ᠬᠠᠩᠰᠢ ᠶᠢᠨ ᠳᠠᠭᠢᠯᠭ᠎ᠠ ᠶᠢᠨ ᠠᠮᠤᠷ ᠲᠦᠪᠰᠢᠨ ᠪᠣᠯᠪᠠᠰᠤᠨ ᠪᠠᠶᠢᠬᠤ ᠶᠢ ᠪᠠᠲᠤᠯᠠᠨ᠎ᠠ
ᠨᠡᠶᠢᠲᠡᠯᠡᠭᠰᠡᠨ ᠴᠠᠭ᠄
2024/3/28
     3 ᠰᠠᠷ᠎ᠠ ᠶᠢᠨ 27 ᠤ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠲᠠᠢ ᠬᠠᠮᠲᠤᠷᠠᠨ ᠬᠤᠷᠠᠯᠳᠤᠭᠤᠯᠤᠭᠰᠠᠨ ᠬᠠᠩᠰᠢ ᠶᠢᠨ ᠡᠳᠦᠷ ᠤᠨ ᠳᠠᠭᠢᠯᠭ᠎ᠠ ᠶᠢᠨ ᠠᠵᠢᠯ ᠤᠨ ᠪᠣᠯᠪᠠᠰᠤᠷᠠᠯ ᠤᠨ ᠬᠤᠷᠠᠯ  ᠠᠴᠠ ᠣᠶᠢᠯᠠᠭᠠᠭᠰᠠᠨ ᠢᠶᠠᠷ᠂ ᠬᠤᠷᠠᠯ ᠠᠴᠠ ᠡᠯ᠎ᠡ ᠱᠠᠲᠤᠨ ᠤ ᠠᠷᠠᠳ ᠤᠨ ᠶᠠᠪᠤᠳᠠᠯ᠂ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠬᠢᠵᠦ᠂ ᠳᠠᠭᠢᠯᠭ᠎ᠠ ᠶᠢᠨ ᠠᠵᠢᠯ ᠤᠨ ᠠᠮᠤᠷ ᠲᠦᠪᠰᠢᠨ ᠡᠮᠬᠢ ᠵᠢᠷᠤᠮ ᠲᠠᠢ᠂ ᠪᠣᠬᠢᠷᠳᠤᠯ ᠦᠭᠡᠢ ᠪᠣᠯᠪᠠᠰᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠠᠩᠰᠢ ᠶᠢᠨ ᠡᠳᠦᠷ ᠪᠣᠯ ᠳᠤᠮᠳᠠᠳᠤ ᠶᠢᠨ ᠦᠨᠳᠦᠰᠦᠲᠡᠨ ᠤ ᠠᠴᠢᠯᠠᠯ ᠤᠨ ᠶᠣᠰᠣ ᠶᠢ ᠪᠠᠳᠠᠷᠠᠭᠤᠯᠤᠨ᠂ ᠲᠥᠷᠥᠯ ᠰᠠᠳᠤᠨ ᠢᠶᠠᠨ ᠮᠥᠷᠥᠭᠡᠳᠦᠨ ᠰᠠᠨᠠᠭᠠᠯᠵᠠᠬᠤ ᠤᠯᠠᠮᠵᠢᠯᠠᠯᠲᠤ ᠳᠤᠷᠠᠰᠬᠠᠯ ᠤᠨ ᠡᠳᠦᠷ ᠪᠣᠯᠣᠨ᠎ᠠ᠂ ᠮᠥᠨ ᠴᠣ᠋ ᠳᠠᠭᠢᠯᠭ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠬᠢᠷᠢ ᠲᠦᠪᠰᠢᠨ ᠢ ᠰᠢᠯᠭᠠᠨ ᠪᠠᠶᠢᠴᠠᠭᠠᠬᠤ᠂ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠤᠬᠠᠭᠤᠯᠬᠤ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠢ ᠰᠠᠶᠢᠲᠤᠷ ᠠᠳᠬᠤᠬᠤ ᠵᠠᠩᠭᠢᠯᠠᠭ᠎ᠠ ᠶᠢᠨ ᠴᠠᠭ ᠬᠤᠭᠤᠴᠠᠭ᠎ᠠ ᠪᠣᠯᠣᠨ᠎ᠠ᠃ ᠬᠤᠷᠠᠯ ᠠᠴᠠ᠂ ᠤᠷᠢᠳᠴᠢᠯᠠᠨ ᠰᠡᠷᠭᠡᠶᠢᠯᠡᠬᠦ ᠶᠢ ᠲᠡᠷᠢᠭᠦᠨ ᠳᠤ ᠲᠠᠯᠪᠢᠵᠤ᠂ ᠳᠠᠭᠢᠯᠭ᠎ᠠ ᠶᠢᠨ ᠠᠮᠤᠷ ᠲᠦᠪᠰᠢᠨ ᠤ ᠭᠡᠮ ᠰᠣᠭᠤᠭ ᠢ ᠳᠠᠷᠠᠭᠠᠯᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠪᠦᠭᠦ ᠲᠠᠯ᠎ᠠ ᠪᠠᠷ ᠥᠷᠨᠢᠭᠦᠯᠵᠦ᠂ ᠭᠠᠯ ᠤᠨ ᠠᠶᠤᠯ᠂ ᠭᠢᠰᠬᠢᠯᠴᠡᠬᠦ᠂ ᠵᠠᠮ ᠬᠠᠷᠢᠯᠴᠠᠭᠠᠨ ᠤ ᠠᠳᠡᠯ ᠵᠡᠷᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ᠂ ᠣᠯᠠᠨ ᠲᠦᠮᠡᠨ ᠤ ᠪᠡᠶ᠎ᠡ ᠮᠠᠬᠠᠪᠤᠳ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠭᠡᠷᠡᠭᠲᠡᠢ;ᠣᠷᠣᠰᠢᠭᠤᠯᠭ᠎ᠠ ᠶᠢᠨ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠦᠢᠯᠡᠴᠢᠯᠡᠭᠡᠨ ᠤ ᠴᠡᠭ᠂ ᠠᠷᠠᠳ ᠲᠤ ᠲᠥᠭᠦᠮ ᠦᠵᠡᠭᠦᠯᠭᠦ ᠴᠣᠩᠬᠤ᠂ ᠲᠠᠭᠢᠯᠭ᠎ᠠ ᠶᠢᠨ ᠲᠤᠰᠬᠠᠢ ᠵᠠᠮ ᠱᠤᠭᠤᠮ᠂ ᠲᠠᠭᠢᠯᠭ᠎ᠠ ᠶᠢᠨ ᠲᠤᠰᠬᠠᠢ ᠣᠷᠣᠨ ᠢ ᠵᠣᠬᠢᠰᠲᠠᠢ ᠨᠡᠮᠡᠨ ᠪᠠᠶᠢᠭᠤᠯᠵᠤ᠂ ᠠᠳᠠᠯᠢ ᠪᠤᠰᠤ ᠬᠠᠮᠲᠤ ᠨᠡᠶᠢᠲᠡ ᠣᠨᠴᠠᠭᠠᠶᠢᠯᠠᠨ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠᠭᠠᠢ ᠪᠠᠶᠢᠳᠠᠯ ᠢ ᠭᠦᠢᠴᠡᠳ ᠪᠣᠳᠣᠯᠬᠢᠯᠠᠨ᠂ ᠪᠣᠬᠢᠷᠳᠤᠯ ᠦᠭᠡᠢ ᠳᠥᠭᠦᠮ ᠳᠥᠲᠡ ᠨᠡᠪᠲᠡᠷᠡᠬᠦ ᠵᠠᠮ ᠭᠠᠷᠭᠠᠵᠤ᠂ ᠰᠠᠭᠠᠳ ᠦᠭᠡᠢ ᠨᠡᠪᠲᠡᠷᠡᠬᠦ ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠭᠦ ᠭᠡᠷᠡᠭᠲᠡᠢ;  ᠵᠠᠩ ᠳᠠᠳᠬᠠᠯ ᠢ ᠥᠭᠡᠷᠡᠴᠢᠯᠡᠬᠦ ᠶᠢ ᠪᠠᠷᠢᠮᠲᠠᠯᠠᠵᠤ᠂ ᠨᠠᠩ ᠣᠯᠠᠨ ᠣᠯᠠᠨ ᠲᠦᠮᠡᠨ ᠤ ᠭᠠᠵᠠᠷ ᠠᠷᠪᠢᠯᠠᠵᠤ ᠠᠮᠢ ᠠᠬᠤᠢ ᠶᠢᠨ ᠣᠷᠣᠰᠢᠭᠤᠯᠭ᠎ᠠ ᠶᠢᠨ ᠠᠷᠭ᠎ᠠ ᠮᠠᠶ᠋ᠢᠭ ᠢ ᠰᠣᠩᠭᠤᠬᠤ ᠶᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠰᠣᠷᠭᠤᠭ ᠴᠡᠴᠡᠭ ᠬᠦᠷᠭᠡᠬᠦ᠂ ᠨᠣᠭᠤᠭᠠᠷᠠᠭᠤᠯᠵᠤ ᠮᠣᠳᠣ ᠳᠠᠷᠢᠬᠤ᠂ ᠬᠠᠮᠲᠤ ᠪᠠᠷ ᠲᠠᠭᠢᠬᠤ᠂ ᠭᠡᠷ ᠪᠦᠯᠢ ᠪᠠᠷ ᠢᠶᠠᠨ ᠰᠠᠨᠠᠭᠠᠯᠵᠠᠬᠤ ᠵᠡᠷᠭᠡ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠣᠯᠪᠠᠰᠤᠨ ᠠᠷᠭ᠎ᠠ ᠮᠠᠶ᠋ᠢᠭ ᠢ ᠶᠡᠬᠡᠪᠡᠷ ᠳᠡᠯᠭᠡᠷᠡᠭᠦᠯᠵᠦ᠂ ︽ᠰᠣᠷᠭᠤᠭ ᠴᠡᠴᠡᠭ ᠢᠶᠠᠷ ᠴᠠᠭᠠᠰᠤᠨ ᠵᠣᠭᠤᠰ ᠢ ᠣᠷᠣᠯᠠᠭᠤᠯᠵᠤ︾᠂ ︽ᠲᠣᠷᠭᠠᠨ ᠪᠦᠴᠡ ᠪᠠᠷ ᠭᠠᠰᠢᠭᠤᠳᠠᠯ ᠢᠶᠠᠨ ᠢᠯᠡᠭᠡᠬᠦ︾ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠩ ᠳᠠᠳᠬᠠᠯ ᠢ ᠥᠭᠡᠷᠡᠴᠢᠯᠡᠬᠦ ᠰᠢᠨ᠎ᠡ ᠬᠡᠪ ᠰᠤᠷᠲᠠᠯ ᠢ ᠰᠠᠨᠠᠭᠠᠴᠢᠯᠠᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号