ᠦᠴᠦᠸᠠᠨ ᠰᠢᠶᠠᠨ ᠬᠤᠶᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠡᠬᠢᠯᠡᠯᠲᠡ ᠶᠢᠨ ᠶᠣᠰᠣᠯᠠᠯ ᠵᠢᠴᠢ ᠠᠩᠭᠢ ᠶᠢᠨ ᠡᠷᠬᠢᠯᠡᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠶᠠᠪᠤᠭᠤᠯᠪᠠ
ᠨᠡᠶᠢᠲᠡᠯᠡᠭᠰᠡᠨ ᠴᠠᠭ᠄
2024/3/26
     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠵᠦ᠂ ᠠᠩᠭᠢ ᠶᠢᠨ ᠡᠷᠬᠢᠯᠡᠭᠴᠢ ᠶᠢᠨ ᠰᠤᠷᠤᠯᠴᠠᠯᠭ᠎ᠠ ᠪᠠ ᠰᠣᠯᠢᠯᠴᠠᠭ᠎ᠠ ᠳᠤ ᠢᠳᠡᠪᠬᠢᠲᠡᠢ ᠣᠷᠣᠯᠴᠠᠵᠤ᠂ ᠲᠣᠰ ᠪᠡᠶ᠎ᠡ ᠶᠢᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠬᠢᠷᠢ ᠲᠦᠪᠰᠢᠨ ᠪᠠ ᠬᠠᠮᠢᠶᠠᠷᠤᠯᠲᠠ ᠶᠢᠨ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠵᠣᠷᠢᠭᠵᠢᠭᠤᠯᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠪᠥᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠠᠩᠭᠢ ᠶᠢᠨ ᠡᠷᠬᠢᠯᠡᠭᠴᠢ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠢᠨᠵᠧᠨᠧᠷᠢᠩ ᠤᠨ ᠡᠬᠢᠯᠡᠯᠲᠡ ᠶᠢᠨ ᠶᠣᠰᠣᠯᠠᠯ ᠵᠢᠴᠢ ᠠᠩᠭᠢ ᠶᠢᠨ ᠡᠷᠬᠢᠯᠡᠭᠴᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠢ ᠶᠠᠪᠤᠭᠤᠯᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ᠂ ᠶᠣᠰᠣ ᠰᠤᠷᠲᠠᠬᠤᠨ ᠤ ᠬᠥᠮᠦᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠵᠠᠬᠢᠷᠤᠯ᠂ ᠠᠩᠭᠢ ᠶᠢᠨ ᠡᠷᠬᠢᠯᠡᠭᠴᠢ ᠶᠢᠨ ᠲᠥᠯᠥᠭᠡᠯᠡᠭᠴᠢ ᠨᠠᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃
