ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 129 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠣᠷᠣᠨ ᠪᠦᠰᠡ ᠶᠢᠨ ᠮᠥᠩᠭᠦᠨ ᠭᠦᠢᠯᠭᠡᠭᠡᠨ ᠤ ᠲᠥᠪ ᠢ ᠪᠠᠶᠢᠭᠤᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠨᠢ ᠢᠮᠠᠭ᠎ᠠ ᠲᠡᠵᠢᠭᠡᠨ ᠦᠷᠡᠵᠢᠭᠦᠯᠵᠦ ᠳᠡᠯᠭᠡᠷᠡᠭᠦᠯᠬᠦ ᠬᠠᠮᠢᠶ᠎ᠠ ᠪᠦᠬᠦᠢ ᠶᠠᠪᠤᠳᠠᠯ ᠢ ᠰᠤᠳᠤᠯᠵᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠳᠤ ᠳᠤᠮᠳᠠ ᠬᠡᠰᠡᠭ ᠤᠨ ᠭᠠᠵᠠᠷ ᠣᠷᠣᠨ ᠤ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠪᠣᠯᠣᠨ ᠬᠤᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠮᠠᠨ ᠤ ᠰᠢᠶᠠᠨ ᠤ ᠪᠣᠳᠠᠲᠠᠢ ᠲᠠᠢ ᠪᠠᠨ ᠤᠶᠠᠯᠳᠤᠭᠤᠯᠤᠨ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠣᠶᠢᠵᠢᠭᠤᠯᠤᠨ ᠬᠥᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠢᠯᠣᠭᠤᠳᠤᠮᠵᠢ ᠪᠣᠯᠭᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠬᠥᠳᠡᠯᠭᠡᠭᠴᠢ ᠬᠦᠴᠦᠨ ᠪᠣᠯᠭᠠᠵᠤ᠂ ᠤᠰᠤᠲᠥ᠋ᠷᠥᠭᠴᠢ ᠡᠨᠧᠷᠭᠢ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠳᠣᠣᠷ᠎ᠠ ᠣᠭᠲᠠᠷᠭᠤᠢ ᠶᠢᠨ ᠠᠵᠤ ᠠᠬᠤᠢ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ ᠢᠷᠡᠭᠡᠳᠦᠢ ᠶᠢᠨ ᠠᠵᠤ ᠦᠢᠯᠡᠰ ᠢ ᠲᠦᠷᠭᠡᠪᠴᠢᠯᠡᠨ ᠪᠠᠶᠢᠷᠢᠯᠠᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠮᠥᠩᠭᠦ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠬᠡᠯᠬᠢᠶ᠎ᠡ ᠶᠢ ᠨᠥᠬᠦᠪᠦᠷᠢᠯᠡᠬᠦ᠂ ᠬᠡᠯᠬᠢᠶ᠎ᠡ ᠶᠢ ᠴᠢᠩᠭᠠᠳᠬᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠮᠠᠨ ᠤ ᠰᠢᠶᠠᠨ ᠤ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠲᠤᠯᠭᠠᠭᠤᠷᠢᠯᠠᠵᠤ ᠳᠡᠶᠢᠯᠬᠦ‍ ᠨᠢᠭᠡ ᠪᠦᠯᠦᠭ ᠬᠦᠨᠳᠦ ᠲᠡᠰ ᠤᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠬᠤ ᠬᠡᠷᠡᠭᠲᠡᠢ᠃ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠲᠣᠭᠲᠠᠭᠤᠨ ᠢᠶᠠᠷ ᠠᠬᠢᠭᠤᠯᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠨᠳᠦᠰᠦᠨ ᠱᠠᠲᠤᠨ ᠤ ᠳᠠᠷᠤᠭᠠᠰᠤ ᠶᠢ ᠦᠷᠭᠦᠯᠵᠢᠯᠡᠨ ᠬᠥᠩᠭᠡᠷᠡᠭᠦᠯᠵᠦ᠂ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠨᠳᠦᠰᠦᠨ ᠱᠠᠲᠤᠨ ᠤ ᠺᠠᠳ᠋ᠷᠴᠤᠳ ᠢ ᠬᠡᠯᠪᠡᠷᠢᠴᠢ ᠦᠵᠡᠯ ᠤᠨ ᠬᠦᠯᠢᠶᠡᠰᠦᠯᠡᠯ ᠠᠴᠠ ᠦᠨᠡᠨᠬᠦ ᠠᠩᠭᠢᠵᠢᠷᠠᠭᠤᠯᠵᠤ᠂ ᠨᠡᠩ ᠰᠠᠶᠢᠨ ᠢᠶᠠᠷ ᠠᠵᠢᠯ ᠶᠠᠪᠤᠳᠠᠯ ᠪᠦᠲᠦᠭᠡᠵᠦ᠂ ᠤᠯᠠᠨ ᠲᠦᠮᠡᠨ ᠳᠤ ᠦᠢᠯᠡᠴᠢᠯᠡᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠪᠦᠬᠦ ᠰᠢᠶᠠᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠮᠥᠩᠭᠦᠨ ᠭᠦᠢᠯᠭᠡᠭᠡ ᠶᠢ ᠴᠢᠬᠤᠯᠠᠴᠢᠯᠠᠵᠤ᠂ ᠮᠥᠩᠭᠦᠨ ᠭᠦᠢᠯᠭᠡᠭᠡ ᠶᠢ ᠬᠠᠯᠠᠮᠵᠢᠯᠠᠵᠤ᠂ ᠮᠥᠩᠭᠦᠨ ᠭᠦᠢᠯᠭᠡᠭᠡ ᠶᠢ ᠳᠡᠮᠵᠢᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠤᠵᠠᠭᠠᠶᠢᠷᠠᠨ ᠬᠦᠴᠦᠷᠬᠡᠭᠵᠢᠵᠦ ᠰᠢᠯᠢᠳᠡᠭᠵᠢᠬᠦ ᠶᠢ ᠪᠦᠬᠦ ᠬᠦᠴᠦᠨ ᠢᠶᠠᠷ ᠢᠶᠠᠨ ᠲᠡᠮᠵᠢᠨ ᠦᠢᠯᠡᠴᠢᠯᠡᠵᠦ᠂ ᠮᠥᠩᠭᠦᠨ ᠭᠦᠢᠯᠭᠡᠭᠡᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠠᠷ ᠮᠠᠨ ᠤ ᠰᠢᠶᠠᠨ ᠤ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ᠃ ᠡᠭᠦᠨ ᠤ ᠬᠠᠮᠲᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠨ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠴᠢᠳᠠᠪᠤᠷᠢ ᠪᠠᠨ ᠦᠨᠡᠨᠬᠦ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠤ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠲᠤᠯᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠨ ᠤ ᠤᠯᠠᠮ ᠠᠴᠠ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠨᠡᠩ ᠤᠯᠠᠨ ᠮᠥᠩᠭᠦᠨ ᠭᠦᠢᠯᠭᠡᠭᠡᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠠᠲᠤᠳᠬᠠᠵᠤ᠂ ᠲᠦᠢᠮᠡᠷ ᠤᠨ ᠢᠷᠡᠯᠲᠡ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠠᠩᠰᠢ ᠶᠢᠨ ᠡᠳᠦᠷ ᠤᠨ ᠲᠠᠬᠢᠯᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠪᠣᠯᠪᠠᠰᠤᠨ ᠢᠶᠠᠷ ᠲᠠᠬᠢᠯᠭ᠎ᠠ ᠬᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ᠃ ᠪᠥᠬᠦ ᠰᠢᠶᠠᠨ ᠤ ᠭᠠᠯ ᠤᠨ ᠭᠠᠮᠰᠢᠭ ᠤᠨ ᠪᠠᠶᠢᠳᠠᠯ ᠢ ᠬᠢᠨᠠᠨ ᠬᠡᠮᠵᠢᠬᠦ ᠪᠠ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号