠢᠭᠤᠯᠴᠢᠯᠠᠯ ᠤᠨ ᠭᠠᠯᠲᠤ ᠲᠡᠷᠭᠡᠨ ᠳᠤ ᠲᠤᠷᠰᠢᠯᠭ᠎ᠠ ᠲᠠᠢ ᠭᠠᠯᠲᠤ ᠲᠡᠷᠭᠡᠨ ᠤ ᠦᠢᠯᠡᠴᠢᠯᠡᠭᠴᠢ᠂ ᠰᠢᠯᠢᠳᠡᠭ ᠵᠢᠭᠤᠯᠴᠢᠯᠠᠯ ᠤᠨ ᠬᠥᠲᠥᠴᠢ ᠪᠠ ᠡᠮᠴᠢᠯᠡᠭᠡᠨ ᠤ ᠠᠵᠢᠯᠲᠠᠨ ᠲᠣᠬᠢᠷᠠᠭᠤᠯᠵᠤ᠂ ᠵᠢᠭᠤᠯᠴᠢᠯᠠᠬᠰᠠᠳ ᠤᠨ ᠠᠮᠤᠷ ᠲᠦᠪᠰᠢᠨ᠂ ᠰᠡᠳᠬᠢᠯ ᠲᠠᠭᠠᠯᠠᠮᠵᠢᠲᠠᠢ ᠪᠠᠷ ᠶᠠᠪᠤᠵᠤ ᠰᠠᠭᠤᠬᠤ ᠶᠢ ᠪᠠᠲᠤᠯᠠᠵᠤ ᠪᠠᠶᠢᠨ᠎ᠠ︾ ᠭᠡᠵᠦ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠶᠢᠨ ᠵᠢᠭᠤᠯᠴᠢᠯᠠᠯ ᠤᠨ ᠵᠠᠷ ᠮᠡᠳᠡᠭᠡᠨ ᠤ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠰᠢᠶᠣᠣ ᠴᠧᠩ ᠪᠢᠨ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠭᠦᠭᠡᠬᠤᠲᠠ ᠶᠢᠨ ᠲᠡᠮᠦᠷ ᠵᠠᠮ ᠤᠨ ᠲᠣᠪᠴᠢᠶ᠎ᠠ ᠪᠠᠰᠠ ᠭᠤᠸᠠᠩᠰᠢ᠂ ᠮᠦᠸᠧ ᠾᠧ᠂ ᠷᠠᠰᠢᠶᠠᠨ᠂ ᠰᠢᠨᠵᠢᠶᠠᠩ ᠵᠡᠷᠭᠡ ᠬᠠᠯᠠᠮᠰᠢᠯ ᠴᠢᠭᠯᠡᠯ ᠤᠨ ᠵᠢᠭᠤᠯᠴᠢᠯᠠᠯ ᠤᠨ ᠲᠤᠰᠬᠠᠢ ᠭᠠᠯᠲᠤ ᠲᠡᠷᠭᠡ ᠶᠢ ᠨᠠᠪᠲᠠᠷᠡᠭᠦᠯᠵᠦ᠂ ᠠᠶᠠᠨᠴᠢᠳ ᠤᠨ ᠶᠠᠪᠤᠵᠤ ᠰᠠᠭᠤᠬᠤ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号