ᠳᠠᠯᠠᠨ ᠬᠠᠷ᠎ᠠ ᠠᠭᠤᠯᠠ ᠰᠢᠶᠠᠩ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/3/27
     ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠳᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢᠨ ᠲᠥᠯᠥᠭᠡ᠂ 3 ᠰᠠᠷ᠎ᠠ ᠶᠢᠨ 21 ᠤ ᠡᠳᠦᠷ᠂ ᠳᠠᠯᠠᠨ ᠬᠠᠷ᠎ᠠ ᠠᠭᠤᠯᠠ ᠰᠢᠶᠠᠩ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠶᠠᠪᠤᠳᠠᠯ ᠪᠠ ᠶᠣᠰᠣ ᠤᠴᠢᠷ ᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠵᠦ ᠪᠡᠶᠡᠴᠢᠯᠡᠨ ᠣᠶᠢᠯᠠᠭᠠᠵᠤ᠂ ᠲᠡᠷᠢᠭᠦᠨ ᠤ ᠲᠤᠷᠰᠢᠯᠭ᠎ᠠ ᠪᠠᠨ ᠰᠣᠯᠢᠯᠴᠠᠵᠤ᠂ ᠭᠤᠣᠯᠳᠠᠯᠭ᠎ᠠ ᠲᠠᠢ ᠠᠵᠢᠯ ᠢᠶᠠᠨ ᠪᠠᠶᠢᠷᠢᠯᠠᠭᠤᠯᠪᠠ᠃      ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠭᠦᠨ᠂ ᠠᠵᠢᠯ ᠦᠢᠯᠡᠰ ᠤᠨ ᠳᠡᠳ᠋ ᠰᠠᠯᠠᠭ᠎ᠠ᠂ ᠥᠷᠲᠡᠭᠡ ᠠᠯᠪᠠᠨ ᠭᠡᠷ ᠤᠨ ᠬᠠᠷᠢᠭᠤᠴᠠᠯᠭᠠᠲᠠᠨ᠂ ᠡᠯ᠎ᠡ ᠲᠣᠰᠬᠤᠨ ᠤ ᠨᠠᠮ ᠤᠨ ᠡᠭᠦᠷ ᠤᠨ ᠱᠦᠵᠢ᠂ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠬᠥᠳᠡᠭᠡ ᠲᠣᠰᠬᠤᠨ ᠬᠤᠶᠠᠷ ᠱᠠᠲᠤᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠠᠵᠢᠯᠲᠠᠨ ᠵᠡᠷᠭᠡ ᠪᠠᠷ ᠪᠦᠷᠢᠯᠳᠦᠭᠰᠡᠨ ᠲᠣᠭᠤᠷᠢᠨ ᠦᠵᠡᠬᠦ ᠪᠦᠯᠬᠦᠮ᠂ ᠦ᠋ ᠳ᠋ᠣᠣ ᠭᠧᠦ ᠲᠣᠰᠬᠤᠨ ᠤ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠪᠣᠯᠣᠨ ᠣᠶᠢᠷ᠎ᠠ ᠶᠢᠨ ᠵᠢᠯ ᠤᠨ ᠬᠥᠭᠵᠢᠯᠲᠡ ᠬᠤᠪᠢᠷᠠᠯᠲᠠ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠭᠰᠡᠨ ᠪᠥᠭᠡᠳ ᠦ᠋ ᠳ᠋ᠣᠣ ᠭᠧᠦ ᠶᠢᠨ ᠵᠠᠩ ᠦᠢᠯᠡ ᠶᠢᠨ ᠦᠵᠡᠭᠦᠯᠦᠯᠭᠡ ᠶᠢᠨ ᠣᠷᠳᠣᠨ ᠵᠡᠷᠭᠡ ᠠᠵᠤ ᠦᠢᠯᠡᠰ ᠤᠨ ᠲᠦᠷᠦᠯ ᠵᠦᠢᠯ ᠢ ᠬᠠᠮᠲᠤᠪᠠᠷ ᠲᠣᠭᠤᠷᠢᠨ ᠦᠵᠡᠪᠡ᠃      ᠬᠦᠷᠦᠭᠰᠡᠨ ᠭᠠᠵᠠᠷ ᠪᠣᠯᠭᠠᠨ ᠳᠤ ᠤᠯᠠᠨ ᠢᠶᠠᠷ ᠢᠶᠠᠨ ᠨᠠᠷᠢᠨ ᠬᠢᠨᠠᠮᠠᠭᠠᠢ ᠰᠣᠨᠣᠰᠴᠤ᠂ ᠨᠠᠷᠢᠨ ᠬᠢᠨᠠᠮᠠᠭᠠᠢ ᠦᠵᠡᠵᠦ᠂ ᠵᠠᠷᠢᠮ ᠰᠠᠶᠢᠨ ᠲᠤᠷᠰᠢᠯᠭ᠎ᠠ ᠠᠷᠭ᠎ᠠ ᠬᠢᠳᠡᠯ ᠢ ᠲᠡᠮᠳᠡᠭᠯᠡᠯ ᠬᠢᠬᠦ ᠪᠤᠶᠤ ᠭᠠᠷ ᠤᠲᠠᠰᠤ ᠪᠠᠷ ᠲᠡᠮᠳᠡᠭᠯᠡᠵᠦ᠂ ᠶᠠᠪᠤᠬᠤ ᠶᠢᠨ ᠳᠠᠭᠠᠤ ᠦᠵᠡᠵᠦ᠂ ᠦᠵᠡᠬᠦ ᠶᠢᠨ ᠳᠠᠭᠠᠤ ᠲᠡᠮᠳᠡᠭᠯᠡᠵᠦ᠂ ᠦᠨᠡᠯᠡᠬᠦ ᠶᠢᠨ ᠳᠠᠭᠠᠤ ᠪᠣᠳᠣᠯᠬᠢᠯᠠᠵᠤ᠂ ᠦᠵᠡᠯ ᠰᠠᠨᠠᠭ᠎ᠠ ᠪᠠᠨ ᠴᠢᠯᠦᠭᠡᠯᠡᠵᠦ᠂ ᠰᠡᠳᠬᠢᠴᠡ ᠪᠠᠨ ᠲᠣᠳᠣᠷᠬᠠᠢ ᠪᠣᠯᠭᠠᠭᠰᠠᠨ ᠮᠥᠷᠲᠡᠭᠡᠨ ᠪᠠᠰᠠ ᠦᠷ᠎ᠡ ᠪᠦᠲᠦᠮᠵᠢ ᠶᠢ ᠣᠯᠵᠤ ᠬᠠᠷᠠᠵᠤ᠂ ᠵᠥᠷᠢᠶ᠎ᠡ ᠪᠠᠨ ᠡᠷᠢᠵᠦ ᠣᠯᠵᠤ᠂ ᠦᠷ᠎ᠡ ᠪᠦᠲᠦᠮᠵᠢ ᠪᠠᠨ ᠠᠳᠠᠯᠢᠳᠬᠠᠬᠤ᠂ ᠵᠥᠷᠢᠶ᠎ᠡ ᠪᠠᠨ ᠡᠷᠢᠬᠦ᠂ ᠲᠡᠷᠢᠭᠦᠨ ᠤ ᠬᠢ ᠠᠴᠠ ᠰᠤᠷᠤᠯᠴᠠᠬᠤ᠂ ᠡᠷᠴᠢ ᠵᠣᠷᠢᠭ ᠢᠶᠠᠨ ᠨᠡᠮᠡᠭᠳᠡᠭᠦᠯᠬᠦ ᠦᠷ᠎ᠡ ᠳ᠋ᠦᠩ ᠳᠤ ᠬᠦᠷᠴᠦ ᠴᠢᠳᠠᠭᠰᠠᠨ ᠪᠠᠶᠢᠨ᠎ᠠ᠃      ᠲᠤᠬᠠᠢ ᠶᠢᠨ ᠲᠠᠯᠠᠪᠠᠢ ᠳᠤ ᠲᠣᠭᠤᠷᠢᠨ ᠦᠵᠡᠵᠦ ᠪᠠᠷᠠᠭᠰᠠᠨ ᠤ ᠳᠠᠷᠠᠭ᠎ᠠ᠂ ᠤᠯᠠᠨ ᠢᠶᠠᠷ ᠢᠶᠠᠨ ᠦ᠋ ᠳ᠋ᠣᠣ ᠭᠧᠦ ᠲᠣᠰᠬᠤᠨ ᠤ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠷᠠᠯ ᠤᠨ ᠭᠡᠷ ᠲᠤ ᠰᠣᠯᠢᠯᠴᠠᠬᠤ ᠬᠤᠷᠠᠯ ᠬᠢᠪᠡ᠃ ᠦ᠋ ᠳ᠋ᠣᠣ ᠭᠧᠦ ᠲᠣᠰᠬᠤᠨ᠂ ᠵᠢᠩ ᠡᠯ ᠭᠧᠦ ᠲᠣᠰᠬᠤᠨ ᠤ ᠨᠠᠮ ᠤᠨ ᠡᠭᠦᠷ ᠤᠨ ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠬᠡᠷᠬᠢᠨ ᠰᠠᠶᠢᠲᠤᠷ ᠠᠬᠢᠭᠤᠯᠬᠤ᠂ ᠤᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠡᠷᠬᠢᠨ ᠰᠠᠶᠢᠲᠤᠷ ᠥᠷᠨᠢᠭᠦᠯᠬᠦ᠂ ᠲᠤᠬᠠᠢ ᠶᠢᠨ ᠭᠠᠵᠠᠷ ᠤᠨ ᠣᠨᠴᠠᠯᠢᠭᠲᠤ ᠠᠵᠤ ᠦᠢᠯᠡᠰ ᠢ ᠰᠠᠶᠢᠲᠤᠷ ᠬᠥᠭᠵᠢᠭᠦᠯᠬᠦ ᠲᠤᠬᠠᠢ ᠲᠤᠷᠰᠢᠯᠭ᠎ᠠ ᠶᠢᠨ ᠰᠣᠯᠢᠯᠴᠠᠭ᠎ᠠ ᠶᠢ ᠰᠣᠨᠣᠰᠪᠠ᠃ ᠬᠤᠷᠠᠯ ᠳᠡᠭᠡᠷ᠎ᠡ ᠪᠠᠰᠠ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢᠨ ᠲᠡᠷᠢᠭᠦᠨ ᠤ ᠨᠡᠶᠢᠲᠡᠯᠢᠭ ᠬᠡᠷᠡᠭ ᠤᠨ ᠵᠢᠱᠢᠶ᠎ᠡ ᠶᠢ ᠭᠤᠣᠯ ᠰᠡᠳᠦᠪ  ᠢᠶᠠᠷ ᠤᠬᠠᠭᠤᠯᠤᠨ ᠲᠠᠶᠢᠯᠪᠤᠷᠢᠯᠠᠭᠰᠠᠨ ᠪᠥᠭᠡᠳ ︽ᠵᠢᠷᠭᠤᠭᠠᠨ ᠥᠭᠦᠯᠡᠪᠦᠷᠢ︾ ᠶᠢᠨ ᠪᠣᠳᠠᠲᠤ ᠬᠡᠷᠡᠭ ᠪᠠ ᠶᠣᠰᠣ ᠤᠴᠢᠷ ᠤᠨ ᠲᠣᠭᠤᠷᠢᠨ ᠳᠤ ᠨᠠᠮ ᠤᠨ ᠬᠢᠴᠢᠶᠡᠯ ᠢ ᠵᠢᠭᠠᠭᠰᠠᠨ ᠪᠠᠶᠢᠨ᠎ᠠ᠃      ᠬᠤᠷᠠᠯ ᠳᠤ ᠣᠷᠣᠯᠴᠠᠭᠰᠠᠳ ᠳᠠᠯᠠᠨ ᠬᠠᠷ᠎ᠠ ᠠᠭᠤᠯᠠ ᠰᠢᠶᠠᠩ ᠤᠨ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠬᠡᠷᠬᠢᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠰᠡᠭᠦᠯᠴᠢ ᠶᠢᠨ ᠬᠤᠭᠤᠴᠠᠭᠠᠨ ᠳᠤ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠰᠠᠶᠢᠲᠤᠷ ᠥᠷᠨᠢᠭᠦᠯᠬᠦ ᠶᠢᠨ ᠲᠣᠭᠤᠷᠢᠨ ᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠤᠯᠠᠨ ᠢᠶᠠᠷ ᠢᠶᠠᠨ ᠳᠡᠰ ᠳᠠᠷᠠᠭ᠎ᠠ ᠲᠠᠢ ᠪᠠᠷ ᠶᠠᠷᠢᠶ᠎ᠠ ᠲᠠᠯᠪᠢᠵᠤ᠂ ᠲᠤᠰ ᠤᠳᠠᠭ᠎ᠠ ᠶᠢᠨ ᠲᠣᠭᠤᠷᠢᠨ ᠦᠵᠡᠬᠦ ᠠᠵᠢᠯᠯᠠᠭ᠎ᠠ ᠶᠢᠨ ᠣᠯᠣᠯᠲᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠪᠦᠬᠦ ᠰᠢᠶᠠᠩ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠣᠨᠴᠠᠭᠠᠶᠢᠯᠠᠨ ᠰᠣᠶᠣᠯ ᠵᠤᠭᠠᠴᠠᠯ ᠤᠨ ᠦᠢᠯᠡᠰ᠂ ᠰᠠᠷᠢᠮᠰᠠᠭ᠂ ᠬᠢᠲᠠᠳ ᠡᠮ ᠤᠨ ᠮᠠᠲ᠋ᠧᠷᠢᠶᠠᠯ᠂ ᠵᠢᠮᠢᠰ ᠨᠣᠭᠤᠭ᠎ᠠ ᠵᠡᠷᠭᠡ ᠣᠨᠴᠠᠯᠢᠭᠲᠤ ᠲᠠᠷᠢᠮᠠᠯ ᠤᠨ ᠦᠢᠯᠡᠰ ᠢ ᠬᠥᠭᠵᠢᠭᠦᠯᠬᠦ ᠳᠤ ᠮᠠᠰᠢ ᠤᠯᠠᠨ ᠰᠠᠶᠢᠨ ᠰᠠᠨᠠᠭᠤᠯᠭ᠎ᠠ ᠳᠤᠷᠠᠳᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号