ᠦᠴᠦᠸᠠᠨ ᠰᠢᠶᠠᠨ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯ ᠢ ᠨᠡᠶᠢᠳᠡᠮ ᠪᠠᠶᠢᠴᠠᠭᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/3/27
     3 ᠰᠠᠷ᠎ᠠ ᠶᠢᠨ 25 ᠤ ᠡᠳᠦᠷ᠂ ᠦᠴᠦᠸᠠᠨ ᠰᠢᠶᠠᠨ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠬᠤᠷᠠᠯ ᠬᠤᠷᠠᠯᠳᠤᠭᠤᠯᠵᠤ᠂ ᠰᠢᠶᠠᠨ ᠤ ᠤᠳᠤᠷᠢᠳᠤᠯᠭ᠎ᠠ ᠯᠢ ᠮᠢᠨ ᠬᠤᠷᠠᠯ ᠳᠤ ᠣᠷᠣᠯᠴᠠᠪᠠ᠃      ᠬᠤᠷᠠᠯ ᠠᠴᠠ᠂ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠣᠨᠣᠪᠴᠢᠲᠠᠢ ᠡᠵᠡᠮᠳᠡᠵᠦ᠂ ᠨᠡᠶᠢᠳᠡᠮ ᠪᠠᠶᠢᠴᠠᠭᠠᠯᠲᠠ ᠶᠢᠨ ᠶᠡᠷᠦᠩᠬᠡᠢ ᠬᠠᠷᠠᠯᠲᠠ ᠪᠣᠯᠣᠨ ᠡᠯ᠎ᠡ ᠱᠠᠲᠤᠨ ᠤ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠵᠦ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ᠃ ᠰᠣᠶᠣᠯ ᠤᠨ ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠤᠳᠤᠷᠢᠳᠤᠯᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠶᠢ ᠪᠠᠷᠢᠮᠲᠠᠯᠠᠵᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠴᠢᠩᠳᠠᠯᠠᠵᠤ᠂ ᠪᠦᠬᠦ ᠰᠢᠶᠠᠨ ᠤ ᠲᠡᠦᠬᠡ ᠶᠢᠨ ᠳᠤᠷᠠᠰᠬᠠᠯᠲᠤ ᠵᠦᠢᠯ ᠪᠠ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠠᠵᠢᠯ ᠢ ᠰᠢᠨ᠎ᠡ ᠳᠡᠭᠲᠡᠷ ᠲᠤ ᠭᠠᠷᠭᠠᠵᠤ᠂ ᠶᠡᠭᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃      ᠣᠶᠢᠯᠠᠭᠠᠭᠰᠠᠨ ᠢᠶᠠᠷ᠂ ᠦᠴᠦᠸᠠᠨ ᠰᠢᠶᠠᠨ ᠤ ᠳᠥᠷᠪᠡᠳᠦᠭᠡᠷ ᠤᠳᠠᠭ᠎ᠠ ᠶᠢᠨ ᠪᠦᠬᠦ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠨᠡᠶᠢᠳᠡᠮ ᠪᠠᠶᠢᠴᠠᠭᠠᠯᠲᠠ ᠶᠢᠨ ᠠᠵᠢᠯ 2024 ᠣᠨ ᠤ 2 ᠰᠠᠷ᠎ᠠ ᠠᠴᠠ ᠡᠬᠢᠯᠡᠵᠦ᠂ 2026 ᠣᠨ ᠤ 6 ᠰᠠᠷ᠎ᠠ ᠳᠤ ᠳᠠᠭᠤᠰᠴᠤ᠂ ᠭᠤᠷᠪᠠᠨ ᠱᠠᠲᠤ ᠬᠤᠪᠢᠶᠠᠨ ᠶᠠᠪᠤᠭᠳᠠᠨ᠎ᠠ᠃ ᠨᠡᠶᠢᠳᠡᠮ ᠪᠠᠶᠢᠴᠠᠭᠠᠯᠲᠠ ᠶᠢᠨ ᠬᠡᠪᠴᠢᠶ᠎ᠡ ᠳᠤ ᠪᠥᠬᠦ ᠰᠢᠶᠠᠨ ᠤ ᠬᠢᠯᠢ ᠳᠣᠲᠣᠷ᠎ᠠ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠡᠯ᠎ᠡ ᠱᠠᠲᠤᠨ ᠤ ᠡᠯ᠎ᠡ ᠲᠥᠷᠥᠯ ᠤᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ︵ᠡᠷᠲᠡᠨ ᠤ ᠪᠠᠭᠤᠷᠢ᠂ ᠡᠷᠲᠡᠨ ᠤ ᠪᠤᠯᠠᠰᠢ᠂ ᠡᠷᠲᠡᠨ ᠤ ᠪᠠᠷᠢᠯᠭ᠎ᠠ᠂ ᠴᠢᠯᠠᠭᠤᠨ ᠠᠭᠤᠢ ᠶᠢᠨ ᠰᠦᠮ᠎ᠡ᠂ ᠴᠢᠯᠠᠭᠤᠨ ᠰᠡᠶᠢᠯᠦᠮᠡᠯ᠂ ᠣᠷᠴᠢᠨ ᠣᠲᠣ ᠦᠶ᠎ᠡ ᠶᠢᠨ ᠴᠢᠬᠤᠯᠠ ᠲᠡᠦᠬᠡ ᠶᠢᠨ ᠳᠤᠷᠠᠰᠬᠠᠯ ᠵᠢᠴᠢ ᠲᠥᠯᠥᠭᠡᠯᠡᠬᠦ ᠴᠢᠨᠠᠷᠲᠠᠢ ᠪᠠᠷᠢᠯᠭ᠎ᠠ ᠪᠠ ᠪᠤᠰᠤᠳ ᠵᠦᠢᠯ ᠵᠡᠷᠭᠡ ᠪᠠᠭᠲᠠᠨ᠎ᠠ︶ ᠢ ᠬᠠᠮᠤᠷᠴᠤ᠂ ᠪᠥᠬᠦ ᠲᠠᠯ᠎ᠠ ᠪᠠᠷ᠂ ᠨᠠᠷᠢᠨ ᠨᠢᠮᠪᠠᠢ ᠥᠪᠡᠰᠦᠪᠡᠨ ᠪᠠᠶᠢᠴᠠᠭᠠᠵᠤ᠂ ᠳᠠᠬᠢᠨ ᠪᠠᠶᠢᠴᠠᠭᠠᠵᠤ᠂ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠳᠤ ᠰᠢᠨᠵᠢᠯᠡᠬᠦ ᠤᠬᠠᠭᠠᠨᠴᠢ ᠪᠠᠷ᠂ ᠵᠢᠷᠤᠮᠵᠢᠯ ᠲᠠᠢ ᠪᠠᠷ ᠪᠠᠶᠢᠴᠠᠭᠠᠯᠲᠠ ᠬᠢᠵᠦ᠂ ᠮᠠᠭᠠᠳᠯᠠᠨ ᠲᠣᠭᠲᠠᠭᠠᠨ᠎ᠠ᠃ ᠨᠢᠭᠡᠨᠲᠡ ᠮᠠᠭᠠᠳᠯᠠᠨ ᠲᠣᠭᠲᠠᠭᠠᠭᠰᠠᠨ᠂ ᠳᠠᠩᠰᠠᠯᠠᠭᠤᠯᠤᠭᠰᠠᠨ ᠰᠢᠯᠵᠢᠭᠦᠯᠵᠦ ᠪᠣᠯᠣᠰᠢ ᠤᠶᠢᠭᠡᠢ ᠲᠡᠦᠬᠡ ᠶᠢᠨ ᠳᠤᠷᠠᠰᠬᠠᠯᠲᠤ ᠵᠦᠢᠯ ᠢ ᠲᠡᠬᠢᠠ ᠪᠠᠶᠢᠴᠠᠭᠠᠬᠤ ᠶᠢᠨ ᠬᠠᠮᠲᠤ ᠰᠢᠨ᠎ᠡ ᠪᠠᠷ ᠢᠯᠡᠷᠡᠭᠦᠯᠦᠭᠰᠡᠨ ᠰᠢᠯᠵᠢᠭᠦᠯᠵᠦ ᠪᠣᠯᠣᠰᠢ ᠤᠶᠢᠭᠡᠢ ᠲᠡᠦᠬᠡ ᠶᠢᠨ ᠳᠤᠷᠠᠰᠬᠠᠯᠲᠤ ᠵᠦᠢᠯ ᠢ ᠪᠠᠶᠢᠴᠠᠭᠠᠵᠤ᠂ ᠮᠠᠭᠠᠳᠯᠠᠨ ᠲᠣᠭᠲᠠᠭᠠᠵᠤ᠂ ᠳᠠᠩᠰᠠᠯᠠᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号