ᠳᠡᠭᠡᠷ᠎ᠡ ᠲᠣᠬᠤᠢ ᠰᠢᠶᠠᠩ ᠤᠨ ᠰᠠᠨ ᠵᠢᠶᠠᠨ ᠹᠠᠩ ᠲᠣᠰᠬᠤᠨ ᠤ ᠠᠷᠠᠳ ᠤᠨ ᠵᠥᠪᠯᠡᠯ ᠰᠢᠨ ᠾᠧ ᠲᠣᠰᠬᠤᠨ ᠳᠤ ᠭᠦᠨᠵᠡᠭᠡᠶᠢᠷᠡᠵᠦ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠢ ᠲᠤᠰᠬᠠᠢ ᠰᠡᠳᠦᠪ ᠢᠶᠠᠷ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/27
     ᠭᠤᠣᠯ ᠰᠡᠳᠦᠪᠲᠦ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠨᠠᠮ ᠤᠨ ᠭᠡᠰᠢᠭᠦᠨ ᠺᠠᠳ᠋ᠷ ᠵᠢᠴᠢ ᠲᠣᠰᠬᠤᠨ ᠤ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ︽ᠵᠢᠷᠭᠤᠭᠠᠨ ᠥᠭᠦᠯᠡᠪᠦᠷᠢ︾  ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠣᠶᠢᠯᠠᠭᠠᠭᠤᠯᠬᠤ ᠶᠢᠨ ᠲᠥᠯᠥᠭᠡ᠂ 3 ᠰᠠᠷ᠎ᠠ ᠶᠢᠨ 20 ᠤ ᠡᠳᠦᠷ᠂ ᠳᠡᠭᠡᠷ᠎ᠡ ᠲᠣᠬᠤᠢ ᠰᠢᠶᠠᠩ ᠤᠨ ᠰᠠᠨ ᠵᠢᠶᠠᠨ ᠹᠠᠩ ᠲᠣᠰᠬᠤᠨ ᠤ ᠠᠷᠠᠳ ᠤᠨ ᠵᠥᠪᠯᠡᠯ ᠰᠢᠨ ᠾᠧ ᠲᠣᠰᠬᠤᠨ ᠳᠤ ᠭᠦᠨᠵᠡᠭᠡᠶᠢᠷᠡᠨ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠵᠤ᠂ ᠳᠡᠭᠡᠷ᠎ᠡ ᠲᠣᠬᠤᠢ ᠰᠢᠶᠠᠩ ᠤᠨ ᠤᠳᠤᠷᠢᠳᠬᠤ ᠪᠠᠭ ᠤᠨ ᠪᠦᠷᠢᠯᠳᠦᠭᠦᠨ᠂ ᠲᠣᠰᠬᠤᠨ ᠤ ᠠᠷᠠᠳ ᠤᠨ ᠵᠥᠪᠯᠡᠯ ᠤᠨ ᠺᠠᠳ᠋ᠷ᠂ ᠲᠣᠰᠬᠤᠨ ᠳᠤ ᠰᠠᠭᠤᠭ᠎ᠠ ᠺᠠᠳ᠋ᠷ ᠵᠢᠴᠢ ᠲᠣᠰᠬᠤᠨ ᠤ ᠠᠷᠠᠳ ᠨᠡᠶᠢᠳᠡ 20 ᠭᠠᠷᠤᠢ ᠬᠥᠮᠥᠨ ᠲᠤᠰ ᠤᠳᠠᠭ᠎ᠠ ᠶᠢᠨ ᠰᠤᠷᠤᠯᠴᠠᠯᠭ᠎ᠠ ᠳᠤ ᠣᠷᠣᠯᠴᠠᠪᠠ᠃      ᠲᠤᠰ ᠤᠳᠠᠭᠠᠨ ᠤ ᠲᠤᠰᠬᠠᠢ ᠰᠡᠳᠦᠪᠲᠦ ᠨᠠᠮ ᠤᠨ ᠬᠢᠴᠢᠶᠡᠯ ᠨᠢ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠲᠤ ᠠᠩᠬᠠᠷᠤᠯ ᠢᠶᠠᠨ ᠲᠥᠪᠯᠡᠷᠡᠭᠦᠯᠵᠦ᠂ ᠨᠠᠷᠢᠨ ᠪᠣᠳᠠᠲᠠᠢ᠂ ᠰᠢᠭᠤᠳ ᠠᠵᠢᠭᠯᠠᠯᠲᠠ ᠶᠢᠨ ᠲᠡᠦᠬᠡᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠲᠡᠦᠬᠡᠨ ᠶᠠᠪᠤᠴᠠ ᠶᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠭᠰᠠᠨ ᠴᠥᠬᠦᠷᠡᠰᠢ ᠦᠭᠡᠢ ᠲᠡᠮᠡᠴᠡᠯ ᠤᠨ ᠲᠡᠦᠬᠡ᠂ ᠣᠨᠣᠯ ᠤᠨ ᠬᠠᠶᠢᠯᠲᠠ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ ᠪᠠ ᠨᠠᠮ ᠤᠨ ᠲᠤᠰ ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠲᠠᠶᠢᠯᠪᠤᠷᠢᠯᠠᠵᠤ᠂ ︽ᠵᠢᠷᠭᠤᠭᠠᠨ ᠥᠭᠦᠯᠡᠪᠦᠷᠢ︾ ᠶᠢᠨ ᠪᠠᠶᠠᠯᠢᠭ ᠠᠭᠤᠯᠬᠤᠨ ᠢ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠵᠠᠳᠠᠯᠤᠨ ᠰᠢᠨᠵᠢᠯᠡᠵᠦ᠂ ᠤᠯᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠲᠠᠯᠪᠢᠵᠤ ᠪᠠᠶᠢᠭ᠎ᠠ ᠬᠠᠯᠠᠮᠵᠢᠯᠠᠯ ᠪᠠ ᠬᠦᠰᠡᠯ ᠡᠷᠡᠮᠡᠯᠵᠡᠯ ᠢ ᠨᠡᠩ ᠭᠦᠨᠵᠡᠭᠡᠢ ᠣᠶᠢᠯᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠪᠠᠶᠢᠷᠢᠰᠢᠯ ᠢ ᠣᠶᠢᠯᠠᠭᠠᠪᠠ᠃      ᠰᠠᠨ ᠵᠢᠶᠠᠨ ᠹᠠᠩ ᠲᠣᠰᠬᠤᠨ ᠤ ᠠᠷᠠᠳ ᠤᠨ ᠵᠥᠪᠯᠡᠯ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠨᠢᠭᠲᠠᠷᠠᠯ ᠤᠨ ᠬᠦᠴᠦᠨ ᠪᠠ ᠳᠠᠶᠢᠴᠢᠨ ᠬᠦᠴᠦᠨ ᠢ ᠭᠦᠢᠴᠡᠳ ᠪᠠᠳᠠᠷᠠᠭᠤᠯᠵᠤ᠂ ︽ᠵᠢᠷᠭᠤᠭᠠᠨ ᠥᠭᠦᠯᠡᠪᠦᠷᠢ︾ ᠶᠢᠨ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠡᠭᠦᠷᠭᠡ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠪᠠᠨ ᠴᠢᠩᠭᠠᠳᠬᠠᠵᠤ᠂ ᠠᠷᠠᠳ ᠤᠨ ᠠᠮᠢᠳᠤᠷᠠᠯ ᠪᠣᠳᠠᠲᠤ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶ᠎ᠠ ᠣᠷᠣᠨ ᠤ ᠪᠠᠨ ᠲᠣᠰᠬᠤᠨ ᠤ ᠠᠷᠠᠳ ᠢ ᠬᠠᠪᠰᠤᠷᠤᠨ ︽ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ︾ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠡᠭᠦᠷᠭᠡᠯᠡᠯ᠂ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠎ᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号