ᠦᠴᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ︽3·23︾ ᠤ ᠳᠡᠯᠡᠬᠡᠢ ᠶᠢᠨ ᠴᠠᠭ ᠠᠭᠤᠷ ᠤᠨ ᠡᠳᠦᠷ ᠤᠨ ᠰᠢᠷᠢᠰ ᠭᠤᠣᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/3/26
     ᠳᠡᠯᠡᠬᠡᠢ ᠶᠢᠨ ᠴᠠᠭ ᠠᠭᠤᠷ ᠤᠨ ᠡᠳᠦᠷ ᠬᠦᠷᠴᠦ ᠢᠷᠡᠬᠦ ᠲᠠᠰᠢᠷᠠᠮ ᠳᠤ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠶᠢ ᠴᠢᠩᠭᠠᠳᠬᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠶᠢ ᠲᠤᠪᠤᠶᠢᠯᠭᠠᠬᠤ ᠶᠢᠨ ᠲᠥᠯᠥᠭᠡ᠂ ᠦᠴᠦᠸᠠᠨ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠨᠠᠮ ᠤᠨ ᠡᠭᠦᠷ ︽ᠠᠭᠤᠷ ᠠᠮᠢᠰᠬᠤᠯ ᠤᠨ ᠠᠵᠢᠯᠯᠠᠭ᠎ᠠ ᠶᠢᠨ ᠬᠠᠮᠤᠭ ᠤᠨ ᠡᠮᠦᠨ᠎ᠡ ᠹᠷᠣᠨᠲ︾ ᠭᠡᠬᠦ ᠭᠤᠣᠯ ᠰᠡᠳᠦᠪ ᠤᠨ ᠲᠣᠭᠤᠷᠢᠨ ᠳᠤ ᠦᠴᠦᠸᠠᠨ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠲᠠᠢ ᠬᠠᠮᠲᠤᠷᠠᠨ ︽ᠶᠠᠪᠤᠵᠤ ᠪᠠᠶᠢᠭ᠎ᠠ ᠬᠢᠴᠢᠶᠡᠯ ᠤᠨ ᠲᠠᠩᠬᠢᠮ · ᠴᠠᠭ ᠠᠭᠤᠷ ᠤᠨ ᠨᠢᠭᠤᠴᠠ ᠶᠢ ᠬᠠᠶᠢᠨ ᠰᠦᠪᠡᠭᠴᠢᠯᠡᠶ᠎ᠡ︾ ᠭᠡᠬᠦ ᠰᠡᠳᠦᠪ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ᠃
     3 ᠰᠠᠷ᠎ᠠ ᠶᠢᠨ 20 ᠤ ᠡᠳᠦᠷ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ 80 ᠭᠠᠷᠤᠢ ᠪᠠᠭᠰᠢ ᠰᠤᠷᠤᠭᠴᠢ ᠡᠩ ᠲᠡᠷᠢᠭᠦᠨ ᠳᠤ ᠰᠢᠶᠠᠨ ᠤ ᠴᠠᠭ ᠠᠭᠤᠷ ᠤᠨ ᠲᠣᠪᠴᠢᠶ᠎ᠠ ᠶᠢᠨ ᠠᠵᠢᠭᠯᠠᠨ ᠬᠡᠮᠵᠢᠬᠦ ᠲᠠᠯᠠᠪᠠᠢ ᠳᠤ ᠬᠥᠷᠥᠯ᠎ᠡ᠂ ᠣᠷᠣᠵᠤ ᠢᠷᠡᠮᠡᠭᠴᠡ ᠶᠠᠩᠵᠤ ᠪᠦᠷᠢ ᠶᠢᠨ ᠠᠵᠢᠭᠯᠠᠨ ᠬᠡᠮᠵᠢᠬᠦ ᠬᠡᠮᠵᠢᠭᠦᠷᠯᠢᠭ ᠲᠤ ᠲᠠᠲᠠᠭᠳᠠᠵᠤ᠂ ᠤᠯᠠᠨ ᠤ ᠰᠣᠨᠢᠭᠤᠴᠢ ᠰᠡᠳᠬᠢᠯ ᠢ ᠭᠦᠢᠴᠡᠳ ᠳᠠᠶᠢᠴᠢᠯᠠᠭᠰᠠᠨ ᠪᠠᠶᠢᠨ᠎ᠠ᠃ ᠳᠠᠷᠠᠭ᠎ᠠ ᠨᠢ ᠲᠠᠶᠢᠯᠪᠤᠷᠢᠯᠠᠭᠴᠢ ᠠᠮᠢᠳᠤᠯᠢᠭ ᠮᠥᠷᠲᠡᠭᠡᠨ ᠰᠢᠨᠵᠢᠯᠡᠬᠦ ᠤᠬᠠᠭᠠᠨᠴᠢ ᠪᠠᠷ ᠳᠤᠯᠠᠭᠠᠨ ᠤ ᠬᠡᠮᠵᠢᠶ᠎ᠡ᠂ ᠴᠢᠭᠢᠭ ᠤᠨ ᠬᠡᠮᠵᠢᠶ᠎ᠡ᠂ ᠪᠣᠷᠣᠭᠠᠨ ᠤ ᠬᠡᠮᠵᠢᠶ᠎ᠡ᠂ ᠰᠠᠯᠬᠢᠨ ᠤ ᠴᠢᠭᠯᠡᠯ᠂ ᠰᠠᠯᠬᠢᠨ ᠤ ᠬᠤᠷᠳᠤᠴᠠ ᠵᠡᠷᠭᠡ ᠴᠠᠭ ᠠᠭᠤᠷ ᠤᠨ ᠡᠯᠧᠮᠧᠨ᠋ᠲ ᠤᠨ ᠬᠢᠨᠠᠨ ᠬᠡᠮᠵᠢᠬᠦ ᠬᠡᠮᠵᠢᠭᠦᠷᠯᠢᠭ ᠵᠢᠴᠢ ᠲᠡᠭᠦᠨ ᠤ ᠠᠵᠢᠯᠯᠠᠬᠤ ᠵᠢᠷᠤᠮᠯᠠᠯ ᠢ ᠲᠦᠭᠡᠮᠡᠯᠵᠢᠭᠦᠯᠦᠭᠰᠡᠨ ᠤ ᠬᠠᠮᠲᠤ ᠪᠠᠰᠠ ᠨᠢᠭᠡ ᠪᠦᠯᠦᠭ ᠦᠷᠭᠦᠯᠵᠢ ᠬᠠᠷᠠᠭᠳᠠᠳᠠᠭ ᠦᠭᠡᠢ ᠠᠵᠢᠭᠯᠠᠨ ᠬᠡᠮᠵᠢᠬᠦ ᠲᠥᠬᠦᠭᠡᠷᠦᠮᠵᠢ ᠶᠢ ᠲᠠᠨᠢᠯᠴᠠᠭᠤᠯᠤᠭᠰᠠᠨ ᠪᠠᠶᠢᠨ᠎ᠠ᠂ ᠵᠢᠱᠢᠶᠡᠯᠡᠪᠡᠯ᠄ ᠭᠡᠷᠡᠯ ᠴᠠᠬᠢᠯᠭᠠᠨ ᠤ ᠮᠠᠶ᠋ᠢᠭ ᠤᠨ ᠲᠣᠭᠠᠨ ᠤ ᠨᠡᠷᠡᠨ ᠤ ᠲᠤᠰᠤᠯᠲᠠ ᠶᠢᠨ ᠬᠡᠮᠵᠢᠭᠦᠷ᠂ ᠤᠷᠤᠭᠰᠢ ᠰᠠᠳᠠᠷᠠᠯᠲᠠ ᠶᠢᠨ ᠬᠠᠷᠠᠭᠳᠠᠴᠠ ᠶᠢᠨ ᠬᠡᠮᠵᠢᠭᠦᠷᠯᠢᠭ᠂ ᠴᠠᠭ ᠠᠭᠤᠷ ᠤᠨ ᠦᠵᠡᠭᠳᠡᠯ ᠤᠨ ᠬᠠᠷᠠᠭᠠᠨ ᠳᠠᠪᠲᠠᠮᠵᠢ ᠶᠢᠨ ᠣᠶᠤᠨᠲᠤ ᠠᠵᠢᠭᠯᠠᠨ ᠬᠡᠮᠵᠢᠬᠦ ᠬᠡᠮᠵᠢᠭᠦᠷᠯᠢᠭ ᠵᠡᠷᠭᠡ ᠪᠤᠢ᠃
     ᠳᠠᠷᠠᠭ᠎ᠠ ᠨᠢ ᠪᠠᠭᠰᠢ ᠰᠤᠷᠤᠭᠴᠢᠳ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠲᠡᠷᠭᠡᠨ ᠤ ᠳᠡᠷᠭᠡᠳᠡ ᠢᠷᠡᠬᠦ ᠳᠤ᠂ ᠲᠠᠶᠢᠯᠪᠤᠷᠢᠯᠠᠭᠴᠢ ᠠᠴᠠ ᠮᠥᠨᠳᠥᠷ ᠢ ᠰᠡᠷᠭᠡᠶᠢᠯᠡᠬᠦ ᠥᠨᠳᠥᠷ ᠫᠤᠤ ᠶᠢᠨ ᠠᠵᠢᠯ ᠢ ᠬᠡᠷᠬᠢᠨ ᠬᠢᠵᠦ ᠪᠠᠶᠢᠬᠤ᠂ ᠪᠣᠷᠣᠭᠠᠨ ᠨᠡᠮᠡᠭᠳᠡᠭᠦᠯᠬᠦ ᠲᠡᠶᠢᠷᠦᠯᠲᠦ ᠰᠤᠮᠤ ᠪᠠᠷ ᠪᠣᠷᠣᠭᠠᠨ ᠨᠡᠮᠡᠭᠳᠡᠭᠦᠯᠬᠦ ᠠᠵᠢᠯ ᠢ ᠬᠡᠷᠬᠢᠨ ᠬᠢᠵᠦ ᠪᠠᠶᠢᠬᠤ ᠶᠢ ᠳᠦᠷᠰᠦᠯᠡᠨ ᠲᠠᠨᠢᠯᠴᠠᠭᠤᠯᠤᠭᠰᠠᠨ ᠳᠤ᠂ ᠤᠯᠠᠨ ᠢᠶᠠᠷ ᠢᠶᠠᠨ ᠨᠢᠳᠦ ᠴᠠᠪᠴᠢᠯ ᠦᠭᠡᠢ ᠰᠣᠨᠣᠰᠤᠭᠠᠳ ᠲᠡᠭᠦᠨ ᠲᠠᠢ ᠬᠠᠮᠲᠤ ᠶᠢᠨ ᠰᠡᠭᠦᠳᠡᠷ ᠲᠠᠲᠠᠭᠤᠯᠵᠤ ᠳᠤᠷᠠᠰᠬᠠᠯ ᠦᠯᠡᠳᠡᠭᠡᠬᠦ ᠶᠢ ᠬᠦᠰᠡᠵᠦ ᠪᠠᠶᠢᠬᠤ ᠪᠠᠨ ᠢᠯᠡᠳᠬᠡᠵᠡᠢ᠃      ᠬᠠᠮᠤᠭ ᠰᠡᠭᠦᠯ ᠳᠤᠨᠢ ᠴᠠᠭ ᠠᠭᠤᠷ ᠤᠨ ᠥᠷᠲᠡᠭᠡ ᠳᠤ ᠬᠦᠷᠴᠦ᠂ ᠲᠠᠶᠢᠯᠪᠤᠷᠢᠯᠠᠭᠴᠢ ᠠᠴᠠ ᠣᠯᠠᠨ ᠤ ᠰᠣᠨᠢᠷᠬᠠᠯ ᠢ ᠲᠠᠲᠠᠭᠰᠠᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠢᠴᠢᠶᠡᠯ  ᠣᠷᠣᠪᠠ᠂ ︽ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠬᠡᠷᠬᠢᠨ ᠵᠣᠬᠢᠶᠠᠭᠰᠠᠨ ᠪᠤᠢ︾ ᠭᠡᠬᠦ ᠰᠡᠳᠦᠪ ᠢᠶᠠᠷ᠂ ᠴᠠᠭ ᠠᠭᠤᠷ ᠤᠨ ᠬᠠᠶᠢᠨ ᠬᠡᠮᠵᠢᠯᠲᠡ ᠪᠠ ᠲᠤᠭ᠎ᠠ ᠪᠠᠷᠢᠮᠲᠠ ᠶᠢ ᠬᠡᠷᠬᠢᠨ ᠴᠤᠭᠯᠠᠭᠤᠯᠬᠤ᠂ ᠴᠠᠭ ᠠᠭᠤᠷ ᠤᠨ ᠮᠠᠲ᠋ᠧᠷᠢᠶᠠᠯ ᠢ ᠬᠡᠷᠬᠢᠨ ᠵᠠᠳᠠᠯᠬᠤ ᠪᠠ ᠰᠤᠳᠤᠯᠤᠨ ᠮᠠᠭᠠᠳᠯᠠᠬᠤ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢᠨ ᠦᠢᠯᠡᠳᠬᠦᠨ ᠢ ᠬᠡᠷᠬᠢᠨ ᠦᠢᠯᠡᠳᠬᠦ ᠵᠡᠷᠭᠡ ᠠᠭᠤᠯᠭ᠎ᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠲᠠᠶᠢᠯᠪᠤᠷᠢᠯᠠᠬᠤ ᠶᠢᠨ ᠬᠠᠮᠲᠤ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠬᠠᠢ ᠮᠡᠳᠡᠯᠭᠡ ᠪᠠ ᠴᠠᠭ ᠠᠭᠤᠷ ᠤᠨ ᠭᠡᠨᠡᠳᠲᠡ ᠶᠢᠨ ᠭᠠᠮᠰᠢᠭ ᠤᠨ ᠡᠮᠦᠨ᠎ᠡ ᠥᠪᠡᠷ ᠢ ᠪᠠᠨ ᠬᠡᠷᠬᠢᠨ ᠬᠠᠮᠠᠭᠠᠯᠠᠬᠤ ᠲᠤᠬᠠᠢ ᠮᠡᠳᠡᠯᠭᠡ ᠶᠢ ᠤᠯᠠᠮᠵᠢᠯᠠᠵᠠᠢ᠃      ᠬᠥᠳᠡᠯᠭᠡᠭᠡᠨ ᠳᠠᠭᠤᠰᠤᠭᠰᠠᠨ ᠤ ᠳᠠᠷᠠᠭ᠎ᠠ᠂ ᠤᠯᠠᠨ ᠤ ᠴᠢᠷᠠᠢ ᠳᠤ ᠢᠨᠢᠶᠡᠮᠰᠦᠭᠯᠡᠯ ᠪᠢᠯᠬᠠᠵᠤ᠂ ᠡᠨᠡ ᠤᠳᠠᠭᠠᠨ ᠤ ᠰᠤᠳᠤᠯᠭᠠᠨ ᠤ ᠠᠵᠢᠯᠯᠠᠭ᠎ᠠ ᠪᠣᠯ ᠬᠥᠮᠥᠰ ᠲᠤ ᠮᠠᠷᠲᠠᠭᠳᠠᠰᠢ ᠦᠭᠡᠢ ᠥᠩᠭᠡᠷᠡᠯᠲᠡ᠂ ᠮᠠᠰᠢ ᠤᠯᠠᠨ ᠴᠠᠭ ᠠᠭᠤᠷ ᠤᠨ ᠠᠵᠢᠭᠯᠠᠯᠲᠠ ᠶᠢᠨ ᠬᠡᠮᠵᠢᠭᠦᠷᠯᠢᠭ ᠢ ᠣᠯᠵᠤ ᠦᠵᠡᠭᠰᠡᠨ ᠢᠶᠠᠷ ᠪᠠᠷᠠᠬᠤ ᠦᠭᠡᠢ᠂ ᠪᠠᠰᠠ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠪᠠ ᠮᠥᠨᠳᠥᠷ ᠢ ᠰᠡᠷᠭᠡᠶᠢᠯᠡᠬᠦ ᠲᠠᠯ᠎ᠠ ᠪᠠᠷ ᠨᠡᠩ ᠪᠣᠳᠠᠲᠠᠢ ᠲᠠᠨᠢᠯᠲᠠ ᠲᠠᠢ ᠪᠣᠯᠪᠠ᠂ ᠨᠡᠩ ᠪᠠᠶᠠᠷ ᠪᠠᠶᠠᠰᠬᠤᠯᠠᠩ ᠲᠠᠢ ᠨᠢ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠵᠣᠬᠢᠶᠠᠬᠤ ᠶᠠᠪᠤᠴᠠ ᠶᠢᠨ ᠲᠤᠬᠠᠢ ᠭᠦᠢᠴᠡᠳ ᠣᠶᠢᠯᠠᠭᠠᠯᠲᠠ ᠲᠠᠢ ᠪᠣᠯᠤᠭᠰᠠᠨ ᠪᠠᠶᠢᠨ᠎ᠠ  ᠭᠡᠵᠦ ᠢᠯᠡᠳᠬᠡᠪᠡ᠃ ᠲᠣᠰ ᠤᠳᠠᠭᠠᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠰᠤᠳᠤᠯᠭᠠᠨ ᠤ ᠠᠵᠢᠯᠯᠠᠭ᠎ᠠ ᠨᠢ ᠪᠠᠭᠰᠢ ᠰᠤᠷᠤᠭᠴᠢᠳ ᠲᠤ ᠴᠠᠭ ᠠᠭᠤᠷ ᠤᠨ ᠠᠵᠢᠯ ᠤᠨ ᠣᠷᠴᠢᠨ ᠨᠥᠬᠦᠴᠡᠯ ᠢ ᠪᠡᠶᠡᠴᠢᠯᠡᠨ ᠣᠶᠢᠯᠠᠭᠠᠭᠤᠯᠵᠤ᠂ ᠴᠠᠭ ᠠᠭᠤᠷ ᠤᠨ ᠮᠡᠳᠡᠯᠭᠡ ᠶᠢ ᠣᠶᠢᠯᠠᠭᠠᠭᠤᠯᠵᠤ᠂ ᠬᠠᠷᠠᠭ᠎ᠠ ᠶᠢ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠬᠠᠶᠢᠨ ᠰᠦᠪᠡᠭᠴᠢᠯᠡᠬᠦ ᠵᠣᠷᠢᠭ ᠰᠠᠨᠠᠭ᠎ᠠ ᠶᠢ ᠬᠥᠮᠥᠵᠢᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号