ᠦᠴᠦᠸᠠᠨ ᠰᠢᠶᠠᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 22 ᠤᠨ ᠡᠳᠦᠷ᠂ ᠦᠴᠦᠸᠠᠨ ᠰᠢᠶᠠᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠢᠵᠦ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠦᠨ ᠰᠢᠶᠣᠣ ᠮᠢᠨ᠂ ᠵᠠᠩ ᠵᠢᠶᠧ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠰᠢᠶᠠᠩ ᠪᠠᠯᠭᠠᠰᠤ ᠵᠢᠴᠢ ᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠳᠤ ᠬᠢᠨᠠᠯᠲᠠ ᠲᠠᠯᠪᠢᠬᠤ ᠭᠠᠵᠠᠷ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠮᠠᠨ ᠤ ᠰᠢᠶᠠᠨ ᠤ 2023 ᠣᠨ ᠤ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ 2024 ᠣᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠷᠦ᠋ᠼᠧᠯ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ︵2024 ︱ 2026 ᠣᠨ︶︾ ᠳᠤ ᠲᠠᠶᠢᠯᠤᠮᠵᠢ ᠬᠢᠵᠦ᠂ 2023 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠦᠷ᠎ᠡ ᠪᠦᠲᠦᠮᠵᠢ ᠶᠢ ᠡᠷᠭᠢᠴᠡᠭᠦᠯᠬᠦ ᠶᠢᠨ ᠬᠠᠮᠲᠤ 2024 ᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠂ ᠬᠤᠷᠠᠯ ᠳᠡᠭᠡᠷ᠎ᠡ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠣᠨ ᠰᠢᠶᠠᠨ ᠤ ᠵᠠᠰᠠᠭ ᠤᠨ ᠣᠷᠳᠣᠨ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠥᠰᠥᠭ ᠵᠢᠷᠤᠪᠠ᠃      ᠬᠤᠷᠠᠯ ᠠᠴᠠ ᠪᠷᠦ᠋ᠼᠧᠯ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠪᠣᠯ ᠨᠢᠭᠡ ᠵᠦᠢᠯ ᠤᠨ ᠨᠡᠶᠢᠭᠡᠮ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠨ ᠰᠡᠷᠭᠡᠶᠢᠯᠡᠨ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠷ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠥᠮᠥᠨ ᠤ ᠬᠤᠭᠤᠷᠣᠨᠳᠣᠬᠢ ᠪᠷᠦ᠋ᠼᠧᠯ ᠡᠪᠡᠳᠴᠢᠨ ᠤ ᠬᠢᠵᠢᠭ ᠤᠨ ᠪᠠᠶᠢᠳᠠᠯ ᠤᠨ ᠨᠡᠮᠡᠭᠳᠡᠬᠦ ᠬᠠᠨᠳᠤᠰᠢ ᠶᠢ ᠡᠷᠡᠰ ᠬᠤᠷᠢᠭᠯᠠᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠪᠠᠨ ᠪᠠᠲᠤᠳᠬᠠᠵᠤ᠂ ᠪᠣᠭᠤᠮᠲᠠ ᠰᠢᠪᠲᠤᠯᠬᠤ ᠨᠡᠶᠢᠯᠡᠯ ᠬᠦᠴᠦᠨ ᠢ ᠪᠦᠷᠢᠯᠳᠦᠭᠦᠯᠵᠦ᠂ ᠪᠥᠬᠦ ᠤᠯᠤᠰ ᠤᠨ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠲᠥᠰᠥᠯ ᠤᠨ ᠱᠠᠭᠠᠷᠳᠠᠯᠭ᠎ᠠ ᠶᠣᠰᠣᠭᠠᠷ᠂ ᠪᠷᠦ᠋ᠼᠧᠯ ᠡᠪᠡᠳᠴᠢᠨ ᠢ ᠬᠢᠨᠠᠨ ᠬᠡᠮᠵᠢᠬᠦ ᠠᠵᠢᠯ ᠢ ᠵᠢᠷᠤᠮᠵᠢᠭᠤᠯᠤᠨ ᠥᠷᠨᠢᠭᠦᠯᠦᠭᠰᠡᠨ ᠰᠠᠭᠤᠷᠢᠨ ᠳᠡᠭᠡᠷ᠎ᠡ᠂ ᠬᠢᠨᠠᠨ ᠬᠡᠮᠵᠢᠬᠦ ᠬᠦᠷᠢᠶ᠎ᠡ ᠬᠡᠪᠴᠢᠶ᠎ᠡ ᠪᠠ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠤᠯᠠᠮᠵᠢᠯᠠᠯᠲᠤ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠢᠶᠠᠷ ᠳᠠᠮᠵᠢᠭᠤᠯᠤᠨ᠂ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ ᠶᠢ ᠠᠪᠴᠤ᠂ ᠡᠷᠡᠭᠦᠯ ᠮᠡᠨᠳᠦ ᠶᠢᠨ ᠬᠥᠮᠦᠵᠢᠯ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠴᠢᠭᠯᠡᠭᠦᠯᠦᠨ᠂ ᠬᠤᠷᠠᠯ ᠠᠴᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠦᠴᠦ ᠪᠠᠨ ᠬᠠᠮᠲᠤᠳᠬᠠᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ᠂ ᠡᠯ᠎ᠡ ᠰᠢᠶᠠᠩ ᠪᠠᠯᠭᠠᠰᠤ᠂ ᠪᠦᠷᠢᠯᠳᠦᠭᠦᠨ ᠨᠢᠭᠡᠴᠢ ᠨᠦᠭᠦᠳ ︽ᠨᠠᠮ ᠵᠠᠰᠠᠭ ᠭᠤᠣᠯᠯᠠᠨ ᠤᠳᠤᠷᠢᠳᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠨᠡᠶᠢᠲᠡ ᠪᠠᠷ ᠢᠶᠠᠨ ᠣᠷᠣᠯᠴᠠᠬᠤ᠂ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠬᠦ︾ ᠠᠵᠢᠯ ᠤᠨ ᠵᠠᠷᠴᠢᠮ ᠶᠣᠰᠣᠭᠠᠷ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠳᠥᠷᠪᠡᠨ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠬᠥᠮᠦᠵᠢᠯ ᠢ ᠡᠯᠪᠡᠭ ᠪᠠᠶᠠᠯᠢᠭ ᠬᠡᠯᠪᠡᠷᠢ ᠪᠠᠷ ᠭᠦᠨᠵᠡᠭᠡᠢ ᠪᠥᠭᠡᠳ ᠤᠳᠠᠭᠠᠨ ᠳᠠᠭᠠᠭᠠᠮᠠᠭᠠᠢ ᠥᠷᠨᠢᠭᠦᠯᠵᠦ᠂ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠡᠯ᠎ᠡ ᠰᠢᠶᠠᠩ ᠪᠠᠯᠭᠠᠰᠤ ᠡᠷᠡᠭᠦᠯ ᠬᠠᠮᠠᠭᠠᠯᠠᠯ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠨ᠂ ᠮᠡᠳᠡᠭᠡ ᠵᠠᠩᠭᠢ ᠪᠠᠨ ᠬᠠᠷᠢᠯᠴᠠᠨ ᠨᠡᠪᠲᠡᠷᠡᠯᠴᠡᠵᠦ᠂ ᠠᠮᠢᠲᠠᠨ ᠤ ᠬᠤᠭᠤᠷᠣᠨᠳᠣᠬᠢ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠬᠢᠨᠠᠨ ᠬᠡᠮᠵᠢᠬᠦ᠂ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ ᠡᠮᠴᠢᠯᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠠᠵᠢᠯᠲᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠬᠢᠨ ᠡᠯ᠎ᠡ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠤᠷᠢᠳᠴᠢᠯᠠᠨ ᠪᠠᠶᠢᠴᠠᠭᠠᠵᠤ ᠰᠠᠯᠭᠠᠨ ᠣᠨᠣᠰᠢᠯᠠᠬᠤ᠂ ᠬᠠᠯᠠᠭᠤᠷᠠᠯ ᠤᠨ ᠡᠭᠦᠳᠡᠨ ᠡᠮᠨᠡᠯᠭᠡ ᠪᠣᠯᠣᠨ ᠬᠠᠯᠳᠠᠪᠤᠷᠢᠲᠤ ᠡᠪᠡᠳᠴᠢᠨ ᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠬᠠᠯᠳᠠᠪᠤᠷᠢᠲᠤ ᠡᠪᠡᠳᠴᠢᠨ ᠤ ᠮᠡᠳᠡᠭᠦᠯᠦᠯᠲᠡ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠵᠦ᠂ ︽ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠬᠠᠮᠲᠤᠷᠠᠨ ᠰᠡᠷᠭᠡᠶᠢᠯᠡᠵᠦ ᠬᠠᠮᠲᠤᠷᠠᠨ ᠡᠵᠡᠮᠳᠡᠬᠦ᠂ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ︾ ᠪᠠᠷ ᠭᠠᠷᠳᠠᠴᠠ ᠪᠣᠯᠭᠠᠵᠤ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠥᠷᠨᠢᠭᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠦᠨᠡᠨ ᠬᠦ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠰᠠᠨᠠᠭᠠᠴᠢᠯᠠᠭ᠎ᠠ ᠠᠴᠠ ᠪᠠᠨ ᠠᠵᠢᠯᠯᠠᠬᠤ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ ᠪᠠ ᠨᠠᠷᠢᠨ ᠬᠢᠨᠠᠮᠠᠭᠠᠢ ᠬᠠᠷᠢᠭᠤᠴᠠᠬᠤ ᠠᠵᠢᠯ ᠤᠨ ᠣᠪᠣᠷ ᠢᠶᠠᠷ ᠤᠯᠠᠨ ᠤ ᠤᠬᠠᠭᠠᠨ ᠬᠠᠮᠲᠤ ᠶᠢᠨ ᠬᠦᠴᠦᠨ ᠢᠶᠠᠷ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠤᠷᠳᠤ ᠬᠤᠭᠤᠴᠠᠭ᠎ᠠ ᠪᠠᠷ ᠰᠠᠶᠢᠲᠤᠷ ᠬᠢᠵᠦ᠂ ᠪᠦᠬᠦ ᠰᠢᠶᠠᠨ ᠤ ᠠᠷᠠᠳ ᠲᠦᠮᠡᠨ ᠤ ᠡᠷᠡᠭᠦᠯ ᠮᠡᠨᠳᠤ᠂ ᠨᠡᠶᠢᠭᠡᠮ ᠤᠨ ᠠᠮᠤᠷ ᠲᠣᠭᠲᠠᠭᠤᠨ᠂ ᠠᠵᠤ ᠠᠬᠤᠢ ᠶᠢᠨ ᠬᠥᠭᠵᠢᠯᠲᠡ ᠶᠢᠨ ᠶᠡᠭᠡ ᠲᠠᠯ᠎ᠠ ᠶᠢ ᠬᠠᠮᠠᠭᠠᠯᠠᠬᠤ ᠳᠤ ᠬᠤᠪᠢ ᠨᠡᠮᠡᠷᠢ ᠪᠠᠨ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号