ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2024/3/28
                              ᠬᠤᠷᠢᠨ ᠲᠠᠪᠤᠳᠤᠭᠠᠷ ᠲᠣᠭᠠᠲᠤ      ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠭᠦᠶ ᠵᠢᠶᠦ᠋ᠨ ᠥᠪᠡᠷᠲᠡᠭᠡᠨ ᠵᠠᠰᠠᠬᠤ ᠣᠷᠣᠨ ᠠᠴᠠ ᠠᠵᠢᠯ ᠰᠢᠯᠵᠢᠪᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠣᠣ ᠭᠦᠶ ᠵᠢᠶᠦ᠋ᠨ ᠤ ᠲᠥᠯᠥᠭᠡᠯᠡᠭᠴᠢ ᠶᠢᠨ ᠬᠢᠷᠢ ᠭᠡᠮ ᠢ ᠵᠣᠭᠰᠣᠭᠠᠪᠠ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠣᠯᠣᠨ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠶᠢᠭᠤᠯᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ ᠵᠤᠤ ᠭᠦᠢ ᠵᠢᠶᠦ᠋ᠨ ᠤ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠭᠡᠰᠢᠭᠦᠨ ᠤ ᠲᠤᠰᠢᠶᠠᠯ ᠢ ᠨᠢ ᠬᠠᠮᠲᠤ ᠳᠤᠨᠢ ᠤᠬᠴᠠᠷᠠᠪᠠ᠃      ᠣᠳᠣᠬᠠᠨ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ 539 ᠬᠥᠮᠥᠨ ᠪᠠᠶᠢᠨ᠎ᠠ᠃      ᠣᠨᠴᠠᠭᠠᠶᠢᠯᠠᠨ ᠵᠠᠷᠯᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ      2024 ᠣᠨ ᠤ 3 ᠰᠠᠷ᠎ᠠ ᠶᠢᠨ 26 ᠤ ᠡᠳᠦᠷ
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号