ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2024﹈ 5 ᠳ᠋ᠤᠭᠠᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ︵ᠡᠯ᠎ᠡ ᠨᠡᠭᠡᠭᠡᠯᠲᠡ ᠶᠢᠨ ᠲᠣᠭᠤᠷᠢᠭ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ︶ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | | | ︽ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ | ᠵᠢᠷᠤᠮᠯᠠᠨ ᠬᠡᠷᠡᠭᠵᠢᠭᠦᠯᠲᠦᠭᠡᠢ᠃ | | | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 3 ᠳ᠋ᠤᠭᠠᠷ ᠰᠠᠷ᠎ᠠ ᠶᠢᠨ 5 ᠤ ᠡᠳᠦᠷ | ︵ᠲᠤᠰ ᠮᠠᠲ᠋ᠧᠷᠢᠶᠠᠯ ᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠨ᠎ᠡ︶ | | | ᠬᠥᠬᠡᠬᠤᠲᠠ ᠶᠢᠨ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠯᠬᠢᠨ | ᠠᠬᠢᠭᠤᠯᠬᠤ ᠠᠷᠪᠠᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | | | ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ | ᠲᠤᠭᠤᠰᠢᠯᠠᠭᠤᠯᠤᠨ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠬᠥᠭᠵᠢᠯᠲᠡ ᠶᠢ ᠲᠦᠷᠭᠡᠳᠬᠡᠵᠦ᠂ | ︽ᠣᠷᠣᠨ ᠤ ᠲᠥᠪ ᠢ ᠬᠦᠴᠦᠷᠬᠡᠭᠵᠢᠭᠦᠯᠬᠦ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠠᠵᠤ ᠦᠢᠯᠡᠰ ᠤᠨ | ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ ᠲᠠᠰ ᠳᠡᠪᠰᠢᠭᠦᠯᠵᠦ᠂ ᠮᠠᠨ ᠤ ᠬᠤᠲᠠ ᠶᠢᠨ ᠦᠢᠯᠡᠳᠬᠦ ᠦᠢᠯᠡᠰ ᠤᠨ | ᠳᠡᠭᠡᠳᠦ ᠲᠠᠰ ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ | ᠣᠨᠴᠠᠭᠠᠶᠢᠯᠠᠨ ᠳᠣᠣᠷᠠᠬᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠤ ᠦᠢᠯᠡᠰ ᠤᠨ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢ | ᠳᠡᠮᠵᠢᠨ᠎ᠡ᠃ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠢ ᠪᠣᠶᠢᠵᠢᠭᠤᠯᠤᠨ ᠤᠯᠤᠰ᠂ ᠥᠪᠡᠷᠲᠡᠭᠡᠨ ᠵᠠᠰᠠᠬᠤ | ᠣᠷᠣᠨ ᠤ ᠲᠡᠷᠢᠭᠦᠨ ᠤ ᠦᠢᠯᠡᠳᠬᠦ ᠦᠢᠯᠡᠰ ᠤᠨ ᠠᠵᠤ ᠦᠢᠯᠡᠰ ᠤᠨ ᠪᠥᠭᠡᠮᠨᠡᠷᠡᠯ ᠵᠦᠭ ᠬᠥᠭᠵᠢᠭᠦᠯᠵᠦ᠂ | ᠪᠥᠭᠡᠮᠨᠡᠷᠡᠯ ᠤᠨ ᠳᠣᠲᠣᠷᠠᠬᠢ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠦᠷᠢᠯᠡᠬᠦ ᠬᠡᠯᠬᠢᠶ᠎ᠡ ᠶᠢ | ᠬᠦᠴᠦᠷᠬᠡᠭᠵᠢᠭᠦᠯᠬᠦ ᠴᠢᠬᠤᠯᠠ ᠶᠡᠭᠡ ᠲᠥᠷᠥᠯ ᠵᠦᠢᠯ ᠳᠤ ᠵᠢᠭᠡᠯᠡᠯᠭᠡ ᠶᠢᠨ ᠪᠣᠳᠠᠲᠠᠢ ᠬᠦᠦ ᠮᠥᠩᠭᠦ ᠶᠢᠨ 30% ᠪᠠᠷ | ᠳᠠᠮ ᠬᠦᠦ ᠶᠢᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ ᠵᠢᠯ ᠪᠦᠷᠢ 100 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠂ ᠦᠷᠭᠦᠯᠵᠢᠯᠡᠨ 3 ᠵᠢᠯ ᠨᠥᠬᠦᠪᠦᠷᠢᠯᠡᠨ᠎ᠡ᠃ ᠰᠢᠨ᠎ᠡ ᠪᠠᠷ ᠡᠯ᠎ᠡ ᠲᠥᠷᠥᠯ ᠤᠨ | ᠤᠯᠤᠰ ᠤᠨ ᠲᠠᠰ ︵ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠶᠠᠮᠤᠨ︶ ᠤᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠨᠡᠷ᠎ᠡ ᠣᠯᠣᠭᠰᠠᠨ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠬᠦ ᠦᠭᠡᠢ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠨ᠎ᠠ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠳᠠᠪᠤᠷᠢ ᠶᠢᠨ ᠲᠠᠰ ᠢᠶᠠᠨ ᠳᠡᠭᠡᠭᠰᠢᠯᠡᠭᠦᠯᠬᠦ ᠶᠢ | ᠳᠡᠮᠵᠢᠨ᠎ᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠳᠤ ᠠᠩᠬ᠎ᠠ ᠣᠷᠣᠭᠰᠠᠨ | ᠠᠵᠤ ᠠᠬᠤᠶᠢᠯᠠᠯ ᠳᠤ ︽ᠬᠡᠪᠴᠢᠶᠡᠵᠢᠯ ᠳᠤ ᠣᠷᠣᠬᠤ︾ 60 60ᠲᠦᠮᠡᠨ ᠲᠥᠭᠦᠷᠢᠭ ᠤᠨ ᠱᠠᠩᠨᠠᠯ ᠣᠯᠭᠤᠨ᠂ | ᠭᠤᠷᠪᠠᠨ ᠵᠢᠯ ᠳᠤ 10 ᠲᠦᠮᠡ᠂ 20 ᠲᠦᠮᠡ᠂ 30 ᠲᠦᠮᠡ ᠪᠠᠷ ᠪᠡᠯᠡᠨ ᠵᠣᠭᠤᠰ ᠰᠣᠯᠢᠵᠤ᠂ ᠳᠤᠮᠳᠠ ᠠᠴᠠ ᠨᠢ | ᠬᠡᠪᠴᠢᠶᠡᠵᠢᠯ ᠠᠴᠠ ᠭᠠᠷᠬᠤ ᠵᠢᠴᠢ ᠳᠠᠬᠢᠨᠲᠠ ᠬᠡᠪᠴᠢᠶᠡᠵᠢᠯ ᠳᠤ ᠣᠷᠣᠭᠰᠠᠨ ᠢ ᠱᠠᠩᠨᠠᠬᠤ ᠦᠭᠡᠢ᠃ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠰᠢᠨ᠎ᠡ ᠪᠠᠷ ᠨᠡᠮᠡᠭᠳᠡᠭᠰᠡᠨ ᠦᠢᠯᠡᠳᠬᠦᠨ ᠤ ᠥᠷᠳᠡᠭ ᠨᠢ 50 | ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 30 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ | ᠳᠡᠭᠡᠭᠰᠢ᠂ 10 ᠳ᠋ᠦᠩᠰᠢᠭᠤᠷ ᠲᠥᠭᠦᠷᠢᠭ ᠵᠢᠴᠢ ᠲᠡᠭᠦᠨ ᠠᠴᠠ ᠳᠡᠭᠡᠭᠰᠢ᠂ 5 ᠳ᠋ᠦᠩᠰᠢᠭᠤᠷ ᠲᠥᠭᠦᠷᠢᠭ ᠵᠢᠴᠢ | ᠲᠡᠭᠦᠨ ᠠᠴᠠ ᠳᠡᠭᠡᠭᠰᠢ ᠳᠤ ᠲᠤᠰ ᠲᠤᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ | ᠲᠥᠭᠦᠷᠢᠭ᠂ 50 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ︵ᠭᠤᠷᠪᠠ︶ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢᠶᠠᠨ ᠴᠢᠩᠭᠠᠷᠠᠭᠤᠯᠬᠤ ᠶᠢ | ᠳᠡᠮᠵᠢᠨ᠎ᠡ᠃ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ | ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠲᠤ ᠲᠣᠰ ᠲᠣᠰ 800 ᠲᠦᠮᠡᠨ ᠲᠥᠭᠦᠷᠢᠭ᠂ 300 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨ᠎ᠡ ᠪᠠᠷ ᠵᠥᠪᠰᠢᠶᠡᠷᠡᠭᠳᠡᠭᠰᠡᠨ ᠥᠪᠡᠷᠲᠡᠭᠡᠨ | ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠳᠤ 50 ᠲᠦᠮᠡᠨ | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠶᠠᠭ ᠠᠵᠤ ᠦᠢᠯᠡᠰᠵᠢᠭᠦᠯᠵᠦ ᠪᠠᠶᠢᠭ᠎ᠠ ᠲᠥᠷᠥᠯ ᠵᠦᠢᠯ ᠳᠤ ᠪᠡᠯᠡ ᠣᠷᠣᠭᠤᠯᠤᠯᠲᠠ ᠶᠢᠨ ᠲᠣᠭᠠᠨ ᠤ | 20% ᠪᠠᠷ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ | ᠵᠦᠢᠯ ᠳᠤ 500 ᠲᠦᠮᠡᠨ ᠲᠥᠭᠦᠷᠢᠭ ᠠᠴᠠ ᠳᠠᠪᠠᠭᠤᠯᠬᠤ ᠦᠭᠡᠢ᠃ ᠲᠣᠰ ᠬᠤᠲᠠ ᠳᠤ ᠰᠢᠯᠵᠢᠨ ᠢᠷᠡᠭᠰᠡᠨ | ᠤᠯᠤᠰ ᠤᠨ ᠲᠠᠰ ᠤᠨ ᠲᠤᠰᠬᠠᠢ ᠨᠠᠷᠢᠯᠢᠭ ᠣᠨᠴᠠ ᠰᠢᠨ᠎ᠡ ︽ᠪᠢᠴᠢᠬᠠᠨ ᠠᠪᠤᠷᠭᠤ ᠬᠥᠮᠥᠨ︾ ᠠᠵᠤ ᠠᠬᠤᠶᠢᠯᠠᠯ᠂ | ᠦᠢᠯᠡᠳᠬᠦ ᠦᠢᠯᠡᠰ ᠤᠨ ᠭᠠᠭᠴᠠ ᠵᠦᠢᠯ ᠤᠨ ᠮᠠᠩᠯᠠᠢ ᠳᠤ ᠰᠢᠯᠭᠠᠷᠠᠭᠰᠠᠨ ᠠᠵᠤ ᠠᠬᠤᠶᠢᠯᠠᠯ ᠳᠤ ᠲᠣᠰ ᠲᠣᠰ 50 | ᠲᠦᠮᠡᠨ ᠲᠥᠭᠦᠷᠢᠭ᠂ 100 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠵᠤ᠂ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠶᠠᠮᠤᠨ ᠤ ᠲᠣᠮᠣ ᠳᠤᠮᠳᠠ ᠵᠢᠵᠢᠭ ᠠᠵᠤ ᠠᠬᠤᠶᠢᠯᠠᠯ ᠤᠨ | ᠠᠭᠤᠰᠤᠯᠴᠠᠯ ᠬᠥᠭᠵᠢᠯᠲᠡ ᠶᠢᠨ ᠬᠥᠳᠡᠯᠭᠡᠭᠡᠨ ᠤ ︽ᠵᠠᠷᠯᠠᠯ ᠨᠡᠶᠢᠲᠡᠯᠡᠬᠦ︾ ᠨᠡᠷᠡᠰ ᠲᠤ ᠰᠣᠩᠭᠤᠭᠳᠠᠭᠰᠠᠨ ᠰᠢᠯᠢᠳᠡᠭ | ᠳᠤᠮᠳᠠ ᠵᠢᠵᠢᠭ ᠠᠵᠤ ᠠᠬᠤᠶᠢᠯᠠᠯ ᠳᠤ 10 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ | ᠣᠯᠭᠤᠨ᠎ᠠ᠃ | ︵ᠳᠥᠷᠪᠡ︶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠩᠭᠦᠢ ᠡᠷᠴᠢᠮᠯᠢᠭ | ᠬᠥᠭᠵᠢᠯᠲᠡ ᠶᠢ ᠳᠡᠮᠵᠢᠨ᠎ᠡ᠃ ᠪᠥᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ | ᠰᠠᠶᠢᠲᠠᠢ ᠬᠥᠭᠵᠢᠯᠲᠡ ᠶᠢᠨ ᠬᠢᠷᠢ ᠲᠦᠪᠰᠢᠨ ᠳᠤ ᠣᠨ ᠤ ᠬᠢᠨᠠᠨ ᠰᠢᠯᠭᠠᠯᠲᠠ ᠦᠨᠡᠯᠡᠯᠲᠡ ᠬᠢᠬᠦ ᠶᠢᠨ ᠬᠠᠮᠲᠤ ᠣᠨ ᠤ | ᠬᠢᠨᠠᠨ ᠰᠢᠯᠭᠠᠵᠤ ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠪᠥᠬᠦ ᠬᠤᠲᠠ ᠶᠢᠨ ᠬᠢᠨᠠᠨ ᠰᠢᠯᠭᠠᠯᠲᠠ ᠳᠤ | ᠲᠦᠷᠦᠭᠦᠸ ᠭᠤᠷᠪᠠ ᠳᠤ ᠣᠷᠣᠭᠰᠠᠨ ᠨᠡᠭᠡᠭᠡᠯᠲᠡ ᠶᠢᠨ ᠲᠣᠭᠤᠷᠢᠭ ᠲᠤ ᠲᠣᠰ ᠲᠣᠰ 500 ᠲᠦᠮᠡᠨ ᠲᠥᠭᠦᠷᠢᠭ᠂ | 300 ᠲᠦᠮᠡᠨ ᠲᠥᠭᠦᠷᠢᠭ᠂ 200 ᠲᠦᠮᠡᠨ ᠲᠥᠭᠦᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ | ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠤᠰᠬᠠᠢ ᠵᠠᠷᠤᠳᠠᠯ ᠤᠨ ᠳᠡᠮᠵᠢᠯᠭᠡ ᠦᠵᠡᠭᠦᠯᠦᠨ᠎ᠡ᠃ | ᠬᠤᠶᠠᠷ᠂ ᠠᠵᠤ ᠦᠢᠯᠡᠰ ᠤᠨ ᠣᠶᠤᠨᠴᠢᠯᠠᠭᠰᠠᠨ ᠬᠥᠭᠵᠢᠯᠲᠡ ᠶᠢ ᠠᠬᠢᠭᠤᠯᠤᠨ᠎ᠠ | ︵ᠨᠢᠭᠡ︶ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠰᠠᠭᠤᠷᠢ | ᠴᠠᠬᠢᠯᠭᠠᠨ ᠬᠤᠯᠪᠣᠭ᠎ᠠ ᠶᠢᠨ ᠡᠵᠡᠩᠨᠡᠯᠲᠡ ᠶᠢᠨ ᠬᠤᠳᠠᠯᠳᠤᠭᠠᠴᠢᠨ ᠤ ᠪᠥᠬᠦ ᠬᠤᠲᠠ ᠶᠢᠨ 5G ᠶᠢᠨ ᠪᠦᠲᠦᠭᠡᠨ | ᠪᠠᠶᠢᠭᠤᠯᠤᠯᠲᠠ ᠶᠢᠨ ᠲᠥᠯᠦᠪᠵᠢᠭᠦᠯᠭᠡ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶᠡᠨ ᠤ | ᠠᠵᠤ ᠠᠬᠤᠶᠢᠯᠠᠯ ᠤᠨ ᠭᠠᠳᠠᠷ ᠰᠦᠯᠵᠢᠶ᠎ᠡ ᠪᠤᠶᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠴᠢᠨᠠᠷ ᠰᠠᠶᠢᠲᠠᠢ ᠰᠦᠯᠵᠢᠶᠡᠨ ᠤ ᠰᠠᠭᠤᠷᠢ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠲᠥᠷᠥᠯ | ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠣᠭᠠᠨ ᠤ 30% ᠪᠠᠷ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 500 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ | ︵ᠬᠤᠶᠠᠷ︶ ᠠᠵᠤ ᠦᠢᠯᠡᠳᠪᠦᠷᠢ ᠶᠢᠨ ᠲᠣᠭᠠᠴᠢᠯᠠᠬᠤ ᠵᠦᠭ ᠬᠡᠯᠪᠡᠷᠢ ᠪᠠᠨ ᠬᠤᠪᠢᠷᠠᠭᠤᠯᠬᠤ ᠶᠢ ᠳᠡᠮᠵᠢᠨ᠎ᠡ᠃ | ᠠᠵᠤ ᠠᠬᠤᠶᠢᠯᠠᠯ ᠤᠨ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠶᠢ ᠪᠦᠲᠦᠭᠡᠨ ᠪᠠᠶᠢᠭᠤᠯᠵᠤ ᠥᠭᠡᠷᠡᠴᠢᠯᠡᠬᠦ᠂ | ᠰᠢᠨ᠎ᠡ ᠮᠡᠷᠭᠡᠵᠢᠯ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ | ᠲᠥᠷᠥᠯ ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠠᠵᠤ ᠠᠬᠤᠶᠢᠯᠠᠯ ᠤᠨ ᠲᠣᠭᠠᠴᠢᠯᠠᠬᠤ ᠣᠶᠤᠨᠴᠢᠯᠠᠬᠤ ᠥᠭᠡᠷᠡᠴᠢᠯᠡᠯᠲᠡ ᠶᠢ ᠳᠡᠮᠵᠢᠨ᠎ᠡ᠃ ᠠᠵᠤ | ᠠᠬᠤᠶᠢᠯᠠᠯ ᠤᠨ ᠮᠠᠰᠢᠨ ᠢᠶᠠᠷ ᠬᠥᠮᠥᠨ ᠢ ᠣᠷᠣᠯᠠᠭᠤᠯᠬᠤ ᠪᠠ ᠲᠣᠭᠠᠴᠢᠯᠠᠬᠤ ᠥᠭᠡᠷᠡᠴᠢᠯᠡᠯᠲᠡ ᠶᠢᠨ ᠲᠥᠷᠥᠯ | ᠵᠦᠢᠯ ᠳᠤ᠂ ᠪᠣᠳᠠᠲᠠᠢ ᠣᠷᠣᠭᠤᠯᠤᠭᠰᠠᠨ ᠪᠡᠯᠡ ᠣᠷᠣᠭᠤᠯᠤᠯᠲᠠ ᠶᠢᠨ ᠲᠤᠭ᠎ᠠ ᠶᠢᠨ 20% ᠪᠠᠷ ᠨᠢᠭᠡ ᠤᠳᠠᠭ᠎ᠠ ᠶᠢᠨ | ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 ᠲᠦᠮᠡᠨ | ᠲᠥᠭᠦᠷᠢᠭ ᠠᠴᠠ ᠬᠡᠲᠦᠷᠡᠭᠦᠯᠬᠦ ᠦᠭᠡᠢ᠃ ᠬᠥᠬᠡᠬᠤᠲᠠ ᠶᠢᠨ ᠲᠣᠭᠠᠴᠢᠯᠠᠬᠤ ᠥᠭᠡᠷᠡᠴᠢᠯᠡᠯᠲᠡ ᠪᠠᠷ ᠰᠢᠰᠲ᠋ᠧᠮ ᠲᠠᠢ | ᠰᠢᠢᠳᠪᠦᠷᠢᠯᠡᠬᠦ ᠲᠥᠰᠥᠯ ᠤᠨ ᠬᠠᠩᠭᠠᠯᠭ᠎ᠠ ᠶᠢᠨ ᠬᠤᠳᠠᠯᠳᠤᠭᠠᠴᠢᠨ ᠤ ᠨᠡᠷᠡᠰ ᠲᠤ ᠣᠷᠣᠭᠰᠠᠨ ᠠᠵᠤ ᠠᠬᠤᠶᠢᠯᠠᠯ ᠳᠤ | 30 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠤᠯᠤᠰ ᠤᠨ ᠠᠩᠬᠠᠳᠠᠭᠴᠢ | ᠰᠠᠤᠷᠢ ︵ᠢᠵᠢ︶ ᠶᠢᠨ ᠴᠢᠬᠤᠯᠠ ᠶᠡᠭᠡ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ ᠲᠦᠷᠦᠭᠦᠸ | ᠪᠦᠯᠦᠭ ︵ᠤᠳᠠᠭ᠎ᠠ︶ ᠤᠨ ᠦᠢᠯᠡᠳᠬᠦᠨ ᠢ ᠳᠡᠯᠭᠡᠷᠡᠭᠦᠯᠬᠦ ᠭᠠᠷᠴᠠᠭ ᠲᠤ ᠣᠷᠣᠭᠰᠠᠨ ᠪᠠ ᠥᠪᠡᠷᠲᠡᠭᠡᠨ ᠵᠠᠰᠠᠬᠤ | ᠣᠷᠣᠨ ᠤ ᠠᠩᠬᠠᠳᠠᠭᠴᠢ ᠰᠠᠤᠷᠢ ︵ᠢᠵᠢ︶ ᠶᠢᠨ ᠮᠡᠷᠭᠡᠵᠢᠯ ᠤᠨ ᠲᠣᠨᠤᠭ ᠲᠥᠬᠦᠭᠡᠷᠦᠮᠵᠢ᠂ ᠰᠢᠨ᠎ᠡ ᠮᠠᠲ᠋ᠧᠷᠢᠶᠠᠯ ᠤᠨ | ᠲᠦᠷᠦᠭᠦᠸ ᠪᠦᠯᠦᠭ ︵ᠤᠳᠠᠭ᠎ᠠ︶ ᠤᠨ ᠦᠢᠯᠡᠳᠬᠦᠨ ᠢᠶᠠᠷ ᠵᠥᠪᠰᠢᠶᠡᠷᠡᠭᠳᠡᠭᠰᠡᠨ ᠪᠠᠶᠢᠪᠠᠯ᠂ ᠠᠵᠤ ᠠᠬᠤᠶᠢᠯᠠᠯ ᠤᠨ | ᠦᠢᠯᠡᠳᠬᠦᠨ ᠨᠢᠭᠡᠪᠦᠷᠢ ᠳᠤ ᠲᠣᠰ ᠲᠣᠰ 100 ᠲᠦᠮᠡᠨ ᠲᠥᠭᠦᠷᠢᠭ᠂ 30 ᠲᠦᠮᠡᠨ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ᠭᠤᠷᠪᠠ᠂ ᠠᠵᠤ ᠦᠢᠯᠡᠰ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ | ︵ᠨᠢᠭᠡ︶ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠳᠡᠮᠵᠢᠨ᠎ᠡ᠃ ᠰᠠᠶᠢᠨ ᠳᠤᠷ᠎ᠠ ᠶᠢᠨ ᠴᠢᠨᠠᠷᠲᠠᠢ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠥᠷᠨᠢᠭᠦᠯᠬᠦ ᠶᠢᠨ ᠬᠠᠮᠲᠤ ᠰᠢᠯᠭᠠᠨ ᠠᠪᠬᠤ ᠳᠤ ᠬᠢᠷᠢ | ᠲᠡᠩᠴᠡᠭᠰᠡᠨ ᠠᠵᠤ ᠠᠬᠤᠶᠢᠯᠠᠯ ᠳᠤ ᠪᠣᠳᠠᠲᠠᠢ ᠬᠢᠨᠠᠨ ᠬᠠᠷᠭᠤᠭᠤᠯᠤᠭᠰᠠᠨ ᠵᠠᠷᠤᠳᠠᠯ ᠤᠨ ᠶᠣᠰᠣᠭᠠᠷ 10 ᠲᠦᠮᠡᠨ | ᠲᠥᠭᠦᠷᠢᠭ ᠠᠴᠠ ᠬᠡᠲᠦᠷᠡᠬᠦ ᠦᠭᠡᠢ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠨ᠎ᠠ᠃ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠪᠣᠬᠢᠷᠲᠤᠯ ᠦᠭᠡᠢ ᠬᠦᠷᠢᠶᠡᠯᠡᠩ ᠲᠣᠭᠤᠷᠢᠭ᠂ ᠤᠰᠤ ᠠᠷᠪᠢᠯᠠᠬᠤ | ᠬᠡᠯᠪᠡᠷᠢ ᠶᠢᠨ ᠬᠦᠷᠢᠶᠡᠯᠡᠩ ᠲᠣᠭᠤᠷᠢᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ | ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ᠂ ᠤᠷᠴᠢᠯᠵᠢᠭᠤᠯᠤᠨ ᠥᠭᠡᠷᠡᠴᠢᠯᠡᠬᠦ ᠵᠡᠷᠭᠡ ᠤᠯᠤᠰ ᠤᠨ | ᠲᠠᠰ ᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠲᠥᠷᠥᠯ ᠤᠨ ᠲᠥᠷᠥᠯ ᠵᠦᠢᠯ ᠢ | ᠡᠭᠦᠳᠦᠨ ᠪᠠᠶᠢᠭᠤᠯᠤᠭᠰᠠᠨ ᠳᠤ ᠲᠣᠰ ᠲᠣᠰ 100 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ | ︵ᠬᠤᠶᠠᠷ︶ ᠡᠨᠧᠷᠭᠢ ᠠᠷᠪᠢᠯᠠᠬᠤ ᠪᠠ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠨ᠎ᠡ᠃ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠ ᠤᠰᠤ ᠠᠷᠪᠢᠯᠠᠬᠤ ᠲᠡᠷᠢᠭᠦᠨ ᠤ ᠬᠡᠷᠡᠭᠯᠡᠭᠡᠨ ᠤ ᠤᠷᠠᠨ | ᠮᠡᠷᠭᠡᠰᠢᠯ᠂ ᠮᠡᠷᠭᠡᠵᠢᠯ᠂ ᠲᠥᠬᠦᠭᠡᠷᠦᠮᠵᠢ ᠪᠤᠶᠤ ᠲᠣᠭᠠᠴᠢᠯᠠᠯᠲᠠ ᠶᠢ ᠬᠡᠷᠡᠭᠯᠡᠨ ᠮᠡᠷᠭᠡᠵᠢᠯ ᠤᠨ ᠥᠭᠡᠷᠡᠴᠢᠯᠡᠯᠲᠡ ᠬᠢᠬᠦ | ᠲᠥᠷᠥᠯ ᠵᠦᠢᠯ ᠳᠤ ᠲᠣᠰ ᠲᠣᠰ ᠡᠨᠧᠷᠭᠢ ᠠᠷᠪᠢᠯᠠᠬᠤ ᠬᠡᠮᠵᠢᠶ᠎ᠡ ᠪᠠᠷ 300ᠲᠥᠭᠦᠷᠢᠭ / ᠲᠣᠨ ᠪᠠᠷᠢᠮᠵᠢᠶ᠎ᠠ | ᠨᠡᠭᠦᠷᠡᠰᠦ᠂ ᠤᠰᠤ ᠠᠷᠪᠢᠯᠠᠬᠤ ᠬᠡᠮᠵᠢᠶ᠎ᠡ ᠪᠠᠷ 10 ᠲᠥᠭᠦᠷᠢᠭ /ᠲᠣᠨ ᠤ ᠪᠠᠷᠢᠮᠵᠢᠶ᠎ᠠ ᠪᠠᠷ᠂ 300 ᠲᠦᠮᠡᠨ | ᠲᠥᠭᠦᠷᠢᠭ ᠤᠨ ᠳᠣᠲᠣᠷ᠎ᠠ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠨ᠎ᠠ᠃ ᠰᠢᠨ᠎ᠡ ᠪᠠᠷ | ᠪᠠᠶᠢᠭᠤᠯᠤᠭᠰᠠᠨ᠂ ᠥᠷᠭᠡᠳᠬᠡᠨ ᠪᠠᠶᠢᠭᠤᠯᠤᠭᠰᠠᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠪᠤᠶᠤ ᠳᠠᠬᠢᠯᠲᠠ ᠡᠬᠢ ᠪᠠᠶᠠᠯᠢᠭ ᠢ ᠤᠷᠴᠢᠯᠵᠢᠭᠤᠯᠤᠨ | ᠠᠰᠢᠭᠯᠠᠬᠤ ᠲᠥᠷᠥᠯ ᠵᠦᠢᠯ ᠳᠤ᠂ ᠲᠡᠭᠦᠨ ᠤ ᠪᠣᠳᠠᠲᠠᠢ ᠪᠡᠯᠡ ᠣᠷᠣᠭᠤᠯᠤᠭᠰᠠᠨ ᠲᠤᠭ᠎ᠠ ᠶᠢᠨ 5% ᠪᠠᠷ ᠨᠢᠭᠡ | ᠤᠳᠠᠭ᠎ᠠ ᠶᠢᠨ ᠴᠢᠨᠠᠷᠲᠠᠢ ᠪᠠᠷ ᠱᠠᠩᠨᠠᠯ ᠤᠨ ᠨᠥᠬᠦᠪᠦᠷᠢ ᠣᠯᠭᠤᠵᠤ᠂ ᠲᠠᠩ ᠭᠠᠭᠴᠠ ᠲᠥᠷᠥᠯ ᠵᠦᠢᠯ ᠳᠤ 300 | ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ ᠪᠤᠰᠤᠳ ᠲᠤ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ | ᠴᠢᠨᠠᠷ ᠲᠠᠢ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠠᠵᠤ | ᠠᠬᠤᠶᠢᠯᠠᠯ ᠳᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠭᠰᠠᠨ ᠦᠨᠡᠯᠡᠯᠲᠡ ᠶᠢᠨ | ᠮᠡᠳᠡᠭᠦᠯᠦᠯᠲᠡ ᠳᠠᠬᠢ ᠪᠦᠲᠦᠮᠵᠢᠲᠡᠶ ᠠᠰᠢᠭᠯᠠᠭᠰᠠᠨ ᠬᠡᠮᠵᠢᠶ᠎ᠡ ᠪᠠᠷ 10 ᠲᠥᠭᠦᠷᠢᠭ / ᠲᠣᠨ ᠤᠨ ᠨᠥᠬᠦᠪᠦᠷᠢ ᠥᠭᠴᠦ᠂ | ᠠᠵᠤ ᠠᠬᠤᠶᠢᠯᠠᠯ ᠨᠢᠭᠡᠪᠦᠷᠢ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ︵ᠭᠤᠷᠪᠠ︶ ᠬᠤᠳᠠᠯᠳᠤᠭᠠᠨ ᠤ ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠢᠵᠢ ᠪᠦᠷᠢᠳᠦᠭᠦᠯᠬᠦ | ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠮᠠᠨ ᠤ ᠬᠤᠲᠠ ᠶᠢᠨ ᠬᠤᠳᠠᠯᠳᠤᠭᠠᠨ ᠤ | ᠬᠡᠷᠡᠭᠯᠡᠭᠡᠨ ᠤ ᠰᠢᠨ᠎ᠡ ᠡᠨᠧᠷᠭᠢ ᠶᠢᠨ ᠲᠡᠷᠭᠡ ᠶᠢᠨ ᠤᠰᠤᠲᠥ᠋ᠷᠥᠭᠴᠢ ᠨᠡᠮᠡᠬᠦ᠂ ᠠᠯᠠᠺᠤᠯ ᠤᠰᠤᠲᠥ᠋ᠷᠥᠭᠴᠢ ᠨᠡᠮᠡᠬᠦ᠂ | ᠴᠠᠬᠢᠯᠭᠠᠨ ᠴᠡᠨᠡᠭᠯᠡᠵᠦ ᠰᠣᠯᠢᠬᠤ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠥᠷᠲᠡᠭᠡ ᠳᠤ ᠲᠥᠬᠦᠭᠡᠷᠦᠮᠵᠢ ᠶᠢᠨ | ᠪᠡᠯᠡ ᠣᠷᠣᠭᠤᠯᠤᠯᠲᠠ ᠶᠢᠨ ᠲᠣᠭᠠᠨ ᠤ 20% ᠠᠴᠠ ᠬᠡᠲᠦᠷᠡᠭᠦᠯᠬᠦ ᠦᠭᠡᠢ ᠪᠠᠷ ᠨᠢᠭᠡ ᠤᠳᠠᠭ᠎ᠠ ᠶᠢᠨ ᠴᠢᠨᠠᠷᠲᠠᠢ | ᠨᠥᠬᠦᠪᠦᠷᠢ ᠥᠭᠴᠦ᠂ ᠲᠠᠩ ᠭᠠᠭᠴᠠ ᠲᠥᠷᠥᠯ ᠵᠦᠢᠯ ᠳᠤ 300 ᠲᠦᠮᠡᠨ ᠲᠥᠭᠦᠷᠢᠭ ᠠᠴᠠ ᠬᠡᠲᠦᠷᠡᠭᠦᠯᠬᠦ ᠦᠭᠡᠢ᠃ | ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠬᠡᠷᠪᠡ ᠲᠣᠰ ᠲᠥᠷᠥᠯ ᠤᠨ ᠪᠡᠯᠡᠳᠬᠡᠮᠵᠢ ᠶᠢᠨ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠨᠡᠶᠢᠲᠡᠯᠡᠪᠡᠯ᠂ ᠤᠷᠢᠳᠠᠪᠠᠷ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠪᠡᠯᠡ | ᠮᠥᠩᠭᠦ ᠶᠢ ᠣᠯᠵᠤ᠂ ᠳᠠᠪᠬᠤᠷᠳᠠᠭᠤᠯᠤᠨ ᠣᠯᠭᠤᠬᠤ ᠦᠭᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︽ᠬᠥᠬᠡᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠦᠷᠭᠡᠳᠬᠡᠵᠦ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠪᠠᠨ ᠵᠤᠷᠪᠤᠰ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ︾ ︵ᠬᠥᠬᠡᠬᠤᠲᠠ ᠶᠢᠨ ᠵᠠᠰᠠᠭ ᠠᠯᠪᠠᠨ ᠲᠠᠷᠬᠠᠭᠠᠭᠰᠠᠨ ﹇2021﹈ 19 | ᠳ᠋ᠦ᠋ᠭᠡᠷ ᠲᠣᠭᠠᠲᠤ︶ ᠶᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃ | | |