ᠬᠠᠤᠯᠢ ᠶᠢ ᠰᠤᠷᠭᠠᠭᠤᠯᠢ ᠶᠢᠨ ᠬᠦᠷᠢᠶᠡᠨ ᠳᠤ ᠬᠦᠷᠭᠡᠵᠦ ᠠᠮᠤᠷ ᠲᠦᠪᠰᠢᠨ ᠢ ᠳᠡᠷᠭᠡᠳᠡ ᠪᠠᠨ ᠪᠠᠶᠢᠯᠭᠠᠨ᠎ᠠ
ᠨᠡᠶᠢᠲᠡᠯᠡᠭᠰᠡᠨ ᠴᠠᠭ᠄
2024/3/28
     ᠣᠶᠢᠷ᠎ᠠ ᠳᠤ᠂ ᠦᠴᠦᠸᠠᠨ ᠰᠢᠶᠠᠨ ᠤ ᠬᠠᠤᠯᠢ ᠴᠠᠭᠠᠵᠠ ᠶᠢᠨ ᠲᠣᠪᠴᠢᠶ᠎ᠠ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ ᠶᠢᠨ ᠬᠠᠤᠯᠢ ᠶᠢᠨ ᠬᠢᠴᠢᠶᠡᠯ ᠤᠨ ᠲᠠᠩᠬᠢᠮ ᠳᠤ ᠬᠦᠷᠴᠦ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠢᠴᠢᠶᠡᠯ ᠥᠷᠨᠢᠭᠦᠯᠵᠦ᠂ ᠪᠠᠭᠰᠢ ᠰᠤᠷᠤᠭᠴᠢᠳ ᠲᠤ ᠬᠠᠤᠯᠢ ᠪᠠᠷ ᠵᠠᠰᠠᠬᠤ ᠶᠢᠨ ︽ᠰᠤᠷᠤᠯᠭ᠎ᠠ ᠡᠬᠢᠯᠡᠬᠦ ᠠᠩᠬᠠᠨ ᠤ ᠬᠢᠴᠢᠶᠡᠯ︾ ᠢ ᠬᠦᠷᠭᠡᠪᠡ᠃
     ᠲᠣᠰ ᠤᠳᠠᠭᠠᠨ ᠤ ᠠᠵᠢᠯᠯᠠᠭ᠎ᠠ ᠳᠤ ᠥᠪᠥᠷ ᠮᠣᠩᠭᠤᠯ ᠤᠨ ᠮᠧᠩ ᠲᠦᠸᠧ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ ᠯᠠᠨ ᠬᠦᠶ ᠶᠦᠨ ᠬᠠᠤᠯᠢᠴᠢ ᠶᠢ ᠲᠤᠰᠬᠠᠶᠢᠯᠠᠨ ᠤᠷᠢᠵᠤ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠢᠶᠠᠷ ᠬᠢᠴᠢᠶᠡᠯ ᠵᠢᠭᠠᠬᠤ ᠠᠭᠤᠯᠭ᠎ᠠ ᠪᠣᠯᠭᠠᠨ ᠬᠢᠴᠢᠶᠡᠯ ᠣᠷᠣᠭᠤᠯᠤᠭᠰᠠᠨ ᠪᠠᠶᠢᠨ᠎ᠠ᠃ ᠯᠠᠨ ᠬᠦᠶ ᠶᠦᠨ ᠬᠠᠤᠯᠢᠴᠢ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠤᠨ ᠢᠯᠡᠷᠡᠬᠦ ᠬᠡᠯᠪᠡᠷᠢ᠂ ᠬᠤᠣᠷ ᠬᠥᠨᠥᠭᠡᠯ ᠵᠢᠴᠢ ᠬᠡᠷᠬᠢᠨ ᠠᠷᠭᠠᠴᠠᠬᠤ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠰᠤᠷᠤᠭᠴᠢᠳ ᠲᠤ ᠳᠥᠭᠦᠮ ᠣᠶᠢᠯᠠᠭᠠᠮᠵᠢᠲᠠᠢ ᠲᠠᠶᠢᠯᠪᠤᠷᠢᠯᠠᠯᠲᠠ ᠬᠢᠭᠰᠡᠨ ᠪᠥᠭᠡᠳ ᠣᠶᠢᠷ᠎ᠠ ᠶᠢᠨ ᠵᠢᠯ ᠤᠳ ᠲᠤ ᠰᠤᠷᠭᠠᠭᠤᠯᠢ ᠶᠢᠨ ᠬᠦᠷᠢᠶᠡᠨ ᠳᠤ ᠭᠠᠷᠤᠭᠰᠠᠨ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠵᠠᠯᠠᠭᠤᠴᠤᠳ ᠪᠠᠭᠠᠴᠤᠳ ᠲᠤ ᠲᠣᠬᠢᠶᠠᠯᠳᠤᠵᠤ ᠮᠡᠳᠡᠬᠦ ᠡᠵᠡᠷᠬᠡᠭᠯᠡᠯ ᠤᠨ ᠠᠵᠢᠯᠯᠠᠭ᠎ᠠ ᠶᠢ ᠨᠠᠷᠢᠨ ᠨᠢᠮᠪᠠᠢ ᠵᠠᠳᠠᠯᠵᠤ᠂ ᠰᠤᠷᠤᠭᠴᠢᠳ ᠲᠠᠢ ᠰᠠᠨᠠᠯ ᠢᠶᠠᠨ ᠰᠣᠯᠢᠯᠴᠠᠭᠰᠠᠨ ᠪᠠᠶᠢᠨ᠎ᠠ᠃ ᠲᠣᠰ ᠤᠳᠠᠭᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠤᠨ ᠬᠢᠴᠢᠶᠡᠯ ᠳᠤ ᠬᠠᠤᠯᠢ ᠴᠠᠭᠠᠵᠠ ᠶᠢᠨ ᠮᠡᠳᠡᠯᠭᠡ ᠵᠢᠭᠠᠭᠰᠠᠨ ᠮᠥᠷᠲᠡᠭᠡᠨ ᠪᠠᠰᠠ ᠬᠢᠴᠢᠶᠡᠯ ᠤᠨ ᠲᠠᠩᠬᠢᠮ ᠤᠨ ᠰᠣᠨᠢᠷᠬᠠᠯᠲᠤ ᠴᠢᠨᠠᠷ ᠢ ᠨᠡᠮᠡᠭᠳᠡᠭᠦᠯᠵᠦ᠂ ᠰᠤᠷᠤᠭᠴᠢᠳ ᠤᠨ ᠬᠠᠤᠯᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠡᠷᠡᠭᠯᠡᠬᠦ ᠢᠳᠡᠪᠬᠢᠵᠢᠯ ᠢ ᠪᠦᠲᠦᠮᠵᠢᠲᠡᠶ ᠳᠠᠶᠢᠴᠢᠯᠠᠨ᠂ ᠰᠤᠷᠤᠭᠴᠢᠳ ᠤᠨ ᠥᠪᠡᠷ ᠢ ᠪᠠᠨ ᠬᠠᠮᠠᠭᠠᠯᠠᠬᠤ ᠤᠬᠠᠮᠰᠠᠷ ᠪᠠ ᠬᠠᠤᠯᠢ ᠶᠢ ᠵᠥᠷᠢᠴᠡᠵᠦ ᠶᠠᠯ᠎ᠠ ᠬᠢᠬᠦ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号