ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/26
     3 ᠰᠠᠷ᠎ᠠ ᠶᠢᠨ 21 ᠤ ᠡᠳᠦᠷ᠂ ᠦᠴᠦᠸᠠᠨ ᠰᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2024 ᠣᠨ ᠤ ᠭᠤᠷᠪᠠᠳᠤᠭᠠᠷ ᠤᠳᠠᠭ᠎ᠠ ᠶᠢᠨ ᠬᠤᠷᠠᠯ ᠵᠢᠴᠢ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠰᠢᠶᠠᠨ ᠤ ᠤᠳᠤᠷᠢᠳᠤᠯᠭ᠎ᠠ ᠶᠠᠩ ᠶᠦᠩ ᠭᠠᠩ᠂ ᠯᠢ ᠮᠢᠨ᠂ ᠷᠦᠩ ᠱᠢ ᠱᠧᠩ᠂ ᠶᠦᠨ ᠰᠢᠶᠣᠣ ᠮᠢᠨ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ ᠣᠶᠢᠷ᠎ᠠ ᠶᠢᠨ ᠬᠤᠭᠤᠴᠠᠭᠠᠨ ᠤ ᠪᠦᠬᠦ ᠰᠢᠶᠠᠨ ᠤ ᠠᠶᠤᠯᠭᠦᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠬᠦ ᠶᠢᠨ ᠬᠠᠮᠲᠤ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠥᠯ ᠢ ᠲᠠᠶᠢᠯᠪᠤᠷᠢᠯᠠᠪᠠ᠃ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠯᠪᠠᠨ ᠭᠡᠷ ᠤᠨ ᠳᠠᠮᠵᠢᠭᠤᠯᠤᠨ ᠲᠠᠷᠬᠠᠭᠠᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠭᠤᠷᠪᠠᠨ ᠨᠡᠶᠢᠲᠡᠯᠢᠭ ᠬᠦᠨᠳᠦ ᠶᠡᠭᠡ ᠠᠳᠡᠯ ᠤᠨ ᠮᠡᠳᠡᠭᠡ ᠵᠠᠩᠭᠢ ᠶᠢ ᠤᠳᠠᠭᠠᠰᠢᠷᠠᠭᠤᠯᠤᠨ ᠮᠡᠳᠡᠭᠦᠯᠬᠦ ᠪᠠ ᠮᠡᠳᠡᠭᠦᠯᠬᠦ ᠦᠭᠡᠢ ᠨᠢᠭᠤᠭᠰᠠᠨ ᠪᠠᠶᠢᠳᠠᠯ ᠤᠨ ᠲᠤᠬᠠᠢ ᠮᠡᠳᠡᠭᠳᠡᠯ ᠢ ᠤᠯᠠᠮᠵᠢᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠮᠠᠨ ᠤ ᠰᠢᠶᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠴᠠᠭ ᠢᠮᠠᠭᠲᠠ ᠰᠡᠷᠡᠮᠵᠢ ᠶᠢᠨ ᠬᠤᠩᠬᠤ ᠪᠠᠨ ᠪᠠᠶᠢᠩᠭᠤ ᠳᠤᠤᠭᠠᠷᠭᠠᠬᠤ ᠶᠢ ᠪᠠᠲᠤᠯᠠᠵᠤ᠂ ᠠᠶᠤᠯᠭᠦᠢ ᠦᠢᠯᠡᠳᠪᠦᠷᠢᠯᠡᠯ ᠭᠡᠬᠦ ᠡᠨᠡᠬᠦ ᠳᠠᠪᠠᠵᠤ ᠪᠣᠯᠣᠰᠢ ᠦᠭᠡᠢ ᠤᠯᠠᠭᠠᠨ ᠱᠤᠭᠤᠮ ᠢ ᠡᠷᠡᠰ ᠰᠠᠬᠢᠵᠤ᠂ ᠮᠢᠨᠴᠦᠭᠦᠷᠡᠬᠦ ᠪᠠ ᠠᠵᠠ ᠬᠠᠷᠠᠬᠤ ᠪᠤᠳᠤᠯ ᠢ ᠡᠷᠡᠰ ᠡᠷᠡᠰ ᠲᠡᠪᠴᠢᠵᠦ᠂ ᠡᠷᠬᠡᠪᠰᠢ ᠠᠶᠤᠯᠭᠦᠢ ᠦᠢᠯᠡᠳᠪᠦᠷᠢᠯᠡᠯ ᠢ ᠨᠡᠩ ᠲᠣᠪᠣᠶᠢᠮ᠎ᠠ᠂ ᠨᠡᠩ ᠴᠢᠬᠤᠯᠠ ᠪᠠᠶᠢᠷᠢᠨ ᠳᠤ ᠲᠠᠯᠪᠢᠵᠤ᠂ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠥᠴᠥᠬᠡᠨ ᠴᠦ ᠰᠤᠯᠠᠷᠠᠭᠤᠯᠤᠯ ᠦᠭᠡᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠪᠠᠷ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠬᠠᠷᠢᠭᠤᠴᠠᠯᠭᠠᠲᠤ ᠰᠡᠳᠬᠢᠯᠭᠡ᠂ ᠪᠠᠴᠢᠮ ᠲᠤᠯᠭᠠᠮ᠎ᠠ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠭᠤᠷᠬᠠᠢ᠂ ᠭᠠᠯ ᠤᠨᠲᠠᠷᠠᠭᠠᠬᠤ᠂ ᠰᠢᠲᠠᠮᠠᠬᠠᠢ ᠬᠡᠢ᠂ ᠬᠢᠮᠢ ᠶᠢᠨ ᠠᠵᠤ ᠦᠢᠯᠡᠳᠪᠦᠷᠢ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠭᠤᠣᠯᠳᠠᠯᠭ᠎ᠠ  ᠲᠠᠢ ᠬᠦᠷᠢᠶ᠎ᠡ ᠪᠠ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠶᠢᠨ ᠬᠦᠷᠢᠶ᠎ᠡ᠂ ᠬᠤᠳᠠᠯᠳᠤᠭᠠᠨ ᠤ ᠲᠠᠯᠠᠪᠤᠷ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯᠯᠠᠵᠤ ᠪᠠᠶᠢᠭ᠎ᠠ ᠬᠥᠮᠥᠰ ᠤᠨ ᠠᠮᠤᠷ ᠲᠦᠪᠰᠢᠨ ᠤ ᠬᠡᠪ ᠴᠢᠨᠠᠷ ᠴᠢᠩᠭ᠎ᠠ ᠪᠤᠰᠤ᠂ ᠬᠦᠨᠳᠦ ᠶᠡᠭᠡ ᠬᠡᠮ ᠰᠣᠭᠤᠭ ᠢ ᠵᠢᠭᠰᠠᠭᠠᠨ ᠪᠠᠶᠢᠴᠠᠭᠠᠭᠰᠠᠨ ᠨᠢ ᠴᠢᠩᠭ᠎ᠠ ᠪᠤᠰᠤ᠂ ᠬᠦᠨᠳᠦ ᠶᠡᠭᠡ ᠬᠡᠮ ᠰᠣᠭᠤᠭ ᠢ ᠴᠡᠭᠴᠡᠯᠡᠨ ᠵᠠᠰᠠᠭᠰᠠᠨ ᠨᠢ ᠬᠦᠴᠦᠨ ᠦᠭᠡᠢ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠬᠡᠮ ᠰᠣᠭᠤᠭ ᠪᠠᠶᠢᠨ ᠳᠠᠬᠢᠨ ᠡᠭᠦᠰᠬᠦ᠂ ᠠᠮᠤᠷ ᠲᠦᠪᠰᠢᠨ ᠤ ᠰᠠᠭᠤᠷᠢ ᠪᠠᠲᠤ ᠪᠢᠰᠢ 5 ᠲᠥᠷᠥᠯ ᠤᠨ ᠲᠣᠪᠣᠶᠢᠮ᠎ᠠ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠵᠢᠭᠰᠠᠭᠠᠨ ᠪᠠᠶᠢᠴᠠᠭᠠᠬᠤ ᠶᠢ ᠨᠠᠷᠢᠯᠢᠭᠵᠢᠭᠤᠯᠤᠨ᠂ ᠲᠥᠪ ᠴᠢᠩᠭ᠎ᠠ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠱᠠᠲᠤᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠵᠠᠷᠴᠢᠮ ᠶᠣᠰᠣᠭᠠᠷ᠂ ︽ᠠᠵᠢᠯᠯᠠᠭ᠎ᠠ ᠶᠢᠨ ᠲᠥᠰᠥᠯ︾ ᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠡᠭᠦᠷᠭᠡᠯᠡᠵᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠵᠢᠵᠢᠭᠦᠷᠯᠡᠨ ᠰᠠᠬᠢᠬᠤ ᠪᠠ ᠮᠡᠳᠡᠭᠦᠯᠦᠨ ᠬᠦᠷᠭᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠢᠵᠢᠭᠦᠷ ᠤᠨ ᠤᠳᠤᠷᠢᠳᠤᠯᠭ᠎ᠠ ᠪᠠ ᠵᠢᠵᠢᠭᠦᠷᠯᠡᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠂ ᠵᠠᠢ ᠵᠠᠪᠰᠠᠷ ᠭᠠᠷᠭᠠᠵᠤ ᠪᠣᠯᠬᠤ ᠦᠭᠡᠢ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号