ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ ᠠᠮᠢᠳᠤᠷᠠᠬᠤ ᠲᠤᠬᠠᠢ 7 ᠵᠦᠢᠯ ᠤᠨ ᠪᠣᠳᠠᠲᠠᠢ ᠱᠠᠭᠠᠷᠳᠠᠯᠭ᠎ᠠ | ᠳᠤᠷᠠᠳᠪᠠ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ ︽ᠠᠷᠪᠢᠯᠠᠵᠤ ᠠᠮᠢᠳᠤᠷᠠᠬᠤ ᠳᠠᠳᠬᠠᠯ ᠲᠠᠢ ᠪᠤᠯᠬᠤ ᠴᠢᠬᠤᠯᠠ ᠱᠠᠭᠠᠷᠳᠠᠯᠭ᠎ᠠ ᠶᠢ ᠤᠯᠠᠮ ᠴᠢᠨᠠᠭᠰᠢᠳᠠ | ᠨᠠᠶᠢᠳᠠᠪᠤᠷᠢᠵᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠲᠥᠰᠥᠯ︾ ᠭᠡᠵᠦ ᠳᠥᠭᠦᠮᠴᠢᠯᠡᠨ᠎ᠡ︶ ᠢ | ᠨᠡᠶᠢᠲᠡᠯᠡᠵᠦ᠂ ᠲᠥᠰᠥᠪ ᠢ ᠴᠢᠩᠭ᠎ᠠ ᠭᠦᠢᠴᠡᠳᠬᠡᠬᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠵᠢᠷᠤᠮᠵᠢᠭᠤᠯᠬᠤ᠂ | ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠬᠤ᠂ ᠪᠠᠶᠢᠭᠤᠯᠭ᠎ᠠ ᠶᠢᠨ ᠡᠳᠦᠷ | ᠲᠤᠲᠤᠮ ᠤᠨ ᠠᠵᠢᠯᠯᠠᠭᠠᠨ ᠤ ᠥᠪᠡᠷ ᠤᠨ ᠥᠷᠲᠡᠭ ᠢ ᠪᠠᠭᠤᠷᠠᠭᠤᠯᠬᠤ᠂ ᠠᠷᠪᠢᠯᠠᠨ ᠭᠠᠮᠨᠠᠬᠤ ᠭᠡᠯᠪᠡᠷᠢ ᠶᠢᠨ | ᠪᠠᠶᠢᠭᠤᠯᠭ᠎ᠠ ᠶᠢᠨ ᠪᠠᠶᠢᠭᠤᠯᠤᠯᠲᠠ ᠶᠢ ᠠᠬᠢᠭᠤᠯᠬᠤ᠂ ᠲᠣᠭᠲᠠᠮᠠᠯ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠬᠤ | ᠵᠡᠷᠭᠡ 7 ᠲᠠᠯ᠎ᠠ ᠪᠠᠷ ᠲᠣᠳᠣᠷᠬᠠᠢ ᠲᠣᠭᠲᠠᠭᠠᠯ ᠭᠠᠷᠭᠠᠵᠤ᠂ ᠠᠷᠪᠢᠯᠠᠵᠤ ᠠᠮᠢᠳᠤᠷᠠᠬᠤ ᠱᠠᠭᠠᠷᠳᠠᠯᠭ᠎ᠠ ᠶᠢ ᠡᠳᠦᠷ | ᠲᠤᠲᠤᠮ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠤᠨ ᠪᠦᠭᠦ ᠶᠠᠪᠤᠴᠠ᠂ ᠡᠯ᠎ᠡ ᠲᠠᠯ᠎ᠠ ᠳᠤ ᠪᠠᠶᠢᠩᠭᠤᠵᠢᠭᠤᠯᠤᠨ | ᠨᠠᠶᠢᠳᠠᠪᠤᠷᠢᠵᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠵᠤ ᠠᠮᠢᠳᠤᠷᠠᠬᠤ ᠶᠢ ᠪᠠᠶᠢᠭᠤᠯᠭ᠎ᠠ ᠶᠢᠨ | ᠶᠠᠪᠤᠳᠠᠯ ᠤᠨ ᠰᠢᠰᠲ᠋ᠧᠮ ᠳᠤ ᠳᠠᠳᠬᠠᠯ ᠪᠠ ᠬᠡᠪ ᠤᠨ ᠪᠠᠶᠢᠳᠠᠯ ᠪᠤᠯᠭᠠᠬᠤ ᠶᠢ ᠠᠬᠢᠭᠤᠯᠪᠠ᠃ | ︽ᠲᠥᠰᠥᠯ︾ ᠳᠤ᠂ ᠲᠥᠷᠥᠯ ᠵᠦᠢᠯ ᠤᠨ ᠵᠠᠷᠤᠯᠭ᠎ᠠ ᠳᠤ ᠪᠦᠭᠦ ᠶᠠᠪᠤᠴᠠ ᠶᠢᠨ ᠲᠥᠰᠥᠪ ᠤᠨ ᠠᠮᠵᠢᠯᠲᠠ | ᠪᠦᠲᠦᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠭᠰᠡᠨ ᠦᠷ᠎ᠡ ᠳ᠋ᠦᠩ ᠢ ᠲᠥᠰᠥᠪ ᠤᠨ | ᠲᠣᠬᠢᠷᠠᠭᠤᠯᠤᠯᠲᠠ ᠲᠠᠢ ᠬᠤᠯᠪᠣᠭᠳᠠᠭᠤᠯᠬᠤ ᠲᠣᠭᠲᠠᠴᠠ ᠶᠢ ᠪᠠᠶᠢᠭᠤᠯᠤᠨ᠎ᠠ᠃ ᠲᠥᠰᠥᠪ ᠢ ᠭᠦᠢᠴᠡᠳᠬᠡᠭᠰᠡᠨ | ᠠᠬᠢᠴᠠ ᠶᠢ ᠰᠠᠷ᠎ᠠ ᠪᠠᠷ ᠨᠡᠶᠢᠲᠡᠯᠡᠵᠦ᠂ ᠭᠤᠷᠪᠠᠨ ᠰᠠᠷ᠎ᠠ ᠳᠠᠷᠠᠭᠠᠯᠠᠨ ᠵᠠᠷᠤᠯᠭ᠎ᠠ ᠶᠢᠨ ᠠᠬᠢᠴᠠ ᠨᠢ ᠬᠠᠮᠤᠭ ᠤᠨ | ᠳᠣᠣᠷ᠎ᠠ ᠱᠠᠭᠠᠷᠳᠠᠯᠭ᠎ᠠ ᠳᠤ ᠭᠦᠷᠦᠭᠰᠡᠨ ᠦᠭᠡᠢ ᠮᠥᠷᠲᠡᠭᠡᠨ ᠭᠦᠢᠴᠡᠳ ᠰᠢᠯᠲᠠᠭᠠᠨ ᠦᠭᠡᠢ ᠪᠣᠯ᠂ ᠵᠠᠷᠤᠳᠠᠯ ᠢ ᠨᠢ | ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠬᠡᠷᠡᠭᠯᠡᠨ᠎ᠡ᠃ ᠵᠢᠯ ᠤᠨ ᠡᠴᠦᠰ ᠤᠨ ᠳ᠋ᠦᠩᠨᠡᠨ ᠰᠢᠯᠵᠢᠭᠦᠯᠦᠭᠰᠡᠨ ᠪᠡᠯᠡ | ᠮᠥᠩᠭᠦ ᠨᠢ ᠨᠡᠯᠢᠶᠡᠳ ᠠᠷᠪᠢᠨ ᠪᠥᠭᠡᠳ ᠵᠦᠢ ᠵᠣᠬᠢᠰᠲᠠᠢ ᠰᠢᠯᠲᠠᠭᠠᠨ ᠦᠭᠡᠢ ᠪᠠᠶᠢᠪᠠᠯ᠂ ᠲᠠᠷᠠᠭᠠᠴᠢ ᠶᠢᠨ ᠵᠢᠯ ᠤᠨ | ᠲᠥᠰᠥᠪ ᠤᠨ ᠲᠣᠬᠢᠷᠠᠭᠤᠯᠤᠯᠲᠠ ᠶᠢᠨ ᠪᠡᠯᠡ ᠮᠥᠩᠭᠦ ᠶᠢ ᠵᠣᠬᠢᠬᠤ ᠬᠠᠷᠢᠴᠠᠯ ᠢᠶᠠᠷ ᠲᠣᠬᠢᠷᠠᠭᠤᠯᠤᠨ ᠬᠠᠰᠤᠵᠤ᠂ ᠪᠡᠯᠡ | ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠦᠨ᠎ᠡ᠃ ᠡᠭᠦᠨ ᠤ ᠵᠡᠷᠭᠡ ᠪᠠᠷ ︽ᠭᠤᠷᠪᠠᠨ | ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢᠨ ᠵᠦᠢᠯᠡᠰ ᠤᠨ ᠴᠢᠬᠤᠯᠠ ᠴᠢᠨᠠᠷ᠂ ᠵᠦᠢ ᠶᠣᠰᠣᠴᠢ ᠴᠢᠨᠠᠷ ᠢ | ᠴᠢᠩᠭ᠎ᠠ ᠬᠢᠨᠠᠨ ᠬᠠᠷᠭᠤᠭᠤᠯᠵᠤ᠂ ᠠᠯᠪᠠᠨ ᠶᠠᠪᠤᠳᠠᠯ ᠳᠤ ᠬᠡᠷᠡᠭᠯᠡᠬᠦ ᠲᠡᠷᠭᠡᠨ ᠳᠤ ᠲᠣᠰᠣ ᠨᠡᠮᠡᠬᠦ᠂ ᠰᠡᠯᠪᠢᠨ ᠵᠠᠰᠠᠬᠤ᠂ | ᠳᠠᠭᠠᠳᠬᠠᠯ ᠳᠤ ︽ᠭᠤᠷᠪᠠᠨ ᠲᠣᠭᠲᠠᠭᠰᠠᠨ ᠴᠡᠭ︾ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ | ᠬᠡᠷᠡᠭᠵᠢᠭᠦᠯᠵᠦ᠂ ᠠᠯᠪᠠᠨ ᠶᠠᠪᠤᠳᠠᠯ ᠤᠨ ᠵᠣᠴᠢᠯᠠᠭ᠎ᠠ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠨᠠᠮ ᠵᠠᠰᠠᠭ ᠤᠨ | ᠪᠠᠶᠢᠭᠤᠯᠭ᠎ᠠ ᠶᠢᠨ ᠤᠯᠤᠰ ᠤᠨ ᠳᠣᠲᠣᠭᠠᠳᠤ ᠶᠢᠨ ᠠᠯᠪᠠᠨ ᠶᠠᠪᠤᠳᠠᠯ ᠤᠨ ᠵᠣᠴᠢᠯᠠᠭ᠎ᠠ ᠶᠢᠨ ᠬᠠᠮᠢᠶᠠᠷᠤᠯᠲᠠ ᠶᠢᠨ | ᠲᠣᠭᠲᠠᠭᠠᠯ︾ ᠢ ᠴᠢᠩᠭ᠎ᠠ ᠬᠡᠷᠡᠭᠵᠢᠭᠦᠯᠵᠦ᠂ ︽ᠭᠤᠷᠪᠠᠨ ᠵᠦᠢᠯ ᠤᠨ ᠠᠯᠪᠠᠨ ᠵᠠᠷᠤᠳᠠᠯ︾ ᠤᠨ ᠵᠠᠷᠤᠯᠭ᠎ᠠ ᠶᠢᠨ | ᠪᠣᠭᠤᠮᠲᠠ ᠶᠢ ᠡᠬᠢ ᠡᠭᠦᠰᠦᠯ ᠠᠴᠠ ᠨᠢ ᠰᠠᠶᠢᠲᠤᠷ ᠠᠳᠬᠤᠵᠤ᠂ ᠵᠠᠷᠤᠵᠤ ᠪᠤᠯᠬᠤ ᠦᠭᠡᠢ ᠵᠣᠭᠤᠰ ᠢ ᠶᠠᠭᠠᠬᠢᠭᠰᠠᠨ | ᠴᠤ ᠵᠠᠷᠤᠬᠤ ᠦᠭᠡᠢ ᠪᠠᠶᠢᠬᠤ ᠬᠡᠷᠡᠭᠲᠡᠢ ᠭᠡᠵᠦ ᠱᠠᠭᠠᠷᠳᠠᠪᠠ᠃ | ︽ᠲᠥᠰᠥᠯ︾ ᠳᠤ ᠠᠷᠪᠢᠯᠠᠨ ᠭᠠᠮᠨᠠᠬᠤ ᠭᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠲᠠ ᠶᠢ ᠦᠷᠭᠦᠯᠵᠢᠯᠡᠨ | ᠴᠢᠩᠭᠠᠳᠬᠠᠵᠤ᠂ ᠠᠯᠪᠠᠨ ᠤ ᠰᠢᠷᠡᠭᠡ ᠰᠠᠨᠳᠠᠯᠢ᠂ ᠺᠤᠮᠫᠢᠦ᠋ᠲ᠋ᠧᠷ᠂ ᠳᠠᠷᠤᠮᠠᠯᠯᠠᠬᠤ ᠮᠠᠰᠢᠨ ᠵᠡᠷᠭᠡ ᠠᠯᠪᠠᠨ ᠲᠥᠬᠦᠭᠡᠷᠦᠮᠵᠢ | ᠨᠢ ᠬᠠᠭᠤᠴᠢᠨ ᠢ ᠵᠠᠰᠠᠵᠤ ᠬᠠᠭᠤᠴᠢᠨ ᠢ ᠠᠰᠢᠭᠯᠠᠬᠤ ᠵᠠᠷᠴᠢᠮ ᠢ ᠪᠠᠷᠢᠮᠲᠠᠯᠠᠵᠤ᠂ ᠺᠠᠳ᠋ᠷ ᠠᠵᠢᠯᠲᠠᠨ ᠠᠵᠢᠯᠴᠢᠨ ᠢ | ᠬᠥᠲᠥᠯᠥᠨ ᠵᠢᠯᠤᠭᠤᠳᠴᠤ ᠪᠠᠶᠢᠭᠠᠳ ᠠᠷᠪᠢᠯᠠᠨ ᠭᠠᠮᠨᠠᠬᠤ ᠣᠶᠢᠯᠠᠭᠠᠭᠳᠠᠬᠤᠨ ᠲᠠᠢ ᠪᠤᠯᠭᠠᠵᠤ᠂ ᠠᠷᠪᠢᠯᠠᠨ ᠭᠠᠮᠨᠠᠬᠤ | ᠳᠠᠳᠬᠠᠯ ᠲᠠᠢ ᠪᠤᠯᠭᠠᠬᠤ ᠬᠡᠷᠡᠭᠲᠡᠢ᠃ ᠠᠯᠪᠠᠯᠠᠬᠤ ᠭᠡᠷ ᠪᠠᠶᠢᠰᠢᠩ ᠤᠨ ᠳᠠᠯᠳᠠ ᠬᠦᠴᠦᠨ ᠢ ᠦᠷᠭᠦᠯᠵᠢᠯᠡᠨ ᠭᠦᠨᠵᠡᠭᠡᠢ | ᠠᠭᠤᠳᠠᠯᠵᠤ᠂ ᠰᠢᠨ᠎ᠡ ᠪᠠᠷ ᠨᠡᠮᠡᠭᠳᠡᠬᠦ ᠠᠯᠪᠠᠯᠠᠬᠤ ᠭᠡᠷ ᠪᠠᠶᠢᠰᠢᠩ ᠤᠨ ᠲᠣᠬᠢᠷᠠᠭᠤᠯᠤᠯᠲᠠ ᠶᠢ ᠴᠢᠩᠭ᠎ᠠ ᠬᠢᠵᠠᠭᠠᠷᠯᠠᠵᠤ᠂ | ᠲᠣᠰ ᠵᠢᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠭᠠᠳᠠᠨ᠎ᠠ ᠲᠦᠷᠢᠶᠡᠰᠦᠯᠡᠭᠰᠡᠨ ᠭᠡᠷ ᠬᠥᠷᠥᠩᠭᠡ ᠶᠢ | ᠳᠠᠭᠢᠨ 20% ᠪᠠᠷ ᠬᠠᠰᠤᠵᠤ᠂ ᠲᠦᠷᠢᠶᠡᠰᠦᠨ ᠮᠥᠩᠭᠦ ᠶᠢᠨ ᠵᠠᠷᠤᠯᠭ᠎ᠠ ᠶᠢ ᠠᠷᠪᠢᠯᠠᠬᠤ ᠪᠠᠷ ᠴᠢᠷᠮᠠᠶᠢᠬᠤ ᠬᠡᠷᠡᠭᠲᠡᠢ᠃ | ︽ᠨᠠᠮ ᠵᠠᠰᠠᠭ ᠤᠨ ᠶᠡᠭᠡ ᠬᠦᠷᠢᠶᠡᠨ ᠳᠤ ᠪᠠᠷᠢᠯᠭ᠎ᠠ ᠪᠠᠶᠢᠭᠤᠯᠬᠤ ᠦᠭᠡᠢ ᠣᠨ︾ ᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ 2024 ᠣᠨ ᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠶᠡᠭᠡ ᠳᠤᠮᠳᠠ | ᠵᠡᠷᠭᠡ ᠶᠢᠨ ᠰᠡᠯᠪᠢᠨ ᠵᠠᠰᠠᠬᠤ ᠲᠥᠷᠥᠯ ᠵᠦᠢᠯ᠂ ᠲᠣᠪᠴᠢᠶ᠎ᠠ ᠳᠤ ᠬᠠᠷᠢᠶᠠᠯᠠᠭᠳᠠᠬᠤ ᠰᠡᠯᠪᠢᠨ ᠵᠠᠰᠠᠬᠤ ᠲᠥᠷᠥᠯ ᠵᠦᠢᠯ ᠢ | ᠴᠢᠩᠭ᠎ᠠ ᠬᠢᠨᠠᠨ ᠬᠠᠷᠭᠤᠭᠤᠯᠵᠤ᠂ ᠴᠢᠩᠭ᠎ᠠ ᠬᠠᠮᠢᠶᠠᠷᠴᠤ᠂ ᠴᠢᠬᠤᠯᠠ ᠦᠭᠡᠢ ᠪᠣᠯ ᠬᠡᠷᠡᠭᠵᠢᠭᠦᠯᠬᠦ ᠦᠭᠡᠢ ᠪᠠᠶᠢᠵᠤ᠂ | ᠰᠡᠯᠪᠢᠨ ᠵᠠᠰᠠᠵᠤ ᠥᠭᠡᠷᠡᠴᠢᠯᠡᠬᠦ ᠪᠡᠯᠡ ᠮᠥᠩᠭᠦ ᠶᠢ ᠪᠦᠭᠦ ᠲᠠᠯ᠎ᠠ ᠪᠠᠷ ᠠᠷᠪᠢᠯᠠᠵᠤ᠂ ᠠᠷᠪᠢᠯᠠᠵᠤ ᠪᠤᠯᠬᠤ ᠵᠣᠭᠤᠰ ᠢ | ᠪᠦᠭᠦᠨ ᠢ ᠠᠷᠪᠢᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ | | | |