ᠦᠴᠦᠸᠠᠨ ᠰᠢᠶᠠᠨ ᠤᠰᠤ ᠶᠢ ᠠᠷᠪᠢᠯᠠᠵᠤ ᠬᠡᠷᠡᠭᠯᠡᠬᠦ ᠶᠢ ᠬᠢᠨᠠᠨ ᠬᠠᠮᠢᠶᠠᠷᠬᠤ ᠪᠠ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠮᠢᠶᠠᠷᠤᠯᠲᠠ ᠶᠢᠨ ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/3/27
     2024 ᠣᠨ ᠤ ᠪᠥᠬᠦ ᠤᠯᠤᠰ ᠤᠨ ᠤᠰᠤᠨ ᠠᠰᠢᠭᠯᠠᠯᠲᠠ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠪᠠ ᠤᠰᠤᠨ ᠠᠰᠢᠭᠯᠠᠯᠲᠠ ᠶᠢᠨ ᠰᠢᠰᠲ᠋ᠧᠮ ᠤᠨ ᠤᠰᠤ ᠠᠷᠪᠢᠯᠠᠵᠤ ᠬᠡᠷᠡᠭᠯᠡᠬᠦ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ︽ᠤᠯᠤᠰ ᠤᠨ ᠤᠰᠤ ᠠᠷᠪᠢᠯᠠᠬᠤ ᠠᠵᠢᠯᠯᠠᠭᠠᠨ ᠤ ᠲᠥᠰᠥᠯ︾ ᠤᠨ ᠬᠠᠮᠢᠶ᠎ᠠ ᠪᠦᠬᠦᠢ ᠱᠠᠭᠠᠷᠳᠠᠯᠭ᠎ᠠ ᠪᠠ ᠤᠰᠤᠨ ᠠᠰᠢᠭᠯᠠᠯᠲᠠ ᠶᠢᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠰᠤ ᠠᠷᠪᠢᠯᠠᠬᠤ ᠳᠦᠷᠢᠮ ᠢ ᠪᠠᠶᠢᠭᠤᠯᠤᠨ ᠪᠦᠷᠢᠨᠰᠢᠭᠦᠯᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠤᠰᠠᠳᠠ᠂ 3 ᠳ᠋ᠤᠭᠠᠷ ᠰᠠᠷ᠎ᠠ ᠶᠢᠨ 25 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠥᠷᠨᠢᠭᠦᠯᠦᠭᠰᠡᠨ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ ᠤᠰᠤᠨ ᠤ ᠭᠠᠷᠠᠭ︾ ᠤᠨ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠣᠯᠪᠠᠰᠤᠷᠠᠭᠤᠯᠤᠯ ᠤᠨ ᠠᠵᠢᠯ ᠦᠴᠦᠸᠠᠨ ᠰᠢᠶᠠᠨ ᠳᠤ ᠶᠠᠪᠤᠭᠳᠠᠪᠠ᠃
     ᠪᠣᠯᠪᠠᠰᠤᠷᠠᠭᠤᠯᠤᠯ ᠤᠨ ᠵᠣᠷᠢᠯᠭ᠎ᠠ ᠨᠢ ᠰᠢᠶᠠᠩ ᠪᠠᠯᠭᠠᠰᠤᠨ ᠤ ᠤᠰᠤᠨ ᠤ ᠶᠠᠪᠤᠳᠠᠯ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠪᠣᠯᠪᠠᠰᠤᠷᠠᠭᠤᠯᠤᠯ ᠤᠨ ᠠᠭᠤᠯᠭ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ᠪᠠ ᠨᠡᠶᠢᠲᠡᠯᠢᠭ ᠤᠰᠤᠨ ᠤ ᠬᠡᠷᠡᠭ ᠤᠨ ᠵᠢᠱᠢᠶ᠎ᠡ ᠶᠢ ᠵᠠᠳᠠᠯᠬᠤ ᠪᠠ ᠵᠢᠯᠤᠭᠤᠳᠬᠤ ᠶᠢ ᠪᠠᠭᠲᠠᠭᠠᠨ᠎ᠠ᠃ ᠪᠣᠯᠪᠠᠰᠤᠷᠠᠭᠤᠯᠤᠯ ᠳᠤ ᠣᠯᠠᠨ ᠶᠠᠩᠵᠤ ᠶᠢᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢ ᠠᠪᠴᠤ᠂ ᠲᠤᠰᠬᠠᠢ ᠰᠡᠳᠦᠪᠲᠦ ᠲᠠᠶᠢᠯᠤᠮᠵᠢ ᠪᠠᠷ ᠭᠤᠣᠯ ᠪᠣᠯᠭᠠᠨ᠂ ᠲᠤᠷᠰᠢᠯᠭ᠎ᠠ ᠰᠣᠯᠢᠯᠴᠠᠬᠤ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠶᠠᠷᠢᠯᠴᠠᠨ ᠰᠣᠯᠢᠯᠴᠠᠬᠤ᠂ ᠲᠤᠬᠠᠢ ᠶᠢᠨ ᠲᠠᠯᠠᠪᠤᠷ ᠲᠤ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠬᠠᠪᠰᠤᠷᠤᠮᠵᠢ ᠪᠣᠯᠭᠠᠨ᠂ ᠪᠣᠯᠪᠠᠰᠤᠷᠠᠭᠤᠯᠤᠯ ᠤᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠨᠡᠮᠡᠭᠳᠡᠭᠦᠯᠪᠡ᠃      ᠲᠤᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠦᠴᠦᠸᠠᠨ ᠰᠢᠶᠠᠨ ᠤ ᠬᠢᠨ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠴᠢᠬᠤᠯᠠ ᠴᠢᠨᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠭᠦᠨ ᠤ ᠬᠠᠮᠲᠤ ᠤᠰᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢᠨ ᠪᠦᠲᠦᠭᠡᠨ ᠪᠠᠶᠢᠭᠤᠯᠤᠯᠲᠠ ᠪᠣᠯᠣᠨ ᠲᠡᠭᠦᠯᠳᠡᠷᠵᠢᠭᠦᠯᠦᠯᠲᠡ ᠶᠢ ᠴᠢᠩᠭᠠᠳᠬᠠᠨ᠂ ᠬᠠᠤᠯᠢ ᠶᠣᠰᠣᠭᠠᠷ ᠵᠠᠰᠠᠭ ᠶᠠᠪᠤᠭᠤᠯᠵᠤ᠂ ᠬᠠᠤᠯᠢ ᠶᠢ ᠴᠢᠩᠭ᠎ᠠ ᠬᠡᠷᠡᠭᠵᠢᠭᠦᠯᠦᠨ᠂ ᠤᠰᠤᠨ ᠠᠰᠢᠭᠯᠠᠯᠲᠠ ᠶᠢᠨ ᠡᠬᠢ ᠪᠠᠶᠠᠯᠢᠭ ᠶᠢ ᠵᠦᠢ ᠵᠣᠬᠢᠰᠲᠠᠢ ᠠᠰᠢᠭᠯᠠᠬᠤ ᠪᠠ ᠡᠷᠡᠭᠦᠯ ᠢᠶᠠᠷ ᠬᠥᠭᠵᠢᠭᠦᠯᠬᠦ ᠶᠢ ᠦᠨᠡᠨᠬᠦ ᠬᠠᠮᠠᠭᠠᠯᠠᠵᠤ᠂ ᠤᠰᠤᠨ ᠠᠰᠢᠭᠯᠠᠯᠲᠠ ᠶᠢᠨ ᠦᠢᠯᠡᠰ ᠤᠨ ᠥᠷᠨᠢᠩᠭᠦᠢ ᠬᠥᠭᠵᠢᠬᠦ ᠪᠠ ᠰᠢᠶᠠᠨ  ᠤ ᠬᠡᠪᠴᠢᠶᠡᠨ ᠤ ᠳᠦᠷᠢ ᠲᠥᠷᠬᠦ ᠶᠢ ᠳᠡᠭᠡᠭᠰᠢᠯᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ᠃ ︵ᠰᠤᠷᠪᠤᠯᠵᠢᠯᠠᠭᠴᠢ᠄ ᠶᠠᠩ ᠵᠢᠶᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号