ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ 81 ᠵᠤᠷᠪᠤᠰ ᠪᠣᠳᠠᠲᠠᠢ ᠠᠷᠭ᠎ᠠ ᠬᠡᠮᠵᠢᠶ᠎ᠡ ᠭᠠᠷᠭᠠᠪᠠ
ᠨᠡᠶᠢᠲᠡᠯᠡᠭᠰᠡᠨ ᠴᠠᠭ᠄
2024/3/27
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠪᠦᠭᠦ ᠣᠷᠣᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠬᠤᠯᠪᠣᠭᠳᠠᠯ ᠪᠦᠬᠦᠢ ᠠᠵᠢᠯ ᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾  ᠢ ᠳᠠᠷᠤᠮᠠᠯᠯᠠᠨ ᠲᠠᠷᠬᠠᠭᠠᠪᠠ᠃      ᠮᠡᠳᠡᠭᠳᠡᠯ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠲᠦᠷᠦᠭᠦᠯᠡᠨ ᠬᠢᠬᠦ ᠪᠠ ᠬᠠᠮᠵᠢᠯᠴᠠᠨ ᠭᠦᠢᠴᠡᠳᠬᠡᠬᠦ 43 ᠵᠦᠢᠯ ᠤᠨ ᠡᠭᠦᠷᠭᠡ ᠶᠢ ᠵᠤᠷᠪᠤᠰ ᠳᠠᠷᠠᠭᠠᠯᠠᠨ ᠡᠮᠬᠢᠯᠡᠭᠡᠳ 81 ᠵᠤᠷᠪᠤᠰ ᠪᠣᠳᠠᠲᠠᠢ ᠠᠷᠭ᠎ᠠ ᠬᠡᠮᠵᠢᠶ᠎ᠡ ᠪᠣᠯᠭᠠᠨ ᠨᠠᠷᠢᠯᠢᠭᠵᠢᠭᠤᠯᠵᠤ᠂ ︽ᠡᠭᠦᠷᠭᠡ ᠶᠢᠨ ᠨᠠᠷᠢᠨ ᠳᠠᠩᠰᠠ︾ ᠭᠠᠷᠭᠠᠬᠤ  ᠶᠢᠨ ᠬᠠᠮᠲᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢ ᠰᠠᠷ᠎ᠠ ᠪᠣᠯᠭᠠᠨ ᠭᠤᠷᠪᠠ ᠤᠳᠠᠭ᠎ᠠ ᠵᠣᠬᠢᠴᠠᠭᠤᠯᠬᠤ᠂ ᠱᠠᠲᠤᠴᠢ ᠴᠢᠨᠠᠷᠲᠠᠢ ᠠᠵᠢᠯ ᠡᠭᠦᠷᠭᠡ ᠶᠢᠨ ᠦᠷ᠎ᠡ ᠪᠦᠲᠦᠮᠵᠢ ᠶᠢ ᠬᠢᠨᠠᠨ ᠦᠨᠡᠯᠡᠬᠦ᠂ ᠰᠠᠶᠢᠨ ᠲᠦᠷᠦ  ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ ᠣᠷᠣᠨ ᠳᠤ ᠳᠡᠯᠭᠡᠷᠡᠭᠦᠯᠬᠦ ᠵᠡᠷᠭᠡ ᠠᠵᠢᠯ ᠤᠨ ᠲᠣᠭᠲᠠᠴᠠ ᠪᠠᠶᠢᠭᠤᠯᠬᠤ  ᠶᠢ ᠳᠤᠷᠠᠳᠴᠠᠢ᠃ ᠪᠠᠰᠠ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠢᠰᠲ᠋ᠧᠮ ᠤᠨ ᠡᠯ᠎ᠡ ᠵᠦᠢᠯ ᠤᠨ ᠠᠵᠢᠯ ᠢ ᠲᠣᠳᠣᠷᠬᠠᠢ ᠲᠣᠬᠢᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠪᠦᠭᠦ ᠣᠷᠣᠨ ᠳᠤ ᠦᠷ᠎ᠡ ᠪᠦᠲᠦᠮᠵᠢᠳᠠᠢ ᠶᠠᠪᠤᠭᠳᠠᠬᠤ ᠶᠢ ᠰᠢᠰᠲ᠋ᠧᠮ ᠲᠠᠢ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠪᠠᠶᠢᠷᠢᠯᠠᠭᠤᠯᠤᠯᠲᠠ ᠶᠣᠰᠣᠭᠠᠷ᠂ ᠥᠪᠡᠷᠲᠡᠭᠡᠨ ᠵᠠᠰᠠᠬᠤ ᠣᠷᠣᠨ  ᠤ ᠵᠠᠰᠠᠭ ᠤᠨ ᠣᠷᠳᠣᠨ ᠤ ᠪᠦᠭᠦ ᠣᠷᠣᠨ ᠳᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠥᠷᠨᠢᠭᠦᠯᠬᠦ ᠲᠤᠬᠠᠢ ᠮᠡᠳᠡᠭᠳᠡᠯ ᠳᠤ ᠳᠤᠷᠠᠳᠤᠭᠰᠠᠨ ᠡᠯ᠎ᠡ ᠵᠦᠢᠯ ᠤᠨ ᠲᠣᠭᠲᠠᠴᠠ ᠪᠠᠷ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠤᠨ ᠠᠬᠢᠴᠠ ᠶᠢ ᠵᠤᠭᠢᠴᠠᠤᠯᠤᠨ ᠱᠠᠯᠠᠪᠳᠠᠭᠤᠯᠵᠤ᠂ ᠲᠤᠷᠰᠢᠯᠭ᠎ᠠ ᠶᠢ ᠨᠢ ᠳ᠋ᠦᠩᠨᠡᠵᠦ᠂ ᠪᠦᠭᠦ ᠣᠷᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号