ᠮᠠᠨ ᠤ ᠣᠷᠣᠨ ︽ᠪᠣᠬᠢᠷᠳᠤᠯ ᠦᠭᠡᠢ ᠬᠠᠶᠢᠨ ᠪᠠᠶᠢᠴᠠᠭᠠᠬᠤ ᠮᠡᠷᠭᠡᠵᠢᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠦᠯ᠎ᠡ
ᠨᠡᠶᠢᠲᠡᠯᠡᠭᠰᠡᠨ ᠴᠠᠭ᠄
2024/3/26
     ᠣᠶᠢᠷ᠎ᠠ ᠳᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠪᠠᠷᠢᠮᠵᠢᠶ᠎ᠠ ᠶᠢᠨ ᠠᠯᠪᠠᠨ ᠵᠠᠷ︾ ᠲᠤ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠪᠣᠬᠢᠷᠳᠤᠯ ᠦᠭᠡᠢ ᠬᠠᠶᠢᠨ ᠪᠠᠶᠢᠴᠠᠭᠠᠬᠤ ᠮᠡᠷᠭᠡᠵᠢᠯ ᠤᠨ ᠳᠦᠷᠢᠮ︾ ᠢ ᠨᠡᠶᠢᠲᠡᠯᠡᠪᠡ᠃      ︽ᠪᠣᠬᠢᠷᠳᠤᠯ ᠦᠭᠡᠢ ᠬᠠᠶᠢᠨ ᠪᠠᠶᠢᠴᠠᠭᠠᠬᠤ  ᠮᠡᠷᠭᠡᠵᠢᠯ ᠤᠨ ᠳᠦᠷᠢᠮ︾ ᠨᠢ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ ᠣᠶᠢᠯᠠᠭᠠᠭᠳᠠᠬᠤᠨ ᠶᠣᠰᠣᠭᠠᠷ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠤ ᠣᠨᠴᠠᠯᠢᠭ ᠪᠠ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠤᠨ  ᠠᠷᠭ᠎ᠠ ᠮᠡᠷᠭᠡᠵᠢᠯ ᠢᠶᠠᠨ ᠰᠢᠨᠡᠴᠢᠯᠡᠵᠦ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠪᠦᠭᠦ ᠶᠠᠪᠤᠴᠠ ᠳᠤ ᠣᠶ ᠰᠢᠭᠤᠢ᠂ ᠲᠠᠯ᠎ᠠ ᠨᠤᠲᠤᠭ ᠵᠡᠷᠭᠡ ᠠᠳᠠᠯᠢ ᠪᠤᠰᠤ ᠦᠵᠡᠮᠵᠢ ᠶᠢᠨ ᠣᠷᠣᠨ ᠳᠤ ᠴᠢᠭᠯᠡᠭᠦᠯᠦᠨ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠬᠠᠮᠠᠭᠠᠯᠠᠬᠤ ᠬᠠᠶᠢᠨ ᠪᠠᠶᠢᠴᠠᠭᠠᠬᠤ ᠠᠷᠭ᠎ᠠ᠂ ᠮᠡᠷᠭᠡᠵᠢᠯ᠂ ᠤᠷᠠᠯᠠᠯ ᠪᠣᠯᠣᠨ ᠲᠥᠬᠦᠭᠡᠷᠦᠮᠵᠢ ᠵᠡᠷᠭᠡ ᠠᠷᠭ᠎ᠠ ᠪᠠᠷᠢᠯ ᠢ ᠲᠥᠷᠥᠯ ᠬᠤᠪᠢᠶᠠᠨ ᠬᠡᠷᠡᠭᠯᠡᠵᠦ᠂ ᠠᠮᠢ ᠠᠬᠤᠢ ᠣᠷᠴᠢᠨ ᠲᠣᠭᠤᠷᠢᠨ ᠳᠤ ᠤᠴᠠᠷᠠᠭᠤᠯᠬᠤ ᠠᠰᠢᠭ ᠦᠭᠡᠢ ᠨᠥᠯᠥᠭᠡ ᠶᠢ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠬᠦ ᠶᠢᠨ ᠬᠠᠮᠲᠤ ᠡᠪᠳᠡᠭᠳᠡᠭᠰᠡᠨ ᠣᠷᠴᠢᠨ ᠲᠣᠭᠤᠷᠢᠨ ᠢ ᠵᠠᠰᠠᠨ ᠰᠡᠷᠭᠦᠭᠡᠵᠦ᠂ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠬᠢᠭᠡᠳ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠶ᠎ᠡ ᠵᠣᠬᠢᠴᠠᠩᠭᠤᠢ ᠬᠥᠭᠵᠢᠯᠲᠡ ᠶᠢ ᠪᠡᠶᠡᠯᠡᠭᠦᠯᠦᠨ᠂ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠶᠢᠨ ᠡᠬᠢ ᠪᠠᠶᠠᠯᠢᠭ ᠤᠨ ᠰᠠᠭᠤᠷᠢᠨ ᠪᠠ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠣᠭᠴᠠᠯᠠᠬᠤ ᠳᠤ ᠬᠦᠴᠦᠨ ᠨᠡᠮᠡᠷᠢᠯᠡᠨ᠎ᠡ᠃      ᠳᠠᠷᠠᠭᠠᠴᠢ ᠪᠠᠷ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠢᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠪᠡᠯᠡ ᠮᠥᠩᠭᠦ ᠭᠠᠷᠭᠠᠭᠰᠠᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠲᠦᠷᠦᠯ ᠵᠦᠢᠯ ᠳᠤ ᠵᠢᠱᠢᠶ᠎ᠡ ᠦᠵᠡᠭᠦᠯᠦᠨ ᠬᠡᠷᠡᠭᠵᠢᠭᠦᠯᠵᠦ᠂ ᠪᠦᠭᠦ ᠣᠷᠣᠨ ᠤ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠲᠦᠷᠦᠯ ᠳᠤ ᠢᠳᠡᠭ ᠢᠳᠡᠭ ᠢᠶᠠᠷ ᠳᠡᠯᠭᠡᠷᠡᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠥᠪᠥᠷ ᠮᠣᠩᠭᠤᠯ ᠤᠨ ᠭᠠᠵᠠᠷ ᠰᠢᠨᠵᠢᠯᠡᠭᠡᠨ ᠤ ᠬᠠᠶᠢᠨ ᠪᠠᠶᠢᠴᠠᠭᠠᠯᠲᠠ ᠶᠢᠨ ᠠᠵᠢᠯ ᠲᠦᠷᠦᠯ ᠤᠨ ᠪᠣᠬᠢᠷᠳᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号