ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 3 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠬᠡᠰᠡᠭ ᠭᠤᠣᠯ ᠳᠤᠭᠤᠶᠢᠯᠠᠩ ᠤᠨ ᠰᠤᠷᠤᠯᠴᠠᠬᠤ ᠪᠦᠷᠢᠯᠳᠦᠭᠦᠨ ᠨᠠᠷ ᠲᠥᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠵᠦ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ︾ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ᠂ ᠬᠤᠪᠢ ᠬᠥᠮᠥᠨ ᠤ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠪᠠᠶᠠᠯᠢᠭ ᠠᠭᠤᠯᠤᠭᠳᠠᠬᠤᠨ᠂ ᠴᠢᠬᠤᠯᠠ ᠶᠡᠭᠡ ᠠᠴᠢ ᠬᠤᠯᠪᠣᠭᠳᠠᠯ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠨᠢᠨ ᠡᠵᠡᠮᠰᠢᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠦᠨᠡᠨᠬᠦ ᠨᠢᠭᠡᠳᠬᠡᠵᠦ᠂ ᠡᠭᠦᠨ ᠤ ᠬᠠᠮᠲᠤ ᠴᠢᠨᠠᠷ ᠰᠠᠶᠢᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠰᠠᠭᠤᠷᠢ ᠪᠣᠯᠣᠨ ᠣᠨᠴᠠᠯᠢᠭᠲᠤ ᠳᠠᠪᠠᠭᠤᠯᠢᠭ ᠲᠠᠭᠠᠨ ᠰᠠᠭᠤᠷᠢᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠶᠢᠨ ᠭᠠᠷᠳᠠᠬᠤ ᠴᠡᠭ ᠪᠣᠯᠣᠨ ᠰᠢᠪᠲᠤᠯᠤᠯᠲᠠ ᠶᠢᠨ ᠴᠡᠭ ᠢ ᠣᠨᠣᠪᠴᠢᠲᠠᠢ ᠡᠷᠢᠵᠦ᠂ ᠪᠣᠳᠠᠲᠠᠢ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠴᠢᠩᠭᠠᠳᠬᠠᠵᠤ᠂ ᠨᠣᠬᠠᠢ ᠶᠢᠨ ᠬᠤᠰᠢᠭᠤ ᠶᠢᠨ ᠲᠡᠷᠢᠭᠦᠨ ᠰᠢᠨᠵᠢᠯᠡᠬᠦ ᠤᠬᠠᠭᠠᠨᠲᠠᠨ ᠤ ᠠᠵᠢᠯ ᠤᠨ ᠥᠷᠲᠡᠭᠡ᠂ ᠲᠥᠮᠥᠰᠥ ᠶᠢᠨ ᠲᠡᠷᠢᠭᠦᠨ ᠰᠢᠨᠵᠢᠯᠡᠬᠦ ᠤᠬᠠᠭᠠᠨᠲᠠᠨ ᠤ ᠠᠵᠢᠯ ᠤᠨ ᠥᠷᠲᠡᠭᠡ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠲᠤᠰᠬᠠᠢ ᠮᠡᠷᠭᠡᠵᠢᠯᠲᠡᠨ ᠤ ᠲᠤᠷᠰᠢᠯᠲᠠ ᠶᠢᠨ ᠵᠢᠱᠢᠶ᠎ᠡ ᠦᠵᠡᠭᠦᠯᠬᠦ ᠥᠷᠲᠡᠭᠡ ᠵᠢᠴᠢ ᠨᠣᠶᠢᠯ ᠪᠤᠭᠤᠳᠠᠢ᠂ ᠨᠣᠬᠠᠢ ᠶᠢᠨ ᠬᠤᠰᠢᠭᠤ᠂ ᠴᠣᠬᠤ ᠬᠠᠷ᠎ᠠ ᠬᠤᠨᠢ ᠵᠡᠷᠭᠡ 3 ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠢ ᠭᠦᠢᠴᠡᠳ ᠪᠠᠳᠠᠷᠠᠭᠤᠯᠵᠤ᠂ ᠴᠢᠨᠠᠷ ᠰᠠᠶᠢᠲᠠᠢ ᠡᠭᠦᠯᠳᠡᠷ ᠢ ᠰᠤᠳᠤᠯᠤᠨ ᠨᠡᠭᠡᠭᠡᠬᠦ ᠪᠠ ᠰᠢᠨ᠎ᠡ ᠬᠡᠯᠪᠡᠷᠢ ᠶᠢᠨ ᠲᠠᠷᠢᠮᠠᠯ ᠤᠨ ᠮᠡᠷᠭᠡᠵᠢᠯ ᠤᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠠᠵᠢᠯ ᠢ ᠥᠷᠨᠢᠭᠦᠯᠵᠦ᠂ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠡᠪᠡᠳᠴᠢᠨ ᠬᠤᠷᠣᠬᠠᠢ ᠶᠢᠨ ᠬᠥᠨᠥᠭᠡᠯ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠲᠤᠬᠠᠢ ᠶᠢᠨ ᠭᠠᠵᠠᠷ ᠤᠨ ᠠᠭᠤᠷ ᠠᠮᠢᠰᠬᠤᠯ ᠳᠤ ᠲᠣᠬᠢᠷᠠᠬᠤ ᠨᠡᠩ ᠤᠯᠠᠨ ᠡᠭᠦᠯᠳᠡᠷ ᠢ ᠲᠠᠰᠤᠷᠠᠯᠳᠠ ᠦᠭᠡᠢ ᠪᠣᠶᠢᠵᠢᠭᠤᠯᠵᠤ᠂ ᠢᠳᠡᠪᠬᠢᠲᠡᠢ ᠪᠠᠷ ᠳᠡᠯᠭᠡᠷᠡᠭᠦᠯᠦᠨ ᠬᠡᠷᠡᠭᠯᠡᠬᠦ ᠬᠡᠷᠡᠭᠲᠡᠢ᠃ ᠮᠠᠨ ᠤ ᠰᠢᠶᠠᠨ ᠤ ᠡᠯᠪᠡᠭ ᠪᠠᠶᠠᠯᠢᠭ ᠥᠩᠭᠡ ᠦᠵᠡᠮᠵᠢ ᠶᠢᠨ ᠡᠬᠢ ᠪᠠᠶᠠᠯᠢᠭ ᠲᠤ ᠰᠠᠭᠤᠷᠢᠯᠠᠨ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠪᠣᠬᠢᠷᠲᠤᠯ ᠦᠭᠡᠢ ᠴᠠᠬᠢᠯᠭᠠᠨ︾ ᠤ ᠳᠠᠪᠠᠭᠤᠯᠢᠭ ᠢ ᠰᠠᠶᠢᠲᠤᠷ ᠬᠡᠷᠡᠭᠯᠡᠨ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠬᠡᠷᠡᠭᠲᠡᠢ᠃ ᠤᠯᠠᠮᠵᠢᠯᠠᠯᠲᠤ ᠠᠵᠤ ᠦᠢᠯᠡᠰ ᠢ ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠠᠬᠢᠭᠤᠯᠵᠤ᠂ ᠪᠣᠳᠠᠲᠠᠢ ᠠᠴᠠ ᠡᠭᠦᠰᠬᠦ ᠶᠢ ᠪᠠᠷᠢᠮᠲᠠᠯᠠᠵᠤ᠂ ᠰᠢᠨ᠎ᠡ ᠠᠵᠤ ᠦᠢᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠬᠦᠴᠦᠨ ᠤ ᠬᠥᠭᠵᠢᠯᠲᠡ ᠶᠢ ᠰᠣᠩᠭᠤᠯᠲᠠ ᠲᠠᠢ ᠪᠠᠷ ᠠᠬᠢᠭᠤᠯᠵᠤ᠂ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠬᠤᠳᠠᠯᠳᠤᠭᠠᠴᠢᠨ ᠤᠷᠢᠬᠤ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ ᠠᠵᠤ ᠠᠬᠤᠶᠢᠯᠠᠯ᠂ ᠳᠠᠶᠢᠴᠢᠯᠠᠬᠤ ᠴᠢᠨᠠᠷ ᠢᠶᠠᠷ ᠴᠢᠩᠭ᠎ᠠ ᠲᠥᠷᠥᠯ ᠵᠦᠢᠯ ᠢ ᠡᠯᠰᠡᠬᠦ ᠪᠠᠷ ᠳᠠᠮᠵᠢᠭᠤᠯᠤᠨ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠲᠠᠰ ᠳᠡᠪᠰᠢᠬᠦ᠂ ᠦᠷ᠎ᠡ ᠠᠰᠢᠭ ᠤᠨ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠬᠥᠭᠵᠢᠯᠲᠡ ᠶᠢ ᠴᠢᠩᠭ᠎ᠠ ᠠᠳᠬᠤᠬᠤ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ︽ᠠᠰᠠᠭᠤᠳᠠᠯ ᠢ ᠰᠢᠢᠳᠪᠦᠷᠢᠯᠡᠬᠦ ᠰᠡᠳᠬᠢᠬᠦᠢ︾ ᠶᠢ ᠴᠢᠩᠭᠠᠳᠬᠠᠵᠤ᠂ ᠰᠢᠨ᠎ᠡ ᠶᠢ ᠡᠭᠦᠳᠬᠦ ᠤᠬᠠᠮᠰᠠᠷ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠂ ᠳᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠥᠭᠡᠷᠡᠴᠢᠯᠡᠯᠲᠡ ᠶᠢᠨ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠰᠡᠳᠬᠢᠬᠦᠢ ᠪᠠᠷ ᠠᠵᠢᠯ ᠢᠶᠠᠨ ᠥᠷᠨᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠰᠠᠨᠠᠭᠠᠴᠢᠯᠠᠭ᠎ᠠ ᠠᠴᠠ ᠪᠠᠨ ᠰᠦᠪᠡᠭᠴᠢᠯᠡᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠠᠯᠬᠤᠮ ᠠᠯᠬᠤᠮ ᠢᠶᠠᠷ ᠪᠣᠶᠢᠵᠢᠭᠤᠯᠤᠨ ᠬᠥᠭᠵᠢᠭᠦᠯᠬᠦ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号