2024 ᠣᠨ ᠤ 3 ᠰᠠᠷ᠎ᠠ ᠶᠢᠨ 22 ᠤᠨ ᠡᠳᠦᠷ ᠪᠣᠯ ᠭᠤᠴᠢᠨ ᠬᠤᠶᠠᠳᠤᠭᠠᠷ ᠬᠤᠭᠤᠴᠠᠭᠠᠨ ᠤ | ︽ᠳᠡᠯᠡᠬᠡᠢ ᠶᠢᠨ ᠤᠰᠤᠨ ᠤ ᠡᠳᠦᠷ︾᠂ 3 ᠰᠠᠷ᠎ᠠ ᠶᠢᠨ 22 ᠤᠨ ᠡᠳᠦᠷ ᠠᠴᠠ 28 ᠤ ᠡᠳᠦᠷ ᠪᠣᠯᠲᠠᠯ᠎ᠠ ᠭᠤᠴᠢᠨ | ᠳᠣᠯᠣᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠤᠰᠤᠨ ᠤ ᠭᠠᠷᠠᠭ︾ ᠪᠣᠯᠣᠨ᠎ᠠ᠃ 3 ᠰᠠᠷ᠎ᠠ ᠶᠢᠨ 27 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠠᠴᠠ ᠡᠷᠭᠢᠯᠡᠭᠰᠡᠨ ︽ᠤᠰᠤᠨ ᠤ ᠡᠬᠢ | ᠪᠠᠶᠠᠯᠢᠭ ᠢ ᠨᠠᠷᠢᠨ ᠲᠥᠯᠥᠪᠯᠡᠨ ᠰᠠᠶᠢᠲᠤᠷ ᠬᠡᠷᠡᠭᠯᠡᠵᠦ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠬᠠᠮᠢᠶᠠᠷᠬᠤ︾ | ᠪᠠᠷ ᠭᠤᠣᠯ ᠰᠡᠳᠦᠪ ᠪᠣᠯᠭᠠᠭᠰᠠᠨ 2024 ᠣᠨ ᠤ ︽ᠳᠡᠯᠡᠬᠡᠢ ᠶᠢᠨ ᠤᠰᠤᠨ ᠤ ᠡᠳᠦᠷ︾ ︽ᠳᠤᠮᠳᠠᠳᠤ ᠤᠯᠤᠰ ᠤᠨ | ᠤᠰᠤᠨ ᠤ ᠭᠠᠷᠠᠭ︾ ︽ᠥᠪᠥᠷ ᠮᠣᠩᠭᠤᠯ ᠤᠨ ᠤᠰᠤ ᠠᠷᠪᠢᠯᠠᠬᠤ ᠠᠵᠢᠯᠯᠠᠭ᠎ᠠ︾ ᠶᠢᠨ ᠭᠤᠣᠯ ᠰᠡᠳᠦᠪᠲᠦ | ᠤᠬᠠᠭᠤᠯᠭ᠎ᠠ ᠶᠢᠨ ᠠᠵᠢᠯᠯᠠᠭ᠎ᠠ ᠦᠴᠦᠸᠠᠨ ᠰᠢᠶᠠᠨ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ᠂ ᠰᠢᠶᠠᠨ ᠤ | ᠬᠤᠯᠪᠣᠭᠳᠠᠯ ᠪᠦᠬᠦᠢ ᠤᠳᠤᠷᠢᠳᠤᠯᠭ᠎ᠠ ᠤᠬᠠᠭᠤᠯᠭ᠎ᠠ ᠶᠢᠨ ᠠᠵᠢᠯᠯᠠᠭ᠎ᠠ ᠳᠤ ᠣᠷᠣᠯᠴᠠᠪᠠ᠃ | ᠠᠵᠢᠯᠯᠠᠭ᠎ᠠ ᠶᠢᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ | ᠤᠳᠤᠷᠢᠳᠤᠯᠭ᠎ᠠ᠂ ᠦᠴᠦᠸᠠᠨ ᠰᠢᠶᠠᠨ ᠤ ᠤᠳᠤᠷᠢᠳᠤᠯᠭ᠎ᠠ ᠤᠷᠢᠳ ᠬᠤᠵᠢᠳ ᠲᠠᠶᠢᠰᠠᠨ ᠳᠤ ᠭᠠᠷᠴᠤ ᠪᠠᠶᠠᠷ ᠤᠨ | ᠦᠭᠡ ᠬᠡᠯᠡᠵᠦ᠂ ᠲᠣᠰ ᠤᠳᠠᠭᠠᠨ ᠤ ᠠᠵᠢᠯᠯᠠᠭ᠎ᠠ ᠶᠢᠨ ᠭᠤᠣᠯ ᠵᠣᠷᠢᠯᠭ᠎ᠠ ᠪᠠ ᠴᠢᠬᠤᠯᠠ ᠠᠴᠢ ᠬᠤᠯᠪᠣᠭᠳᠠᠯ ᠢ | ᠣᠯᠠᠨ ᠳᠤ ᠲᠠᠶᠢᠯᠪᠤᠷᠢᠯᠠᠨ ᠤᠬᠠᠭᠤᠯᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠤᠬᠠᠭᠤᠯᠭ᠎ᠠ ᠶᠢᠨ ᠰᠠᠮᠪᠠᠷ᠎ᠠ ᠭᠠᠷᠭᠠᠬᠤ᠂ ᠤᠬᠠᠭᠤᠯᠭ᠎ᠠ ᠶᠢᠨ ᠵᠠᠷ | ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠠᠶ ᠳᠤ ᠬᠠᠷᠢᠯᠴᠠᠨ ᠬᠥᠳᠡᠯᠦᠯᠴᠡᠬᠦ ᠵᠡᠷᠭᠡ | ᠠᠷᠭ᠎ᠠ ᠬᠡᠯᠪᠡᠷᠢ ᠪᠠᠷ ᠳᠠᠮᠵᠢᠭᠤᠯᠤᠨ᠂ ᠤᠯᠠᠨ ᠲᠦᠮᠡᠨ ᠳᠤ ᠤᠰᠤ ᠶᠢ ᠬᠠᠶᠢᠷᠠᠯᠠᠵᠤ ᠤᠰᠤ ᠶᠢ ᠠᠷᠪᠢᠯᠠᠬᠤ ᠤᠰᠤ ᠶᠢ | ᠨᠠᠨᠳᠢᠩᠨᠠᠬᠤ ᠤᠬᠠᠭᠤᠯᠭ᠎ᠠ ᠶᠢ ᠨᠢᠭᠤᠷᠳᠠᠨ ᠬᠢᠵᠦ᠂ ᠬᠤᠯᠪᠣᠭᠳᠠᠯ ᠪᠦᠬᠦᠢ ᠤᠰᠤᠨ ᠤ ᠬᠠᠤᠯᠢ ᠴᠠᠭᠠᠵᠠ ᠬᠠᠤᠯᠢ | ᠲᠣᠭᠲᠠᠭᠠᠯ ᠢ ᠲᠦᠭᠡᠮᠡᠯᠵᠢᠭᠦᠯᠵᠦ᠂ ︽ᠤᠰᠤ ᠶᠢ ᠬᠡᠷᠡᠭᠯᠡᠬᠦ᠂ ᠤᠰᠤ ᠶᠢ ᠠᠷᠪᠢᠯᠠᠬᠤ᠂ ᠤᠰᠤ ᠶᠢ ᠬᠠᠶᠢᠷᠠᠯᠠᠬᠤ︾ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠬᠦ ᠶᠢ ᠬᠦᠴᠦᠲᠡᠢ ᠠᠬᠢᠭᠤᠯᠵᠤ᠂ ᠬᠠᠤᠯᠢ ᠶᠣᠰᠣᠭᠠᠷ | ᠤᠰᠤ ᠶᠢ ᠵᠠᠰᠠᠬᠤ ᠶᠢ ᠴᠢᠩᠭᠠᠳᠬᠠᠵᠤ᠂ ᠬᠥᠮᠥᠨ ᠤᠰᠤ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠪᠠᠶᠢᠷᠢᠰᠢᠯ ᠢ | ᠪᠠᠶᠢᠭᠤᠯᠬᠤ ᠳᠤ ᠰᠠᠶᠢᠨ ᠰᠠᠶᠢᠬᠠᠨ ᠰᠠᠭᠤᠷᠢ ᠶᠢ ᠲᠠᠯᠪᠢᠵᠤ᠂ ᠤᠯᠠᠭᠠᠨᠮᠥ᠋ᠴᠢᠷ ᠤᠨ ᠲᠣᠭᠯᠠᠭᠴᠢᠳ ᠪᠠᠰᠠ ᠲᠤᠬᠠᠢ ᠶᠢᠨ | ᠲᠠᠯᠠᠪᠠᠢ ᠶᠢᠨ ᠤᠯᠠᠨ ᠲᠦᠮᠡᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠪᠠ᠃ | ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠵᠠᠩ ᠵᠢᠶᠧ ᠶᠠᠷᠢᠶᠠᠨ ᠳᠠᠭᠠᠨ ᠵᠢᠭᠠᠵᠤ ᠭᠠᠷᠭᠠᠭᠰᠠᠨ ᠨᠢ᠂ | ᠣᠶᠢᠷ᠎ᠠ ᠶᠢᠨ ᠵᠢᠯ ᠠᠴᠠ ᠨᠠᠭᠠᠰᠢ᠂ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ | ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠬᠥᠭᠵᠢᠯᠲᠡ ᠶᠢᠨ | ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ | ᠬᠥᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠤᠰᠤᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ | ᠶᠡᠬᠡᠪᠡᠷ ᠠᠬᠢᠭᠤᠯᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ | ᠭᠠᠷᠤᠯᠲᠠ ᠶᠢ ᠲᠣᠭᠲᠠᠭᠠᠬᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠷᠦ ᠶᠢᠨ ᠪᠣᠳᠣᠯᠭ᠎ᠠ ᠶᠢ | ᠪᠠᠶᠢᠭᠤᠯᠤᠨ ᠲᠡᠭᠦᠯᠳᠡᠷᠵᠢᠭᠦᠯᠵᠦ᠂ ︽ᠭᠤᠷᠪᠠᠨ ᠤᠯᠠᠭᠠᠨ ᠱᠤᠭᠤᠮ︾ ᠤᠨ ᠬᠢᠨᠠᠨ ᠰᠢᠯᠭᠠᠬᠤ ᠳᠦᠷᠢᠮ ᠢ ᠴᠢᠩᠭ᠎ᠠ | ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠪᠠᠲᠤᠯᠠᠬᠤ᠂ ᠤᠰᠤ ᠤᠮᠳᠠ ᠶᠢᠨ ᠠᠮᠤᠷ ᠲᠦᠪᠰᠢᠨ᠂ ᠬᠥᠷᠥᠰᠥ | ᠰᠢᠷᠣᠢ ᠶᠢ ᠬᠠᠮᠠᠭᠠᠯᠠᠬᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠵᠡᠷᠭᠡ ᠠᠯᠢ ᠤᠯᠠᠨ ᠠᠵᠢᠯ ᠳᠤ | ᠢᠯᠡᠳᠲᠡ ᠦᠷ᠎ᠡ ᠪᠦᠲᠦᠮᠵᠢ ᠣᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ | ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠬᠡᠷᠡᠭᠴᠡᠭᠡ ᠶᠢ ᠬᠦᠴᠦᠲᠡᠢ ᠪᠠᠲᠤᠯᠠᠪᠠ᠃ ᠲᠤᠰ | ᠤᠳᠠᠭᠠᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠡᠷᠭᠢᠯᠡᠭᠰᠡᠨ ᠨᠢ ᠪᠦᠬᠦ ᠨᠡᠶᠢᠭᠡᠮ ᠳᠤ ᠤᠰᠤ ᠶᠢ | ᠬᠠᠯᠠᠮᠵᠢᠯᠠᠬᠤ᠂ ᠤᠰᠤ ᠶᠢ ᠬᠠᠶᠢᠷᠠᠯᠠᠬᠤ᠂ ᠤᠰᠤ ᠶᠢ ᠠᠷᠪᠢᠯᠠᠬᠤ᠂ ᠤᠰᠤ ᠶᠢ ᠬᠠᠮᠠᠭᠠᠯᠠᠬᠤ ᠰᠠᠶᠢᠨ ᠰᠠᠶᠢᠬᠠᠨ ᠬᠡᠪ | ᠰᠤᠷᠲᠠᠯ ᠢ ᠪᠤᠶ ᠪᠣᠯᠭᠠᠬᠤ ᠶᠢᠨ ᠲᠥᠯᠥᠭᠡ ᠶᠤᠮ᠃ ᠤᠰᠤ ᠪᠣᠯ ᠠᠮᠢ ᠨᠠᠰᠤᠨ ᠤ ᠡᠬᠢ ᠰᠤᠷᠪᠤᠯᠵᠢ᠂ | ᠦᠢᠯᠡᠳᠪᠦᠷᠢᠯᠡᠯ ᠤᠨ ᠴᠢᠬᠤᠯᠠ ᠵᠦᠢᠯ᠂ ᠠᠮᠢ ᠠᠬᠤᠢ ᠶᠢᠨ ᠰᠠᠭᠤᠷᠢ ᠮᠥᠨ᠂ ︽ᠤᠰᠤᠨ ᠤ ᠡᠬᠢ ᠪᠠᠶᠠᠯᠢᠭ ᠢ ᠨᠠᠷᠢᠨ | ᠲᠥᠯᠥᠪᠯᠡᠨ ᠰᠠᠶᠢᠲᠤᠷ ᠬᠡᠷᠡᠭᠯᠡᠵᠦ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠬᠠᠮᠢᠶᠠᠷᠬᠤ︾ ᠪᠣᠯ ᠰᠠᠭᠤᠭᠠᠯᠢ | ᠠᠷᠠᠳ ᠨᠢᠭᠡᠪᠦᠷᠢ ᠶᠢᠨ ᠵᠠᠶᠢᠯᠠᠭᠤᠯᠵᠤ ᠪᠣᠯᠣᠰᠢ ᠦᠭᠡᠢ ᠡᠭᠦᠷᠭᠡ ᠬᠠᠷᠢᠭᠤᠴᠠᠯᠭ᠎ᠠ ᠮᠥᠨ᠂ ᠪᠠᠰᠠ ᠴᠤ ᠪᠦᠬᠦ | ᠨᠡᠶᠢᠭᠡᠮ ᠤᠨ ᠬᠠᠮᠲᠤ ᠶᠢᠨ ᠡᠭᠦᠷᠭᠡ ᠬᠠᠷᠢᠭᠤᠴᠠᠯᠭ᠎ᠠ ᠮᠥᠨ᠂ ᠣᠯᠠᠨ ᠢᠶᠠᠷ ᠢᠶᠠᠨ ᠬᠥᠳᠡᠯᠦᠯᠴᠡᠨ᠂ ᠤᠰᠤᠨ ᠤ ᠡᠬᠢ | ᠪᠠᠶᠠᠯᠢᠭ ᠢ ᠨᠠᠨᠳᠢᠩᠨᠠᠵᠤ᠂ ᠤᠰᠤᠨ ᠤ ᠣᠷᠴᠢᠨ ᠲᠣᠭᠤᠷᠢᠨ ᠢ ᠬᠠᠮᠠᠭᠠᠯᠠᠨ᠂ ᠤᠰᠤᠨ ᠤ ᠠᠮᠤᠷ ᠲᠦᠪᠰᠢᠨ ᠢ | ᠪᠠᠲᠤᠯᠠᠵᠤ᠂ ᠦᠴᠦᠸᠠᠨ ᠤ ᠤᠰᠤ ᠶᠢ ᠨᠡᠩ ᠲᠤᠩᠭᠠᠯᠠᠭ᠂ ᠠᠭᠤᠯᠠ ᠶᠢ ᠨᠡᠩ ᠨᠣᠭᠤᠭᠠᠨ᠂ ᠦᠵᠡᠮᠵᠢ ᠶᠢ ᠨᠡᠩ ᠭᠤᠶᠣ | ᠰᠠᠶᠢᠬᠠᠨ ᠪᠣᠯᠭᠠᠬᠤ ᠶᠢ ᠬᠦᠰᠡᠵᠦ ᠪᠠᠶᠢᠨ᠎ᠠ ᠬᠢᠵᠠᠢ᠃ | ᠤᠰᠤ ᠶᠢ ᠠᠷᠪᠢᠯᠠᠵᠤ ᠤᠰᠤ ᠶᠢ ᠬᠠᠮᠠᠭᠠᠯᠠᠬᠤ ᠨᠢ ᠪᠠᠶᠢᠯᠳᠤᠬᠤ ᠪᠣᠳᠣᠯᠭ᠎ᠠ ᠶᠢᠨ ᠪᠦᠬᠦ ᠲᠠᠯ᠎ᠠ᠂ ᠠᠯᠤᠰ | ᠬᠡᠳᠤ ᠶᠢᠨ ᠬᠥᠭᠵᠢᠯᠲᠡ᠂ ᠠᠷᠠᠳ ᠲᠦᠮᠡᠨ ᠤ ᠪᠤᠶᠠᠨ ᠵᠢᠷᠭᠠᠯ᠂ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠨ᠎ᠠ᠂ | ᠦᠴᠦᠸᠠᠨ ᠰᠢᠶᠠᠨ ᠢᠳᠡ ᠬᠦᠴᠦ ᠲᠠᠢ ᠠᠯᠬᠤᠭᠰᠠᠭᠠᠷ ᠢᠷᠡᠪᠡ︕ | | |