     ᠶᠣᠰᠣᠯᠠᠯ ᠨᠢ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠬᠥᠰᠢᠭᠡ ᠪᠠᠨ ᠰᠡᠬᠦᠵᠦ᠂ ᠤᠷᠤᠯᠳᠤᠭᠠᠨ ᠳᠤ ᠣᠷᠣᠯᠴᠠᠬᠤ ᠠᠩᠭᠢ ᠶᠢᠨ ᠡᠷᠬᠢᠯᠡᠭᠴᠢ ᠶᠢᠨ ᠠᠵᠢᠯ ᠤᠨ ᠡᠳᠦᠷ ᠲᠤᠳᠤᠮ ᠤᠨ ᠣᠬᠤᠷ ᠹᠢᠯᠢᠮ ᠢ ᠲᠤᠬᠠᠢ ᠶᠢᠨ ᠲᠠᠯᠠᠪᠠᠢ ᠳᠤ ᠨᠠᠪᠲᠠᠷᠡᠭᠦᠯᠵᠦ᠂ ᠰᠤᠷᠤᠭᠴᠢᠳ ᠤᠨ ᠲᠥᠯᠥᠭᠡᠯᠡᠭᠴᠢ ᠪᠠᠭᠰᠢ ᠨᠠᠷ ᠲᠤ ᠰᠢᠯᠦᠭ ᠳᠠᠭᠤᠯᠠᠯ ᠢ ᠤᠶᠠᠩᠭᠠᠯᠠᠨ ᠤᠩᠰᠢᠬᠤ ᠶᠢᠨ ᠬᠠᠮᠲᠤ ᠠᠩᠭᠢ ᠶᠢᠨ ᠡᠷᠬᠢᠯᠡᠭᠴᠢ ᠳᠤ ᠭᠤᠶᠤ ᠰᠠᠶᠢᠬᠠᠨ ᠬᠤᠸᠠᠷ ᠴᠡᠴᠡᠭ ᠬᠦᠷᠭᠡᠵᠦ᠂ ᠳᠡᠳᠡᠨ ᠤ ᠠᠩᠭᠢ ᠶᠢᠨ ᠡᠷᠬᠢᠯᠡᠭᠴᠢ ᠳᠤ ᠲᠠᠯᠠᠷᠬᠠᠭᠰᠠᠨ ᠰᠡᠳᠬᠢᠯᠭᠡ ᠪᠠᠨ ᠢᠯᠡᠳᠬᠡᠵᠡᠢ᠃ ᠳᠠᠷᠠᠭ᠎ᠠ ᠪᠠᠷ ᠨᠢ ᠠᠩᠭᠢ ᠶᠢᠨ ᠡᠷᠬᠢᠯᠡᠭᠴᠢ ᠶᠢᠨ ᠲᠥᠯᠥᠭᠡᠯᠡᠭᠴᠢ ᠶᠠᠷᠢᠶ᠎ᠠ ᠲᠠᠯᠪᠢᠭᠰᠠᠨ ᠪᠥᠭᠡᠳ ᠤᠷᠤᠯᠳᠤᠭᠠᠨ ᠳᠤ ᠣᠷᠣᠯᠴᠠᠬᠤ ᠠᠩᠭᠢ ᠶᠢᠨ ᠡᠷᠬᠢᠯᠡᠭᠴᠢ ᠶᠢ ᠳᠠᠭᠠᠭᠤᠯᠤᠨ ᠲᠠᠩᠭᠠᠷᠢᠭ ᠤᠨ ᠦᠭᠡᠰ ᠤᠩᠰᠢᠪᠠ᠃
     ᠣᠶᠢᠯᠠᠭᠠᠭᠰᠠᠨ ᠢᠶᠠᠷ᠂ ᠲᠣᠰ ᠤᠳᠠᠭᠠᠨ ᠤ ᠤᠷᠤᠯᠳᠤᠭᠠᠨ ᠢ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠪᠠ ᠪᠠᠭ᠎ᠠ ᠰᠤᠷᠭᠠᠭᠤᠯᠢ ᠶᠢᠨ ᠳᠤᠭᠤᠶᠢᠯᠠᠩ ᠭᠡᠵᠦ ᠬᠤᠪᠢᠶᠠᠵᠤ᠂ ᠤᠷᠤᠯᠳᠤᠭᠠᠨ ᠳᠤ ᠠᠩᠭᠢ ᠶᠢᠨ ᠡᠷᠬᠢᠯᠡᠭᠴᠢ ᠶᠢᠨ ᠬᠥᠮᠥᠨ ᠬᠥᠮᠥᠵᠢᠭᠦᠯᠦᠭᠰᠡᠨ ᠥᠯᠢᠭᠡᠷ ᠪᠠ ᠠᠩᠭᠢ ᠶᠢᠨ ᠬᠠᠮᠢᠶᠠᠷᠤᠯᠲᠠ ᠶᠢᠨ ᠲᠤᠬᠠᠢ ᠮᠢᠨᠤ ᠦᠵᠡᠯᠲᠡ ᠭᠡᠬᠦ ᠬᠤᠶᠠᠷ ᠵᠦᠢᠯ ᠤᠨ ᠠᠭᠤᠯᠭ᠎ᠠ ᠪᠠᠭᠲᠠᠨ᠎ᠠ᠃ ᠲᠣᠰ ᠤᠳᠠᠭᠠᠨ ᠤ ᠴᠢᠳᠠᠪᠤᠷᠢ ᠶᠢᠨ ᠪᠣᠯᠪᠠᠰᠤᠷᠠᠯ ᠤᠷ᠎ᠠ ᠴᠢᠳᠠᠪᠤᠷᠢ ᠶᠢᠨ ᠤᠷᠤᠯᠳᠤᠭᠠᠨ ᠤ ᠵᠣᠷᠢᠯᠭ᠎ᠠ ᠪᠣᠯ ᠤᠷᠤᠯᠳᠤᠭᠠᠨ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠡᠶᠢᠲᠡᠯᠢᠭ ᠵᠢᠱᠢᠶ᠎ᠡ ᠶᠢ ᠪᠣᠶ ᠪᠣᠯᠭᠠᠨ᠂ ᠠᠩᠭᠢ ᠶᠢᠨ ᠡᠷᠬᠢᠯᠡᠭᠴᠢ ᠶᠢᠨ ᠦᠰᠦᠨ ᠪᠣᠶᠢᠵᠢᠬᠤ ᠲᠠᠪᠴᠠᠩ ᠢ ᠪᠠᠶᠢᠭᠤᠯᠵᠤ᠂ ᠠᠩᠭᠢ ᠶᠢᠨ ᠡᠷᠬᠢᠯᠡᠭᠴᠢ ᠶᠢᠨ ᠲᠤᠰᠬᠠᠢ ᠮᠡᠷᠭᠡᠵᠢᠯ ᠤᠨ ᠬᠥᠭᠵᠢᠯᠲᠡ ᠶᠢ ᠠᠬᠢᠭᠤᠯᠤᠨ᠂ ᠠᠩᠭᠢ ᠶᠢᠨ ᠡᠷᠬᠢᠯᠡᠭᠴᠢ ᠶᠢᠨ ᠭᠤᠣᠯᠯᠠᠬᠤ ᠡᠩᠨᠡᠭᠡ ᠶᠢ ᠪᠤᠵᠠᠭᠠᠶᠢᠷᠠᠭᠤᠯᠵᠤ᠂ ᠡᠭᠦᠨ ᠤ ᠤᠯᠠᠮ ᠢᠶᠠᠷ ᠠᠩᠭᠢ ᠶᠢᠨ ᠡᠷᠬᠢᠯᠡᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠠᠩᠭᠢ ᠶᠢᠨ ᠡᠷᠬᠢᠯᠡᠭᠴᠢ ᠶᠢᠨ ᠠᠵᠢᠯ ᠢ ᠰᠠᠶᠢᠨ ᠰᠠᠶᠢᠬᠠᠨ ᠵᠦᠭ ᠬᠥᠲᠥᠯᠥᠨ ᠳᠠᠭᠠᠭᠤᠯᠬᠤ ᠶᠢᠨ ᠲᠥᠯᠥᠭᠡ ᠶᠤᠮ᠃ ᠪᠦᠭᠦᠳᠡᠭᠡᠷ ᠬᠥᠮᠥᠨ ᠢ ᠬᠥᠮᠥᠵᠢᠭᠦᠯᠬᠦ᠂ ᠪᠦᠬᠦ ᠶᠠᠪᠤᠴᠠ ᠳᠤ ᠬᠥᠮᠥᠨ ᠢ ᠬᠥᠮᠥᠵᠢᠭᠦᠯᠬᠦ᠂ ᠪᠦᠬᠦ ᠲᠠᠯ᠎ᠠ ᠪᠠᠷ ᠬᠥᠮᠥᠨ ᠢ ᠬᠥᠮᠥᠵᠢᠭᠦᠯᠬᠦ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠪᠠᠶᠢᠷᠢᠰᠢᠯ ᠢ ᠴᠢᠷᠮᠠᠶᠢᠨ ᠪᠤᠢ ᠪᠣᠯᠭᠠᠵᠤ᠂ ᠪᠦᠬᠦ ᠰᠢᠶᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠶᠣᠰᠣ ᠮᠣᠷᠠᠯ ᠤᠨ ᠬᠥᠮᠦᠵᠢᠯ ᠤᠨ ᠠᠵᠢᠯ ᠤᠨ ᠰᠢᠨ᠎ᠡ ᠪᠠᠶᠢᠳᠠᠯ ᠢ ᠪᠤᠢ ᠪᠣᠯᠭᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号