ᠡᠨᠡ ᠵᠢᠯ ᠮᠠᠨ ᠤ ᠣᠷᠣᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠨ᠎ᠠ
ᠨᠡᠶᠢᠲᠡᠯᠡᠭᠰᠡᠨ ᠴᠠᠭ᠄
2024/3/28
     ᠤᠰᠤ ᠠᠷᠪᠢᠯᠠᠬᠤ ᠠᠵᠢᠯᠯᠠᠭ᠎ᠠ ᠶᠢ ᠠᠬᠢᠭᠤᠯᠵᠤ ᠪᠦᠭᠦ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠨ ᠬᠡᠷᠡᠭᠯᠡᠬᠦ ᠠᠵᠢᠯ ᠤᠨ ᠲᠢᠩᠬᠢᠮ ᠤᠨ ᠬᠤᠭᠤᠷᠣᠨᠳᠣᠭᠢ ᠵᠣᠬᠢᠴᠠᠭᠤᠯᠬᠤ ᠲᠣᠭᠲᠠᠴᠠ ᠶᠢᠨ 2024 ᠣᠨ ᠤ ᠠᠵᠢᠯ ᠤᠨ ᠭᠤᠣᠯᠳᠠᠯᠭ᠎ᠠ︾ ᠶᠢ ᠳᠠᠷᠤᠮᠠᠯᠯᠠᠨ ᠲᠠᠷᠬᠠᠭᠠᠵᠤ᠂ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠪᠠᠶᠢᠷᠢᠯᠠᠭᠤᠯᠪᠠ᠃      ᠡᠨᠡ ᠬᠦ ᠳᠤᠯᠤᠭᠠᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠳᠤ᠂ ᠤᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ ᠴᠢᠩᠭᠠᠳᠬᠠᠨ ᠤᠰᠤᠨ ᠠᠰᠢᠭᠯᠠᠯᠲᠠ ᠶᠢᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠰᠤᠨ ᠤ ᠡᠬᠢ ᠪᠠᠶᠠᠯᠢᠭ ᠢ ᠨᠤᠲᠠᠯᠠᠵᠤ ᠬᠢᠨᠠᠨ ᠪᠠᠶᠢᠴᠠᠭᠠᠬᠤ ᠪᠠ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠨ᠂ ᠪᠦᠭᠦ ᠣᠷᠣᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠶᠢ 196.3 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠤᠨ ᠳᠣᠲᠣᠷ᠎ᠠ ᠬᠢᠵᠠᠭᠠᠷᠯᠠᠵᠤ᠂ ᠲᠦᠮᠡᠨ ᠲᠥᠭᠦᠷᠢᠭ ᠤᠨ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ ᠪᠡᠶᠡᠯᠡᠭᠦᠯᠬᠦ ᠪᠦᠷᠢ ᠳᠤ ᠬᠡᠷᠡᠭᠯᠡᠬᠦ ᠤᠰᠤᠨ ᠤ ᠬᠡᠮᠵᠢᠶ᠎ᠡ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠪᠡᠶᠡᠯᠡᠭᠦᠯᠬᠦ ᠪᠦᠷᠢ ᠳᠤ ᠬᠡᠷᠡᠭᠯᠡᠬᠦ ᠤᠰᠤᠨ  ᠤ ᠬᠡᠮᠵᠢᠶ᠎ᠡ ᠶᠢ ᠲᠣᠰ ᠲᠣᠰ 2020 ᠣᠨ ᠤ ᠬᠢ ᠠᠴᠠ 9% ᠪᠠ 10% ᠪᠠᠷ ᠪᠠᠭᠤᠷᠠᠭᠤᠯᠤᠨ᠎ᠠ᠃ ᠲᠠᠷᠢᠶᠠᠯᠠᠩ ᠳᠤ ᠬᠡᠷᠡᠭᠯᠡᠬᠦ ᠤᠰᠤ ᠶᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠶᠢ ᠰᠠᠶᠢᠲᠤᠷ ᠠᠳᠬᠤᠵᠤ᠂ ᠲᠣᠮᠣ ᠳᠤᠮᠳᠠ ᠭᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠶᠢᠨ ᠢᠨᠵᠧᠨᠧᠷᠢᠩ ᠢ ᠲᠦᠷᠭᠡᠳᠬᠡᠨ᠂ ᠪᠦᠭᠦ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ 6100 ᠲᠦᠮᠡᠨ ᠮᠦ ᠣᠷᠴᠢᠮ  ᠳᠤ ᠬᠦᠷᠭᠡᠵᠦ᠂ ᠲᠠᠷᠢᠶᠠᠨ ᠭᠠᠵᠠᠷ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ  ᠶᠢ 0.582 ᠳᠤ ᠭᠦᠷᠭᠡᠨ᠎ᠠ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠭᠠᠳᠠᠭᠰᠢᠯᠠᠭᠤᠯᠤᠯᠲᠠ ᠶᠢ ᠪᠠᠭᠠᠰᠬᠠᠬᠤ ᠠᠵᠢᠯ ᠢ ᠰᠠᠶᠢᠲᠤᠷ ᠬᠢᠵᠦ᠂ ᠬᠠᠭᠤᠴᠢᠨ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠤᠰᠤ ᠠᠷᠪᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠲᠠ ᠪᠠᠯᠭᠠᠰᠤ ᠶᠢᠨ ᠤᠰᠤ ᠠᠷᠪᠢᠯᠠᠵᠤ ᠰᠦᠢᠳᠦᠯ ᠢ ᠪᠠᠭᠠᠰᠬᠠᠬᠤ ᠶᠢ ᠠᠬᠢᠭᠤᠯᠵᠤ᠂ ᠤᠰᠤ ᠠᠷᠪᠢᠯᠠᠬᠤ ᠭᠡᠯᠪᠡᠷᠢ ᠶᠢᠨ ᠬᠤᠲᠠ ᠪᠠ ᠰᠢᠶᠠᠨ ᠤ ᠬᠡᠪᠴᠢᠶᠡᠨ ᠤ ᠤᠰᠤ ᠠᠷᠪᠢᠯᠠᠬᠤ ᠭᠡᠯᠪᠡᠷᠢ ᠶᠢᠨ ᠨᠡᠶᠢᠭᠡᠮ᠂ ᠣᠯᠠᠨ ᠨᠡᠶᠢᠲᠡ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ ᠵᠡᠷᠭᠡ ᠤᠰᠤ ᠠᠷᠪᠢᠯᠠᠬᠤ ᠠᠴᠢᠶᠠᠯᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠲᠤᠨ ᠭᠤᠣᠯ ᠤᠨ ᠰᠠᠪᠠ ᠭᠠᠵᠠᠷ  ᠤᠨ ᠡᠯ᠎ᠡ ᠠᠶᠢᠮᠠᠭ ᠬᠤᠲᠠ ᠶᠢᠨ 80% ᠠᠴᠠ ᠳᠡᠭᠡᠭᠰᠢᠬᠢ᠂ ᠪᠤᠰᠤᠳ ᠠᠶᠢᠮᠠᠭ ᠬᠤᠲᠠ ᠶᠢᠨ 65% ᠠᠴᠠ ᠳᠡᠭᠡᠭᠰᠢᠬᠢ ᠬᠤᠰᠢᠭᠤ ᠰᠢᠶᠠᠨ  ︵ᠬᠤᠲᠠ᠂ ᠲᠣᠭᠤᠷᠢᠭ︶ ᠢ ᠤᠰᠤ ᠠᠷᠪᠢᠯᠠᠬᠤ ᠭᠡᠯᠪᠡᠷᠢ ᠶᠢᠨ ᠨᠡᠶᠢᠭᠡᠮ ᠤᠨ ᠪᠠᠷᠢᠮᠵᠢᠶ᠎ᠠ  ᠳᠤ ᠭᠦᠷᠭᠡᠨ᠎ᠠ᠃ ᠭᠤᠣᠯᠳᠠᠯᠭ᠎ᠠ ᠲᠠᠢ ᠭᠠᠵᠠᠷ ᠣᠷᠣᠨ ᠤ ᠤᠰᠤ ᠠᠷᠪᠢᠯᠠᠵᠤ ᠡᠬᠢ ᠰᠤᠷᠪᠤᠯᠵᠢ ᠶᠢ ᠨᠡᠭᠡᠭᠡᠬᠦ ᠳᠤ ᠴᠢᠭᠯᠡᠭᠦᠯᠦᠨ ᠬᠡᠲᠦᠷᠡᠲᠡᠯ᠎ᠡ ᠤᠰᠤ ᠲᠠᠲᠠᠭᠰᠠᠨ ᠣᠷᠣᠨ ᠢ ᠶᠡᠷᠦᠩᠬᠡᠶᠢᠯᠡᠨ ᠵᠠᠰᠠᠬᠤ ᠲᠥᠰᠥᠯ ᠢ ᠲᠣᠭᠲᠠᠭᠠᠵᠤ᠂ ᠪᠣᠬᠢᠷ ᠤᠰᠤ ᠶᠢ ᠰᠢᠢᠳᠪᠦᠷᠢᠯᠡᠨ ᠠᠰᠢᠭᠯᠠᠬᠤ ᠢᠨᠵᠧᠨᠧᠷᠢᠩ ᠪᠠ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠬᠡᠪ ᠤᠨ ᠪᠤᠰᠤ ᠤᠰᠤᠨ ᠰᠤᠷᠪᠤᠯᠵᠢ ᠶᠢ ᠤᠰᠤᠨ ᠤ ᠡᠬᠢ ᠪᠠᠶᠠᠯᠢᠭ ᠲᠤ ᠣᠷᠣᠭᠤᠯᠤᠨ ᠨᠢᠭᠡᠳᠦᠯᠲᠡᠢ ᠲᠣᠬᠢᠷᠠᠭᠤᠯᠵᠤ᠂ ᠪᠦᠭᠦ ᠣᠷᠣᠨ ᠤ ᠬᠡᠪ ᠤᠨ ᠪᠤᠰᠤ ᠤᠰᠤᠨ ᠰᠤᠷᠪᠤᠯᠵᠢ ᠶᠢᠨ ᠠᠰᠢᠭᠯᠠᠯᠲᠠ ᠶᠢᠨ ᠬᠡᠮᠵᠢᠶ᠎ᠡ ᠶᠢ 6.6 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠠᠴᠠ ᠳᠣᠣᠷ᠎ᠠ ᠪᠠᠶᠢᠯᠭᠠᠬᠤ ᠦᠭᠡᠢ ᠪᠤᠯᠭᠠᠨ᠎ᠠ᠃ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠥᠷᠨᠢᠭᠦᠯᠵᠦ᠂ ᠥᠨᠳᠥᠷ ᠪᠦᠲᠦᠮᠵᠢᠲᠡᠶ ᠤᠰᠤ ᠠᠷᠪᠢᠯᠠᠬᠤ ᠮᠡᠷᠭᠡᠵᠢᠯ ᠤᠨ ᠲᠣᠨᠣᠭᠯᠠᠯ ᠵᠢᠴᠢ ᠤᠰᠤ ᠠᠷᠪᠢᠯᠠᠬᠤ ᠭᠡᠷᠡᠲᠦ ᠬᠠᠮᠢᠶᠠᠷᠤᠯᠲᠠ ᠶᠢᠨ ᠦᠢᠯᠡᠴᠢᠯᠡᠭᠡᠨ ᠤ ᠵᠠᠭᠪᠤᠷ ᠢ ᠳᠡᠯᠭᠡᠷᠡᠭᠦᠯᠬᠦ ᠡᠷᠴᠢᠮ ᠢ ᠴᠢᠩᠭᠠᠷᠠᠭᠤᠯᠤᠨ᠎ᠠ᠃ ᠤᠰᠤ ᠠᠷᠪᠢᠯᠠᠬᠤ ᠤᠬᠠᠭᠤᠯᠭ᠎ᠠ ᠶᠢ ᠴᠢᠩᠭᠠᠳᠬᠠᠨ᠂ ᠤᠰᠤ ᠠᠷᠪᠢᠯᠠᠭᠰᠠᠨ ᠨᠡᠶᠢᠲᠡᠯᠢᠭ ᠵᠢᠱᠢᠶ᠎ᠡ ᠶᠢ ᠳ᠋ᠦᠩᠨᠡᠨ ᠳᠡᠯᠭᠡᠷᠡᠭᠦᠯᠵᠦ  ︽ᠤᠰᠤ ᠠᠷᠪᠢᠯᠠᠬᠤ ᠵᠢᠭᠡᠯᠡᠯᠭᠡ︾ ᠶᠢᠨ ᠪᠡᠯᠡ ᠬᠤᠷᠠᠮᠳᠤᠭᠤᠯᠭ᠎ᠠ  ᠶᠢᠨ ᠦᠢᠯᠡᠴᠢᠯᠡᠭᠡ ᠶᠢ ᠳᠡᠯᠭᠡᠷᠡᠭᠦᠯᠦᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号