ᠦᠴᠦᠸᠠᠨ ᠰᠢᠶᠠᠨ ᠤ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠡᠬᠢᠯᠡᠪᠡ
ᠨᠡᠶᠢᠲᠡᠯᠡᠭᠰᠡᠨ ᠴᠠᠭ᠄
2024/3/27
     3 ᠳ᠋ᠤᠭᠠᠷ ᠰᠠᠷ᠎ᠠ ᠶᠢᠨ 25 ᠤ ᠡᠳᠦᠷ᠂ ᠦᠴᠦᠸᠠᠨ ᠰᠢᠶᠠᠨ ᠲᠠᠷᠢᠶᠠᠯᠠᠩ ᠬᠥᠳᠡᠭᠡ ᠲᠣᠰᠬᠤᠨ ᠤ ᠭᠤᠣᠯᠳᠠᠯᠭ᠎ᠠ ᠲᠠᠢ ᠠᠵᠢᠯ ᠵᠢᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠪᠯᠡᠷᠡᠩᠭᠦᠢ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠦᠴᠦᠸᠠᠨ ᠰᠢᠶᠠᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ᠃
     ᠣᠶᠢᠯᠠᠭᠠᠭᠰᠠᠨ ᠢᠶᠠᠷ᠂ 2019 ᠣᠨ ᠠᠴᠠ ᠨᠠᠰᠢ᠂ ᠦᠴᠦᠸᠠᠨ ᠰᠢᠶᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ 17.5 ᠲᠦᠮᠡᠨ ᠮᠦ ᠵᠠᠯᠭᠠᠭ᠎ᠠ ᠪᠠᠷ ᠬᠡᠷᠡᠭᠵᠢᠭᠦᠯᠦᠭᠰᠡᠨ ᠪᠠᠶᠢᠨ᠎ᠠ᠃ 2024 ᠣᠨ ᠳᠤ᠂ ᠦᠴᠦᠸᠠᠨ ᠰᠢᠶᠠᠨ ᠤ ᠬᠢᠨ 3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠲᠠᠯᠠᠪᠠᠶ ᠶᠢ ᠬᠡᠷᠡᠭᠵᠢᠭᠦᠯᠬᠦ ᠪᠠᠷ ᠲᠥᠯᠥᠪᠯᠡᠵᠦ᠂ 4 ᠰᠢᠶᠠᠩ ᠪᠠᠯᠭᠠᠰᠤ 9 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠨ᠎ᠠ᠃ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠠᠷᠢᠶᠠᠨ ᠭᠠᠵᠠᠷ ᠤᠨ ᠨᠥᠬᠦᠴᠡᠯ ᠲᠤᠶᠢᠯ ᠤᠨ ᠶᠡᠭᠡ ᠪᠠᠷ ᠰᠠᠶᠢᠵᠢᠷᠠᠵᠤ᠂ ᠲᠠᠷᠢᠶᠠᠯᠠᠩ ᠤᠨ ᠮᠠᠰᠢᠨᠴᠢᠯᠠᠭᠰᠠᠨ ᠦᠢᠯᠡᠳᠪᠦᠷᠢᠯᠡᠯ ᠤᠨ ᠬᠢᠷᠢ ᠲᠦᠪᠰᠢᠨ ᠳᠡᠭᠡᠭᠰᠢᠯᠡᠨ᠂ ᠪᠥᠬᠦ ᠰᠢᠶᠠᠨ ᠤ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠦᠲᠦᠮᠵᠢᠲᠡᠶ ᠪᠠᠷ ᠲᠦᠯᠬᠢᠨ ᠠᠬᠢᠭᠤᠯᠬᠤ ᠪᠣᠯᠣᠨ᠎ᠠ᠃      ᠵᠠᠯᠭᠠᠭᠠᠳ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠬᠠᠷᠠᠯᠲᠠ ᠡᠭᠦᠷᠭᠡ ᠪᠠᠨ ᠤᠯᠠᠮ ᠨᠢᠭᠡ ᠠᠯᠬᠤᠮ ᠲᠣᠭᠲᠠᠭᠠᠵᠤ᠂ ᠴᠠᠭ ᠤᠨ ᠬᠦᠰᠦᠨᠦᠭᠲᠦ᠂ ᠡᠭᠦᠷᠭᠡ ᠶᠢᠨ ᠪᠢᠴᠢᠭ᠂ ᠵᠠᠮ ᠱᠤᠭᠤᠮ ᠤᠨ ᠵᠢᠷᠤᠭ ᠪᠣᠯᠣᠨ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠪᠠᠷᠢᠯᠭ᠎ᠠ ᠶᠢᠨ ᠠᠬᠢᠴᠠ ᠪᠠ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠴᠢᠩᠭ᠎ᠠ ᠠᠳᠬᠤᠵᠤ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ᠂ ᠦᠷ᠎ᠡ ᠪᠦᠲᠦᠭᠡᠯ ᠢ ᠬᠡᠷᠡᠭᠯᠡᠬᠦ᠂ ᠶᠡᠷᠦᠩᠬᠡᠶᠢᠯᠡᠨ ᠠᠰᠢᠭᠯᠠᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ︽ᠬᠡᠨ ᠠᠰᠢᠭ ᠬᠦᠷᠲᠡᠪᠡᠯ ᠬᠡᠨ ᠬᠠᠮᠢᠶᠠᠷᠴᠤ ᠬᠠᠮᠠᠭᠠᠯᠠᠬᠤ︾᠂ ᠬᠠᠮᠠᠭᠠᠯᠠᠬᠤ ᠪᠠ ᠠᠰᠢᠭᠯᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠵᠤ᠂ ᠪᠠᠷᠢᠯᠭ᠎ᠠ ᠶᠢᠨ ᠠᠮᠤᠷ ᠲᠦᠪᠰᠢᠨ ᠪᠠ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠬᠠᠮᠢᠶᠠᠷᠴᠤ ᠬᠠᠮᠠᠭᠠᠯᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠭᠦᠯᠵᠦ᠂ ᠮᠠᠨ ᠤ ᠰᠢᠶᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠠᠰᠢᠭᠯᠠᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ ︵ᠰᠤᠷᠪᠤᠯᠵᠢᠯᠠᠭᠴᠢ᠄ ᠵᠧᠦ ᠶᠠᠨ  ᠵᠧᠨ ᠶᠤᠸᠠᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号