ᠮᠠᠨ ᠤ ᠤᠯᠤᠰ ᠤᠨ ᠰᠦᠯᠵᠢᠶᠡᠨ ᠢᠷᠭᠡᠨ 10.92 ᠳ᠋ᠦᠩᠰᠢᠭᠤᠷ ᠲᠤ ᠬᠦᠷᠴᠡᠢ
ᠨᠡᠶᠢᠲᠡᠯᠡᠭᠰᠡᠨ ᠴᠠᠭ᠄
2024/3/26
     ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠥᠪ ︵CNNIC︶ 22 ᠤᠨ ᠡᠳᠦᠷ ᠪᠡᠭᠡᠵᠢᠩ ᠳᠤ 53 ᠳ᠋ᠤᠭᠠᠷ ᠤᠳᠠᠭ᠎ᠠ ᠶᠢᠨ ︽ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠤᠨ ᠪᠦᠷᠢᠳᠬᠡᠯ ᠤᠨ ᠮᠡᠳᠡᠭᠦᠯᠦᠯᠲᠡ︾ ᠶᠢ ᠨᠡᠶᠢᠲᠡᠯᠡᠪᠡ᠃ ᠮᠡᠳᠡᠭᠦᠯᠦᠯᠲᠡ ᠳᠤ ᠬᠠᠷᠠᠭᠤᠯᠤᠭᠰᠠᠨ ᠢᠶᠠᠷ᠂ 2023 ᠣᠨ ᠤ 12 ᠰᠠᠷ᠎ᠠ ᠪᠤᠯᠲᠠᠯ᠎ᠠ᠂ ᠮᠠᠨ ᠤ ᠤᠯᠤᠰ ᠤᠨ ᠰᠦᠯᠵᠢᠶᠡᠨ ᠢᠷᠭᠡᠨ ᠤ ᠲᠤᠭ᠎ᠠ 10.92 ᠳ᠋ᠦᠩᠰᠢᠭᠤᠷ ᠲᠤ ᠬᠦᠷᠴᠦ᠂ 2022 ᠣᠨ ᠤ 12 ᠰᠠᠷ᠎ᠠ ᠶᠢᠨ ᠬᠢ ᠠᠴᠠ 2480 ᠲᠦᠮᠡᠨ ᠰᠦᠯᠵᠢᠶᠡᠨ ᠢᠷᠭᠡᠨ ᠰᠢᠨ᠎ᠡ ᠪᠠᠷ ᠨᠡᠮᠡᠭᠳᠡᠵᠦ᠂ ᠢᠨᠲ᠋ᠧᠷ ᠰᠦᠯᠵᠢᠶᠡᠨ ᠤ ᠲᠦᠭᠡᠮᠡᠯᠵᠢᠭᠰᠡᠨ ᠨᠣᠷᠮ᠎ᠠ 77.5% ᠳᠤ ᠬᠦᠷᠴᠡᠢ᠃      ᠰᠦᠯᠵᠢᠶᠡᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 2023 ᠣᠨ ᠤ 12 ᠰᠠᠷ᠎ᠠ ᠪᠤᠯᠲᠠᠯ᠎ᠠ᠂  IPv6 ᠶᠢᠨ ᠬᠠᠶ᠋ᠢᠭ ᠤᠨ ᠲᠤᠭ᠎ᠠ ᠨᠢ 68042 ᠬᠡᠰᠡᠭ / 32 ᠪᠠᠶᠢᠵᠤ᠂ ᠤᠯᠤᠰ ᠤᠨ ᠳᠡᠭᠡᠳᠦ ᠲᠠᠰ ᠤᠨ ᠰᠦᠯᠵᠢᠶᠡᠨ ᠤ ᠨᠡᠷ᠎ᠡ ︽.CN︾ ᠶᠢᠨ ᠲᠤᠭ᠎ᠠ ᠨᠢ 2013 ᠲᠦᠮᠡ ᠪᠠᠶᠢᠵᠤ᠂ ᠢᠨᠲ᠋ᠧᠷ ᠰᠦᠯᠵᠢᠶᠡᠨ ᠤ ᠥᠷᠭᠡᠨ ᠪᠦᠰᠡ ᠶᠢᠨ ᠵᠠᠯᠭᠠᠯᠲᠠ ᠶᠢᠨ ᠦᠵᠦᠭᠦᠷᠯᠢᠭ ᠤᠨ ᠲᠤᠭ᠎ᠠ ᠨᠢ 11.36 ᠳ᠋ᠦᠩᠰᠢᠭᠤᠷ ᠲᠤ ᠭᠦᠷᠴᠡᠶ᠃  5G ᠰᠠᠭᠤᠷᠢ ᠥᠷᠲᠡᠭᠡ ᠶᠢ ᠨᠡᠶᠢᠲᠡ 337.7 ᠲᠦᠮᠡ ᠪᠠᠶᠢᠭᠤᠯᠵᠤ᠂ ᠪᠤᠶ ᠪᠦᠬᠦᠢ ᠲᠤᠰᠬᠠᠢ ᠣᠷᠣᠨ ᠤ ᠲᠠᠰ ᠤᠨ ᠬᠤᠲᠠ ᠶᠢᠨ ᠲᠣᠭᠤᠷᠢᠭ᠂ ᠰᠢᠶᠠᠨ ᠤ ᠬᠤᠲᠠ ᠶᠢᠨ ᠲᠣᠭᠤᠷᠢᠭ ᠢ ᠬᠠᠮᠤᠷᠪᠠ᠃ 5G ᠪᠠ ᠮᠢᠩᠭᠠᠨ ᠮᠧᠭ᠎ᠠ ᠭᠡᠷᠡᠯᠯᠢᠭ ᠰᠦᠯᠵᠢᠶ᠎ᠡ ᠪᠠᠷ ᠪᠦᠷᠢᠯᠳᠦᠭᠰᠡᠨ ︽ᠬᠤᠣᠰ ᠮᠢᠩᠭᠠᠨ ᠮᠧᠭ᠎ᠠ︾ ᠶᠢᠨ ᠰᠦᠯᠵᠢᠶ᠎ᠡ ᠨᠢ ᠣᠶᠤᠨᠲᠤ ᠦᠢᠯᠡᠳᠬᠦ ᠦᠢᠯᠡᠰ᠂ ᠣᠶᠤᠨᠲᠤ ᠬᠤᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠣᠶᠣᠯ ᠵᠢᠭᠤᠯᠴᠢᠯᠠᠯ ᠵᠡᠷᠭᠡ ᠡᠯ᠎ᠡ ᠬᠦᠷᠢᠶᠡᠨ ᠳᠠᠬᠢ ᠰᠢᠨ᠎ᠡ ᠶᠢ ᠡᠭᠦᠳᠦᠨ ᠬᠥᠭᠵᠢᠬᠦ ᠶᠢ ᠪᠦᠭᠦ ᠲᠠᠯ᠎ᠠ ᠪᠠᠷ ᠳᠠᠶᠢᠴᠢᠯᠠᠪᠠ᠃      ᠮᠡᠳᠡᠭᠦᠯᠦᠯᠲᠡ ᠳᠤ᠂ 2023 ᠣᠨ ᠳᠤ᠂ ᠮᠠᠨ ᠤ ᠤᠯᠤᠰ ᠮᠡᠳᠡᠭᠡ ᠵᠠᠩᠭᠢᠵᠢᠯᠲᠠ ᠶᠢᠨ ᠦᠢᠯᠡᠴᠢᠯᠡᠭᠡ ᠶᠢ ᠲᠦᠭᠡᠮᠡᠯᠵᠢᠭᠦᠯᠬᠦ ᠶᠢ ᠦᠷᠭᠦᠯᠵᠢᠯᠡᠨ ᠲᠦᠷᠭᠡᠳᠬᠡᠵᠦ᠂ ᠲᠣᠭᠠᠨ ᠤ ᠵᠥᠷᠢᠶ᠎ᠡ ᠵᠠᠭᠠᠭ ᠢ ᠪᠠᠭᠠᠰᠬᠠᠪᠠ᠃ ᠤᠯᠠᠨ ᠨᠡᠶᠢᠲᠡ ᠶᠢᠨ ᠦᠢᠯᠡᠴᠢᠯᠡᠭᠡᠨ ᠤ ᠲᠦᠷᠦᠯ ᠤᠨ ᠬᠡᠷᠡᠭᠯᠡᠭᠡ ᠶᠢ ᠪᠦᠷᠬᠦᠭᠦᠯᠬᠦ ᠶᠢ ᠲᠦᠷᠭᠡᠳᠬᠡᠵᠦ᠂ ᠰᠦᠯᠵᠢᠶ᠎ᠡ ᠪᠠᠷ ᠲᠦᠷᠢᠶᠡᠰᠦᠨ ᠲᠡᠷᠭᠡ ᠪᠣᠯᠵᠣᠬᠤ᠂ ᠢᠨᠲ᠋ᠧᠷ ᠰᠦᠯᠵᠢᠶᠡᠨ ᠤ ᠡᠮᠴᠢᠯᠡᠭᠡᠨ ᠤ ᠬᠡᠷᠡᠭᠯᠡᠭᠴᠢ ᠶᠢᠨ ᠬᠡᠪᠴᠢᠶ᠎ᠡ ᠢᠯᠡᠳᠲᠡ ᠨᠡᠮᠡᠭᠳᠡᠵᠦ᠂ 2022 ᠣᠨ ᠤ 12 ᠰᠠᠷ᠎ᠠ ᠶᠢᠨ ᠬᠢ ᠠᠴᠠ ᠲᠤᠰ ᠲᠤᠰ 9057 ᠲᠦᠮᠡᠨ ᠬᠥᠮᠥᠨ᠂ 5139 ᠲᠦᠮᠡᠨ ᠬᠥᠮᠥᠨ ᠨᠡᠮᠡᠭᠳᠡᠵᠦ᠂ ᠨᠡᠮᠡᠭᠳᠡᠯ ᠤᠨ ᠨᠤᠷᠮ᠎ᠠ ᠨᠢ ᠲᠤᠰ ᠲᠤᠰ 20.7%᠂ 14.2% ᠪᠣᠯᠪᠠ᠃ ᠣᠶᠤᠨᠲᠤ ᠠᠶᠠᠯᠠᠯ᠂ ᠣᠶᠤᠨᠲᠤ ᠡᠮᠴᠢᠯᠡᠭᠡ ᠵᠡᠷᠭᠡ ᠶᠢᠨ ᠦᠷᠭᠦᠯᠵᠢᠯᠡᠬᠦ ᠬᠥᠭᠵᠢᠯᠲᠡ ᠨᠢ ᠰᠦᠯᠵᠢᠶᠡᠨ ᠢᠷᠭᠡᠨ ᠤ ᠲᠣᠭᠠᠴᠢᠯᠠᠭᠰᠠᠨ ᠠᠮᠢᠳᠤᠷᠠᠯ ᠢ ᠨᠡᠩ ᠵᠣᠯ ᠵᠢᠷᠭᠠᠯ ᠲᠠᠢ ᠪᠣᠯᠭᠠᠵᠠᠢ ᠭᠡᠵᠦ ᠵᠢᠭᠠᠵᠤ ᠭᠠᠷᠭᠠᠪᠠ᠃      ᠡᠭᠦᠨ ᠤ ᠵᠡᠷᠭᠡ ᠪᠠᠷ᠂ ᠮᠠᠨ ᠤ ᠤᠯᠤᠰ ᠤᠨ ᠢᠨᠲ᠋ᠧᠷ ᠰᠦᠯᠵᠢᠶᠡᠨ ᠤ ᠬᠡᠷᠡᠭᠯᠡᠭᠡ ᠦᠷᠭᠦᠯᠵᠢᠯᠡᠨ ᠬᠥᠭᠵᠢᠵᠦ᠂ ᠰᠢᠨ᠎ᠡ ᠮᠠᠶ᠋ᠢᠭ ᠤᠨ ᠬᠡᠷᠡᠭᠯᠡᠭᠡᠨ ᠤ ᠳᠠᠯᠳᠠ ᠬᠦᠴᠦᠨ ᠬᠥᠭᠵᠢᠨ ᠪᠠᠳᠠᠷᠠᠵᠤ ᠪᠠᠶᠢᠨ᠎ᠠ᠃ ᠮᠡᠳᠡᠭᠦᠯᠦᠯᠲᠡ ᠳᠤ ᠬᠠᠷᠠᠭᠤᠯᠤᠭᠰᠠᠨ ᠢᠶᠠᠷ᠂ 2023 ᠣᠨ ᠤ 12 ᠰᠠᠷ᠎ᠠ ᠪᠤᠯᠲᠠᠯ᠎ᠠ᠂ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠤᠷᠢᠳᠴᠢᠯᠠᠨ ᠵᠠᠬᠢᠶᠠᠯᠠᠭᠰᠠᠨ ᠬᠡᠷᠡᠭᠯᠡᠭᠴᠢ ᠶᠢᠨ ᠬᠡᠪᠴᠢᠶ᠎ᠡ 5.09 ᠳ᠋ᠦᠩᠰᠢᠭᠤᠷ ᠲᠤ ᠬᠦᠷᠴᠦ᠂ 2022 ᠣᠨ ᠤ 12 ᠰᠠᠷ᠎ᠠ ᠶᠢᠨ ᠬᠢ ᠠᠴᠠ 8629 ᠲᠦᠮᠡᠨ ᠬᠥᠮᠥᠨ ᠨᠡᠮᠡᠭᠳᠡᠨ᠂ ᠨᠡᠮᠡᠭᠳᠡᠯ ᠤᠨ ᠨᠣᠷᠮ᠎ᠠ ᠨᠢ 20.4% ᠳᠤ ᠬᠦᠷᠴᠡᠢ᠃ ᠭᠦᠨᠵᠡᠭᠡᠢ ᠪᠡᠶᠡᠴᠢᠯᠡᠨ ᠣᠶᠢᠯᠠᠭᠠᠬᠤ ᠮᠠᠶ᠋ᠢᠭ ᠤᠨ ᠵᠢᠭᠤᠯᠴᠢᠯᠠᠯ᠂ ᠰᠣᠶᠣᠯ ᠵᠢᠭᠤᠯᠴᠢᠯᠠᠯ ᠵᠡᠷᠭᠡ ᠪᠠᠷ ᠣᠨᠴᠠᠯᠢᠭ ᠪᠤᠯᠭᠠᠬᠰᠠᠨ ᠰᠣᠶᠣᠯ ᠵᠢᠭᠤᠯᠴᠢᠯᠠᠯ ᠨᠢ ᠶᠠᠭ ᠡᠯ᠎ᠡ ᠭᠠᠵᠠᠷ ᠤᠨ ᠢᠳᠡᠪᠬᠢᠲᠡᠢ ᠪᠠᠷ ᠪᠣᠶᠢᠵᠢᠭᠤᠯᠬᠤ ᠬᠡᠷᠡᠭᠯᠡᠭᠡ ᠶᠢᠨ ᠨᠡᠮᠡᠭᠳᠡᠯ ᠤᠨ ᠴᠡᠭ ᠪᠣᠯᠵᠤ ᠪᠠᠶᠢᠨ᠎ᠠ᠃ ᠡᠭᠦᠨ ᠠᠴᠠ ᠭᠠᠳᠠᠨ᠎ᠠ᠂ ᠤᠯᠤᠰ ᠤᠨ ᠪᠠᠷᠠᠭᠠᠨ ᠤ ︽ᠤᠷᠤᠰᠬᠠᠯ ᠪᠣᠯᠤᠭᠰᠠᠨ ᠦᠢᠯᠡᠳᠬᠦᠨ︾ ᠨᠢ ᠦᠷᠭᠦᠯᠵᠢᠯᠡᠨ ᠰᠠᠭᠤᠭᠠᠯᠢ ᠠᠷᠠᠳ ᠤᠨ ᠰᠦᠯᠵᠢᠶᠡᠨ ᠳᠡᠭᠡᠷ᠎ᠡ ᠠᠴᠠ ᠬᠤᠳᠠᠯᠳᠤᠨ ᠠᠪᠬᠤ ᠬᠡᠷᠡᠭᠯᠡᠭᠡ ᠶᠢᠨ ᠴᠢᠬᠤᠯᠠ ᠪᠦᠷᠢᠯᠳᠦᠭᠦᠨ ᠪᠣᠯᠵᠤ᠂ ᠣᠶᠢᠷ᠎ᠠ ᠶᠢᠨ ᠬᠠᠭᠠᠰ ᠵᠢᠯ ᠳᠤ ᠰᠦᠯᠵᠢᠶᠡᠨ ᠳᠡᠭᠡᠷ᠎ᠡ ᠠᠴᠠ ᠤᠯᠤᠰ ᠤᠨ ᠪᠠᠷᠠᠭᠠᠨ ᠤ ︽ᠤᠷᠤᠰᠬᠠᠯ ᠪᠣᠯᠤᠭᠰᠠᠨ ᠦᠢᠯᠡᠳᠬᠦᠨ︾ ᠬᠤᠳᠠᠯᠳᠤᠨ ᠠᠪᠤᠭᠰᠠᠨ ᠬᠡᠷᠡᠭᠯᠡᠭᠴᠢ ᠶᠢᠨ ᠡᠵᠡᠯᠡᠬᠦ ᠬᠠᠷᠢᠴᠠᠯ ᠨᠢ 58.3% ᠳᠤ ᠬᠦᠷᠴᠡᠢ᠃      ᠣᠶᠢᠯᠠᠭᠠᠭᠰᠠᠨ ᠢᠶᠠᠷ᠂ 1997 ᠣᠨ ᠠᠴᠠ ᠡᠬᠢᠯᠡᠨ᠂ CNNIC ᠠᠴᠠ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠤᠨ ᠲᠤᠬᠠᠢ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠢᠯ ᠪᠦᠷᠢ ᠶᠢᠨ ᠵᠢᠯ ᠤᠨ ᠡᠬᠢᠨ ᠳᠤ ᠪᠠ ᠵᠢᠯ ᠤᠨ ᠳᠤᠮᠳᠠᠴᠢ ᠪᠠᠷ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠯᠲᠡ ᠨᠡᠶᠢᠲᠡᠯᠡᠬᠦ ᠵᠤᠷᠰᠢᠯ ᠢ ᠪᠤᠶ ᠪᠤᠯᠭᠠᠵᠤ᠂ ᠮᠠᠨ ᠤ ᠤᠯᠤᠰ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠠᠵᠢᠯ ᠲᠥᠷᠥᠯ ᠤᠨ ᠪᠠᠶᠢᠭᠤᠯᠤᠮᠵᠢ᠂ ᠲᠤᠰᠬᠠᠢ ᠮᠡᠷᠭᠡᠵᠢᠯᠲᠡᠨ ᠡᠷᠳᠡᠮᠲᠡᠨ ᠨᠠᠷ ᠤᠨ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠬᠥᠭᠵᠢᠯᠲᠡ ᠶᠢᠨ ᠪᠠᠶᠢᠳᠠᠯ ᠢ ᠣᠶᠢᠯᠠᠭᠠᠬᠤ ᠴᠢᠬᠤᠯᠠ ᠯᠠᠪᠯᠠᠯᠲᠠ ᠪᠣᠯᠤᠭᠰᠠᠨ ᠪᠠᠶᠢᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 22 ᠤᠨ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号