ᠦᠴᠦᠸᠠᠨ ᠰᠢᠶᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠵᠠᠭᠪᠤᠷ ᠢ ᠭᠦᠨᠵᠡᠭᠡᠶᠢᠷᠡᠭᠦᠯᠵᠦ ᠨᠠᠰᠤᠲᠠᠶᠢᠴᠤᠳ ᠤᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2024/3/29
     ᠡᠳᠦᠷ ᠢᠷᠡᠬᠦᠶ᠎ᠡ ᠬᠡᠴᠡᠭᠦᠳᠡᠵᠦ ᠪᠠᠶᠢᠭ᠎ᠠ ᠬᠥᠮᠥᠨ ᠠᠮᠠ ᠶᠢᠨ ᠨᠠᠰᠤᠵᠢᠯᠲᠠ ᠶᠢᠨ ᠥᠷᠢᠰᠦᠯᠳᠦᠭᠡᠨ ᠤ ᠡᠮᠦᠨ᠎ᠡ᠂ ᠥᠪᠥᠷ ᠮᠣᠩᠭᠤᠯ ᠤᠨ ᠬᠥᠬᠡᠬᠤᠲᠠ ᠶᠢᠨ ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠤᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠳᠠᠭᠠᠵᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠢᠷᠢ ᠲᠦᠪᠰᠢᠨ ᠲᠠᠢ ᠵᠣᠬᠢᠴᠠᠭᠰᠠᠨ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠭᠰᠠᠨ ᠴᠢᠨᠠᠷ ᠰᠠᠶᠢᠲᠠᠢ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠴᠢᠷᠮᠠᠶᠢᠨ ᠪᠣᠶ ᠪᠣᠯᠭᠠᠨ᠎ᠠ᠃      ᠪᠥᠬᠦ ᠰᠢᠶᠠᠨ ᠤ ᠰᠠᠭᠤᠭᠠᠯᠢ ᠠᠷᠠᠳ ᠤᠨ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠨ᠎ᠡ᠃ ᠦᠴᠦᠸᠠᠨ ᠰᠢᠶᠠᠨ ᠤ ᠬᠢᠨ ᠰᠢᠶᠠᠨ ᠰᠢᠶᠠᠩ ᠲᠣᠰᠬᠤᠨ ᠤ ᠭᠡᠷᠡᠲᠦ ᠡᠮᠴᠢ ᠶᠢᠨ ᠪᠦᠯᠬᠦᠮ ᠢᠶᠠᠷ ᠪᠦᠷᠢᠯᠳᠦᠭᠰᠡᠨ ᠦᠢᠯᠡᠴᠢᠯᠡᠭᠡᠨ ᠤ ᠲᠣᠣᠷ ᠢ ᠪᠠᠶᠢᠭᠤᠯᠵᠤ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠣᠨ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢᠶᠠᠷ ᠭᠤᠣᠯ ᠴᠣᠭᠴᠠ ᠪᠣᠯᠭᠠᠵᠤ᠂ ᠭᠡᠷ ᠪᠦᠯᠢ ᠶᠢᠨ ᠡᠮᠴᠢ ᠶᠢᠨ ᠭᠡᠷᠡᠲᠦ ᠦᠢᠯᠡᠴᠢᠯᠡᠭᠡ ᠶᠢ ᠭᠦᠨᠵᠡᠭᠡᠢ ᠠᠬᠢᠭᠤᠯᠪᠠ᠃ ᠭᠤᠣᠯᠳᠠᠯᠭ᠎ᠠ ᠲᠠᠢ ᠬᠥᠮᠥᠰ ᠤᠨ ᠭᠡᠷ᠎ᠡ ᠲᠣᠭᠲᠠᠭᠰᠠᠨ ᠨᠣᠷᠮ᠎ᠠ ᠶᠢ 100% ᠳᠤ ᠬᠦᠷᠭᠡᠵᠦ᠂ ᠪᠠᠶᠢᠩᠭᠤ ᠰᠠᠭᠤᠭ᠎ᠠ ᠬᠥᠮᠥᠨ ᠠᠮᠠ ᠶᠢᠨ ᠭᠡᠷ᠎ᠡ ᠲᠣᠭᠲᠠᠭᠰᠠᠨ ᠦᠢᠯᠡᠴᠢᠯᠡᠭᠡ ᠶᠢ ᠪᠦᠷᠢᠨ ᠪᠦᠷᠬᠦᠭᠦᠯᠬᠦ ᠳᠠᠰᠢ ᠠᠬᠢᠭᠤᠯᠵᠤ ᠪᠠᠶᠢᠨ᠎ᠠ᠃ ᠢᠯᠠᠩᠭᠤᠶ᠎ᠠ ᠥᠨᠥᠴᠢᠨ ᠪᠡᠯᠪᠡᠰᠦᠨ᠂ ᠭᠡᠷ ᠲᠡᠭᠡᠨ ᠬᠤᠴᠣᠷᠤᠭᠰᠠᠨ ᠨᠠᠰᠤᠲᠠᠨ ᠵᠡᠷᠭᠡ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠲᠡᠳᠡᠨ ᠳᠤ ᠶᠡᠷᠦᠩᠬᠡᠶᠢᠯᠡᠭᠰᠡᠨ᠂ ᠦᠷᠭᠦᠯᠵᠢᠯᠡᠭᠰᠡᠨ᠂ ᠳᠥᠭᠦᠮ ᠳᠥᠲᠡ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡ ᠬᠠᠩᠭᠠᠭᠰᠠᠨ ᠪᠠᠶᠢᠨ᠎ᠠ᠃      ᠡᠮᠴᠢᠯᠡᠭᠡᠨ ᠤ ᠪᠠᠶᠢᠭᠤᠯᠤᠮᠵᠢ ᠬᠢᠭᠡᠳ ᠨᠠᠰᠤᠵᠢᠯ ᠤᠨ ᠪᠠᠶᠢᠭᠤᠯᠤᠮᠵᠢ ᠶᠢᠨ ᠭᠡᠷ᠎ᠡ ᠲᠣᠭᠲᠠᠨ ᠦᠢᠯᠡᠴᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠨ᠎ᠠ᠃ ᠣᠳᠣᠬᠠᠨ ᠳᠤ᠂ ᠦᠴᠦᠸᠠᠨ ᠰᠢᠶᠠᠨ ᠳᠤ ᠨᠡᠶᠢᠲᠡ 3 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠲᠠᠢ᠂ ᠡᠭᠦᠨ ᠳᠤ ᠰᠢᠶᠠᠨ ᠤ ᠭᠤᠸᠠᠩ ᠷᠥᠩ ᠬᠦᠷᠢᠶᠡᠯᠡᠩ ᠨᠢ ᠰᠢᠭᠢᠳᠬᠡᠯ ᠮᠠᠶ᠋ᠢᠭ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠣᠯᠣᠨ᠎ᠠ᠃ ᠶᠢᠨ ᠳ᠋ᠢᠩ ᠵᠧ ᠷᠧᠨ ᠶᠤᠸᠠᠨ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠶᠢ ᠬᠠᠷᠢᠶ᠎ᠠ ᠭᠠᠵᠠᠷ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠦᠷᠳᠡᠭᠡ ᠲᠠᠢ ᠬᠥᠷᠰᠢᠯᠡᠨ ᠪᠠᠶᠢᠭᠤᠯᠤᠭᠰᠠᠨ ᠪᠥᠭᠡᠳ ᠬᠠᠭᠤᠴᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠵᠥᠪᠯᠡᠯᠴᠡᠭᠡᠷ ᠲᠣᠭᠲᠠᠵᠠᠢ᠃ 2023 ᠣᠨ ᠳᠤ᠂ ᠦᠴᠦᠸᠠᠨ ᠰᠢᠶᠠᠨ ᠤ ᠬᠢᠨ 760 ᠲᠦᠮᠡᠨ ᠲᠥᠭᠦᠷᠢᠭ ᠤᠨ ᠥᠭᠡᠷᠡᠴᠢᠯᠡᠯᠲᠡ ᠶᠢᠨ ᠪᠡᠯᠡ ᠮᠥᠩᠭᠦ ᠣᠷᠣᠭᠤᠯᠵᠤ᠂ ᠬᠤᠭᠤᠯᠠᠢ ᠠᠭᠤᠯᠠ ᠰᠢᠶᠠᠩ ᠤᠨ ᠳ᠋ᠠ ᠳ᠋ᠧᠦ ᠫᠦ᠋ ᠲᠣᠰᠬᠤᠨ ᠳᠤ ᠠᠩᠬᠠᠳᠠᠭᠴᠢ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠡᠮᠨᠡᠯᠭᠡ ᠶᠢᠨ ᠬᠤᠷᠢᠶᠠᠨ ᠳᠤ ᠪᠠᠶᠢᠭ᠎ᠠ ᠨᠠᠰᠤᠲᠠᠶᠢᠴᠤᠳ ᠲᠤ ᠡᠷᠡᠭᠦᠯᠵᠢᠭᠦᠯᠬᠦ ᠹᠢᠽᠢᠺ ᠵᠠᠰᠠᠯ᠂ ᠡᠷᠡᠭᠦᠯᠵᠢᠯ ᠰᠤᠪᠢᠯᠠᠯᠲᠠ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠪᠠᠰᠠ ᠡᠷᠬᠢᠨ ᠲᠣᠭᠤᠷᠢᠨ ᠤ 5 ᠵᠠᠰᠠᠭ ᠵᠠᠬᠢᠷᠭᠠᠨ ᠤ ᠲᠣᠰᠬᠤᠨ᠂ 52 ᠠᠶᠢᠯ ᠲᠣᠰᠬᠤᠨ ᠤ 60 ᠨᠠᠰᠤᠨ ᠠᠴᠠ ᠳᠡᠭᠡᠭᠰᠢᠬᠢ 815 ᠨᠠᠰᠤᠲᠠᠶᠢᠴᠤᠳ ᠲᠤ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ᠂ ᠭᠡᠷ ᠪᠦᠯᠢ ᠶᠢᠨ ᠲᠣᠭᠤᠷᠢᠨ ᠡᠮᠴᠢᠯᠡᠭᠡ᠂ ᠡᠷᠡᠭᠦᠯ ᠮᠡᠨᠳᠦ ᠶᠢᠨ ᠬᠢᠨᠠᠨ ᠬᠡᠮᠵᠢᠯᠲᠡ᠂ ᠡᠷᠡᠭᠦᠯ ᠮᠡᠨᠳᠦ ᠶᠢᠨ ᠬᠠᠮᠢᠶᠠᠷᠤᠯᠲᠠ ᠵᠡᠷᠭᠡ ᠡᠮᠴᠢᠯᠡᠭᠡ ᠡᠷᠡᠭᠦᠯᠵᠢᠯ ᠰᠤᠪᠢᠯᠠᠯᠲᠠ ᠶᠢᠨ ᠦᠢᠯᠡᠴᠢᠯᠡᠭᠡ ᠬᠠᠩᠭᠠᠪᠠ᠃      ᠡᠭᠦᠨ ᠠᠴᠠ ᠭᠠᠳᠠᠨ᠎ᠠ᠂ ᠦᠴᠦᠸᠠᠨ ᠰᠢᠶᠠᠨ ᠪᠠᠰᠠ ᠬᠤᠲᠠ ᠬᠥᠳᠡᠭᠡ ᠶᠢᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠪᠠ᠃ 2023 ᠣᠨ ᠳᠤ᠂ ᠨᠠᠰᠤᠲᠠᠨ ᠢ ᠠᠰᠠᠷᠠᠬᠤ ᠬᠦᠷᠢᠶᠡᠯᠡᠩ᠂ ᠰᠢᠩ ᠹᠦ᠋ ᠬᠦᠷᠢᠶᠡᠯᠡᠩ ᠬᠢᠭᠡᠳ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠥᠷᠰᠢ ᠵᠡᠷᠭᠡᠯᠡᠳᠡᠭᠡ ᠶᠢᠨ ᠳᠠᠪᠠᠭᠤᠯᠢᠭ ᠲᠤ ᠲᠦᠰᠢᠭᠯᠡᠨ᠂ ᠰᠢᠶᠠᠩ ᠪᠠᠯᠭᠠᠰᠤᠨ ᠤ ᠱᠠᠲᠤᠨ ᠤ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ 4᠂ ᠲᠣᠰᠬᠤᠨ ᠤ ᠱᠠᠲᠤᠨ ᠤ ᠨᠠᠰᠤᠲᠠᠨ ᠢ ᠠᠰᠠᠷᠠᠬᠤ ᠦᠢᠯᠡᠴᠢᠯᠡᠭᠡᠨ ᠤ ᠥᠷᠲᠡᠭᠡ 15᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠨ ᠢ ᠠᠰᠠᠷᠠᠬᠤ ᠦᠢᠯᠡᠴᠢᠯᠡᠭᠡᠨ ᠤ ᠲᠥᠪ 5 ᠪᠠᠶᠢᠭᠤᠯᠵᠠᠢ᠃ ᠡᠭᠦᠨ ᠤ ᠰᠠᠭᠤᠷᠢᠨ ᠳᠡᠭᠡᠷ᠎ᠡ᠂ ᠡᠮᠴᠢᠯᠡᠭᠡ ᠬᠢᠭᠡᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠤ ᠡᠪᠡᠳᠴᠢᠨ ᠦᠵᠡᠭᠦᠯᠬᠦ ᠪᠠ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠢ ᠳᠤᠨᠢ ᠳᠥᠭᠦᠮ ᠳᠥᠲᠡ ᠬᠠᠩᠭᠠᠬᠤ ᠶᠢ ᠦᠨᠡᠨ ᠬᠦ ᠪᠠᠲᠤᠯᠠᠪᠠ᠃      ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠦᠢᠯᠡᠴᠢᠯᠡᠭᠡᠨ ᠤ ᠲᠥᠪ ᠤᠨ ᠰᠢᠨ᠎ᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠬᠤ ᠪᠠᠷ ᠲᠥᠯᠥᠪᠯᠡᠵᠦ᠂ 1100 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠪᠠᠷᠠᠭᠤᠨ ᠤᠯᠠᠭᠠᠨᠪᠤᠯᠠᠭ ᠪᠠᠯᠭᠠᠰᠤᠨ ᠤ ᠡᠷᠡᠭᠦᠯ ᠬᠠᠮᠠᠭᠠᠯᠠᠯ ᠤᠨ ᠲᠥᠪ ᠬᠤᠷᠢᠶ᠎ᠠ ᠶᠢ ᠰᠢᠶᠠᠨ ᠤ ᠬᠡᠪᠴᠢᠶᠡᠨ ᠤ ᠬᠡᠰᠡᠭ ᠲᠣᠭᠤᠷᠢᠭ ᠤᠨ ᠡᠮᠴᠢᠯᠡᠭᠡᠨ ᠤ ᠠᠪᠤᠷᠠᠨ ᠵᠠᠰᠠᠬᠤ ᠳᠡᠳ᠋ ᠲᠥᠪ ᠪᠠ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠦᠢᠯᠡᠴᠢᠯᠡᠭᠡᠨ ᠤ ᠲᠥᠪ ᠪᠣᠯᠭᠠᠬᠤ ᠪᠠᠷ ᠲᠥᠯᠥᠪᠯᠡᠵᠦ ᠪᠣᠶ᠃ ᠡᠭᠦᠨ ᠤ ᠬᠠᠮᠲᠤ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠠᠵᠢᠯ ᠤᠨ ᠳᠤᠮᠳᠠᠬᠢ ᠬᠦᠴᠢᠷᠳᠡᠯ ᠲᠠᠢ ᠠᠰᠠᠭᠤᠳᠠᠯ ᠢ ᠢᠳᠡᠪᠬᠢᠲᠡᠢ ᠰᠤᠳᠤᠯᠤᠨ ᠰᠢᠢᠳᠪᠦᠷᠢᠯᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠨ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠤᠨ᠎ᠠ᠃      ᠦᠴᠦᠸᠠᠨ ᠰᠢᠶᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠨᠢ ᠨᠠᠰᠤᠲᠠᠶᠢᠴᠤᠳ ᠤᠨ ᠡᠷᠡᠭᠦᠯ ᠮᠡᠨᠳᠦ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠰᠢᠰᠲ᠋ᠧᠮ ᠤᠨ ᠲᠠᠰᠤᠷᠠᠯᠲᠠ ᠦᠭᠡᠢ ᠲᠡᠭᠦᠯᠳᠡᠷᠵᠢᠬᠦ ᠶᠢ ᠳᠠᠭᠠᠯᠳᠤᠨ᠂ ᠦᠴᠦᠸᠠᠨ ᠰᠢᠶᠠᠨ ᠤ ᠨᠠᠰᠤᠲᠠᠶᠢᠴᠤᠳ ᠤᠨ ᠬᠠᠮᠲᠤᠯᠢᠭ ᠨᠠᠩ ᠳᠥᠭᠦᠮ ᠳᠥᠲᠡ ᠦᠢᠯᠡᠴᠢᠯᠡᠭᠡ ᠶᠢ ᠭᠥᠷᠳᠡᠵᠦ᠂ ᠠᠮᠢᠳᠤᠷᠠᠯ ᠤᠨ ᠴᠢᠨᠠᠷ ᠴᠢᠨᠰᠠᠭ᠎ᠠ ᠪᠣᠯᠣᠨ ᠵᠣᠯ ᠵᠢᠷᠭᠠᠯ ᠤᠨ ᠵᠢᠭᠠᠯᠲᠠ ᠲᠤᠭ᠎ᠠ ᠢᠯᠡᠳᠲᠡ ᠳᠡᠭᠡᠭᠰᠢᠯᠡᠬᠦ ᠪᠣᠯᠣᠨ᠎ᠠ᠃ ︵ᠯᠢ ᠯᠢ ᠴᠢᠶᠦ᠋ᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号